ᠰᠤᠷᠪᠤᠯᠵᠢᠯᠠᠬᠴᠢ 1 ᠰᠠᠷ᠎ᠠ ᠶᠢᠨ 2 ᠤᠨ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ | ᠣᠶᠢᠯᠠᠭᠠᠭᠰᠠᠨ ᠢᠶᠠᠷ᠂ ᠬᠥᠳᠡᠭᠡ ᠲᠣᠰᠬᠤᠨ ᠤ ᠠᠶᠠᠨᠴᠢᠳ ᠤᠨ ᠵᠥᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠰᠢᠤᠳᠠᠨ ᠤ | ᠲᠦᠷᠭᠡᠨ ᠬᠦᠷᠭᠡᠯᠲᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠮᠠᠨ ᠤ ᠤᠯᠤᠰ | ᠬᠥᠳᠡᠭᠡ ᠲᠣᠰᠬᠤᠨ ᠤ ᠠᠶᠠᠨᠴᠢᠳ ᠤᠨ ᠮᠠᠰᠢᠨ ᠰᠢᠤᠳᠠᠨ ᠤ ᠵᠦᠢᠯ ᠲᠦᠷᠭᠡᠨ ᠬᠦᠷᠭᠡᠯᠲᠡ ᠶᠢᠨ ᠵᠦᠢᠯ ᠢ ᠣᠷᠣᠯᠠᠨ | ᠲᠡᠭᠡᠭᠡᠪᠦᠷᠢᠯᠡᠬᠦ ᠶᠢ ᠳᠡᠯᠭᠡᠷᠡᠭᠦᠯᠬᠦ ᠪᠠᠷ ᠪᠠᠶᠢᠨ᠎ᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠬᠥᠳᠡᠭᠡ ᠲᠣᠰᠬᠤᠨ ᠤ ᠠᠶᠠᠨᠴᠢᠳ ᠤᠨ ᠮᠠᠰᠢᠨ ᠰᠢᠤᠳᠠᠨ ᠤ ᠵᠦᠢᠯ ᠲᠦᠷᠭᠡᠨ | ᠬᠦᠷᠭᠡᠯᠲᠡ ᠶᠢᠨ ᠵᠦᠢᠯ ᠢ ᠣᠷᠣᠯᠠᠨ ᠲᠡᠭᠡᠭᠡᠪᠦᠷᠢᠯᠡᠬᠦ ᠶᠢ ᠳᠡᠯᠭᠡᠷᠡᠭᠦᠯᠬᠦ ᠨᠢ ᠬᠥᠳᠡᠭᠡ ᠲᠣᠰᠬᠤᠨ ᠤ ᠠᠶᠠᠨᠴᠢᠳ ᠤᠨ | ᠵᠥᠭᠡᠭᠡᠪᠦᠷᠢ ᠶᠢᠨ ᠲᠣᠣᠷ ᠰᠦᠯᠵᠢᠶᠡᠨ ᠤ ᠪᠦᠷᠬᠦᠴᠡ ᠶᠢ ᠭᠦᠢᠴᠡᠳ ᠪᠠᠳᠠᠷᠠᠭᠤᠯᠵᠤ᠂ ᠬᠤᠲᠠ ᠬᠥᠳᠡᠭᠡ ᠶᠢᠨ | ᠠᠶᠠᠨᠴᠢᠳ ᠤᠨ ᠵᠥᠭᠡᠭᠡᠪᠦᠷᠢ ᠶᠢᠨ ᠠᠵᠤ ᠠᠬᠤᠶᠢᠯᠠᠯ᠂ ᠨᠡᠶᠢᠲᠡ ᠶᠢᠨ ᠮᠠᠰᠢᠨ ᠲᠡᠷᠭᠡᠨ ᠤ ᠠᠵᠤ ᠠᠬᠤᠶᠢᠯᠠᠯ ᠤᠨ | ᠬᠤᠲᠠ ᠬᠥᠳᠡᠭᠡ ᠶᠢᠨ ᠠᠶᠠᠨᠴᠢᠳ ᠤᠨ ᠵᠥᠭᠡᠭᠡᠪᠦᠷᠢ ᠶᠢᠨ ᠱᠤᠭᠤᠮ ᠳᠤ ᠲᠦᠰᠢᠭᠯᠡᠨ᠂ ᠲᠡᠷᠭᠡ ᠬᠥᠰᠬᠡ ᠶᠢᠨ | ᠡᠭᠡᠯᠵᠢ ᠪᠠᠨ ᠰᠢᠯᠢᠳᠡᠭᠵᠢᠭᠦᠯᠬᠦ ᠪᠠ ᠵᠣᠬᠰᠣᠬᠤ ᠥᠷᠲᠡᠭᠡ ᠪᠠᠨ ᠵᠣᠬᠢᠰᠲᠠᠢ ᠲᠣᠬᠢᠷᠠᠭᠤᠯᠵᠤ᠂ ᠰᠢᠶᠠᠨ ᠠᠴᠠ ᠡᠯ᠎ᠡ | ᠪᠠᠯᠭᠠᠰᠤ ᠲᠣᠰᠬᠤᠨ ᠳᠤ ᠬᠦᠷᠬᠦ᠂ ᠰᠢᠶᠠᠩ ᠪᠠᠯᠭᠠᠰᠤ ᠠᠴᠠ ᠡᠯ᠎ᠡ ᠲᠣᠰᠬᠤᠨ ᠬᠦᠷᠲᠡᠯᠡᠬᠢ ᠬᠥᠳᠡᠭᠡ ᠲᠣᠰᠬᠤᠨ ᠤ | ᠠᠶᠠᠨᠴᠢᠳ ᠤᠨ᠂ ᠪᠠᠷᠠᠭᠠᠨ ᠤ᠂ ᠰᠢᠤᠳᠠᠨ ᠤ ᠵᠥᠭᠡᠭᠡᠪᠦᠷᠢ ᠶᠢᠨ ᠬᠤᠷᠰᠢᠭᠰᠠᠨ ᠵᠠᠮ ᠱᠤᠭᠤᠮ ᠢ ᠨᠡᠭᠡᠭᠡᠬᠦ ᠶᠢ | ᠵᠢᠯᠣᠭᠤᠳᠤᠨ᠂ ᠲᠡᠷᠭᠡᠨ ᠤ ᠪᠣᠭᠤᠳᠠᠯ ᠳᠠᠯᠪᠢᠬᠤ ᠭᠠᠵᠠᠷ᠂ ᠲᠡᠷᠭᠡᠨ ᠳᠣᠲᠣᠷᠠᠬᠢ ᠡᠳ᠋ ᠪᠣᠳᠠᠰ ᠬᠠᠳᠠᠭᠠᠯᠠᠬᠤ ᠭᠠᠵᠠᠷ | ᠵᠡᠷᠭᠡ ᠶᠢ ᠭᠦᠢᠴᠡᠳ ᠠᠰᠢᠭᠯᠠᠵᠤ᠂ ᠣᠷᠣᠯᠠᠨ ᠲᠡᠭᠡᠭᠡᠪᠦᠷᠢᠯᠡᠬᠦ ᠡᠳ᠋ ᠪᠣᠳᠠᠰ ᠢ ᠲᠦᠷᠭᠡᠨ ᠬᠦᠷᠭᠡᠬᠦ ᠶᠢ ᠪᠠᠲᠤᠯᠠᠬᠤ | ᠪᠣᠯᠣᠨ᠎ᠠ᠃ | ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠳᠡᠭᠡ ᠠᠵᠤ | ᠠᠬᠤᠢ ᠬᠥᠳᠡᠭᠡ ᠲᠤᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠰᠢᠤᠳᠠᠨ ᠤ | ᠲᠣᠪᠴᠢᠶ᠎ᠠ᠂ ᠪᠦᠭᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ᠂ ᠳᠤᠮᠳᠠᠳᠤ ᠤᠯᠤᠰ ᠤᠨ | ᠰᠢᠤᠳᠠᠨ ᠤ ᠪᠦᠯᠦᠭᠯᠡᠯ ᠤᠨ ᠬᠢᠨ ᠬᠥᠳᠡᠭᠡ ᠲᠣᠰᠬᠤᠨ ᠤ ᠠᠶᠠᠨᠴᠢᠳ ᠤᠨ᠂ ᠪᠠᠷᠠᠭᠠᠨ ᠤ᠂ ᠰᠢᠤᠳᠠᠨ ᠤ ᠵᠥᠭᠡᠭᠡᠪᠦᠷᠢ | ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ ᠢ ᠢᠯᠡ ᠪᠠᠷ | ᠨᠡᠶᠢᠲᠡᠯᠡᠪᠡ᠃ ᠬᠥᠳᠡᠭᠡ ᠲᠣᠰᠬᠤᠨ ᠤ ᠠᠶᠠᠨᠴᠢᠳ ᠤᠨ ᠮᠠᠰᠢᠨ ᠰᠢᠤᠳᠠᠨ ᠤ ᠵᠦᠢᠯ ᠲᠦᠷᠭᠡᠨ ᠬᠦᠷᠭᠡᠯᠲᠡ ᠶᠢᠨ | ᠵᠦᠢᠯ ᠢ ᠣᠷᠣᠯᠠᠨ ᠲᠡᠭᠡᠭᠡᠪᠦᠷᠢᠯᠡᠬᠦ ᠠᠷᠭ᠎ᠠ ᠮᠠᠶ᠋ᠢᠭ ᠢ ᠳᠡᠯᠭᠡᠷᠡᠭᠦᠯᠬᠦ ᠠᠴᠠ ᠭᠠᠳᠠᠨ᠎ᠠ᠂ ᠳᠡᠭᠡᠷᠡᠬᠢ ᠰᠠᠨᠠᠯ ᠳᠤ ᠪᠠᠰᠠ | ᠪᠠᠷᠠᠭᠠᠨ ᠤ ᠲᠡᠭᠡᠭᠡᠪᠦᠷᠢ ᠶᠢᠨ ᠮᠠᠰᠢᠨ ᠢ ᠬᠥᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠰᠠᠨ ᠬᠥᠳᠡᠭᠡ ᠲᠣᠰᠬᠤᠨ ᠤ ᠠᠶᠠᠨᠴᠢᠳ ᠤᠨ᠂ ᠪᠠᠷᠠᠭᠠᠨ ᠤ᠂ ᠰᠢᠤᠳᠠᠨ ᠤ | ᠵᠥᠭᠡᠭᠡᠪᠦᠷᠢ ᠶᠢᠨ ᠠᠭᠤᠰᠤᠯᠴᠠᠨ ᠬᠥᠭᠵᠢᠬᠦ ᠭᠡᠯᠪᠡᠷᠢ ᠶᠢ ᠪᠤᠶ ᠪᠣᠯᠭᠠᠨ᠎ᠠ ᠭᠡᠵᠦ ᠳᠤᠷᠠᠳᠴᠠᠢ᠃ | ᠮᠠᠨ ᠤ ᠤᠯᠤᠰ 2027 ᠣᠨ ᠪᠤᠯᠬᠤ ᠳᠤ᠂ ᠨᠥᠬᠦᠴᠡᠯ ᠪᠦᠷᠢᠯᠳᠦᠭᠦᠯᠦᠭᠰᠡᠨ ᠰᠢᠶᠠᠨ ᠤ ᠱᠠᠲᠤᠨ ᠤ ᠵᠠᠰᠠᠭ | ᠵᠠᠬᠢᠷᠭᠠᠨ ᠤ ᠣᠷᠣᠨ ᠳᠤ ᠬᠥᠳᠡᠭᠡ ᠲᠣᠰᠬᠤᠨ ᠤ ᠠᠶᠠᠨᠴᠢᠳ ᠤᠨ᠂ ᠪᠠᠷᠠᠭᠠᠨ ᠤ᠂ ᠰᠢᠤᠳᠠᠨ ᠤ ᠵᠥᠭᠡᠭᠡᠪᠦᠷᠢ ᠶᠢ | ᠠᠭᠤᠰᠤᠯᠴᠠᠭᠤᠯᠤᠨ ᠬᠥᠭᠵᠢᠭᠦᠯᠵᠦ᠂ ᠪᠦᠭᠦ ᠤᠯᠤᠰ ᠤᠨ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ | ᠠᠶᠠᠨᠴᠢᠳ ᠤᠨ᠂ ᠪᠠᠷᠠᠭᠠᠨ ᠤ᠂ ᠰᠢᠤᠳᠠᠨ ᠤ ᠵᠥᠭᠡᠭᠡᠪᠦᠷᠢ ᠶᠢᠨ ᠴᠡᠭ ᠢ 10 ᠲᠦᠮᠡ ᠠᠴᠠ ᠳᠡᠭᠡᠭᠰᠢ ᠪᠤᠯᠭᠠᠵᠤ᠂ | ᠬᠥᠳᠡᠭᠡ ᠲᠣᠰᠬᠤᠨ ᠤ ᠠᠶᠠᠨᠴᠢᠳ ᠤᠨ᠂ ᠪᠠᠷᠠᠭᠠᠨ ᠤ᠂ ᠰᠢᠤᠳᠠᠨ ᠤ ᠵᠥᠭᠡᠭᠡᠪᠦᠷᠢ ᠶᠢᠨ ᠬᠤᠷᠰᠢᠭᠰᠠᠨ ᠱᠤᠭᠤᠮ ᠢ 2 | ᠲᠦᠮᠡ ᠠᠴᠠ ᠳᠡᠭᠡᠭᠰᠢ ᠪᠤᠯᠭᠠᠵᠤ᠂ ᠬᠥᠳᠡᠭᠡ ᠲᠣᠰᠬᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ | ᠦᠨᠳᠦᠰᠦᠨ ᠳᠡᠭᠡᠨ ᠪᠠᠶᠢᠭᠤᠯᠤᠨ᠎ᠠ᠃ | | | |