ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠡᠭᠡᠵᠢᠩ ᠤᠨ ᠾᠧᠩ ᠾᠧ ᠵᠢᠢ ᠶᠧ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠤᠮᠠᠷᠠᠲᠤ ᠬᠢᠯᠢ ᠶᠢᠨ ᠰᠣᠶᠣᠯ ᠤᠨ ᠠᠮᠢ ᠠᠬᠤᠢ ᠶᠢᠨ ᠬᠦᠷᠢᠶᠡᠯᠡᠩ ᠤᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/1/5
     1 ᠰᠠᠷ᠎ᠠ ᠶᠢᠨ 3 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠪᠡᠭᠡᠵᠢᠩ ᠤᠨ ᠾᠧᠩ ᠾᠧ ᠵᠢᠢ ᠶᠧ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠤᠮᠠᠷᠠᠲᠤ ᠶᠢᠨ ᠰᠣᠶᠣᠯ ᠤᠨ ᠠᠮᠢ ᠠᠬᠤᠢ ᠶᠢᠨ ᠬᠦᠷᠢᠶᠡᠯᠡᠩ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃
     ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠵᠡᠷᠭᠡ ᠰᠢᠶᠠᠨ ᠤ ᠤᠳᠤᠷᠢᠳᠤᠯᠭ᠎ᠠ ᠪᠡᠭᠡᠵᠢᠩ ᠤᠨ ᠾᠧᠩ ᠾᠧ ᠵᠢᠢ ᠶᠧ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠠ ᠭᠦᠸᠧ ᠳ᠋ᠦᠩ ᠨᠠᠷ ᠲᠠᠢ ᠤᠮᠠᠷᠠᠲᠤ ᠬᠢᠯᠢ ᠶᠢᠨ ᠰᠣᠶᠣᠯ ᠤᠨ ᠠᠮᠢ ᠠᠬᠤᠢ ᠶᠢᠨ ᠬᠦᠷᠢᠶᠡᠯᠡᠩ ᠤᠨ ᠲᠦᠷᠦᠯ ᠵᠦᠢᠯ ᠤᠨ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠤᠬᠠᠢ ᠶᠠᠷᠢᠯᠴᠠᠨ ᠰᠣᠯᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠶᠠᠩ ᠰᠢᠩ ᠱᠧᠩ ᠮᠠ ᠭᠦᠸᠧ ᠳ᠋ᠦᠩ ᠨᠠᠷ ᠤᠨ ᠮᠠᠨ ᠤ ᠰᠢᠶᠠᠨ ᠳᠤ ᠢᠷᠡᠵᠦ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠳᠡᠯᠴᠡᠭᠡ ᠬᠢᠭᠰᠡᠨ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠡᠨᠡ ᠤᠳᠠᠭ᠎ᠠ ᠶᠢᠨ ᠤᠮᠠᠷᠠᠲᠤ ᠬᠢᠯᠢ ᠶᠢᠨ ᠰᠣᠶᠣᠯ ᠤᠨ ᠠᠮᠢ ᠠᠬᠤᠢ ᠶᠢᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠤᠭᠰᠠᠨ ᠨᠢ᠂ ᠯᠠᠪᠲᠠᠶ᠎ᠠ ᠪᠦᠬᠦ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠲᠡᠷᠡᠴᠢᠯᠡᠨ ᠮᠠᠨ ᠤ ᠰᠢᠶᠠᠨ ᠤ ᠦᠴᠦᠸᠠᠨ ᠤ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠡᠭᠦᠳᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ︽ᠠᠵᠤ ᠠᠬᠤᠶᠢᠯᠠᠯ ᠢ ᠳᠡᠭᠡᠳᠦᠯᠡᠬᠦ᠂ ᠦᠢᠯᠡᠴᠢᠯᠡᠭᠡ ᠶᠢ ᠳᠡᠭᠡᠳᠦᠯᠡᠬᠦ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠲᠦᠷᠦᠯ ᠵᠦᠢᠯ ᠳᠤ ᠰᠢᠯᠢᠳᠡᠭ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠮᠠᠨ ᠤ ᠰᠢᠶᠠᠨ ᠳᠤ ᠪᠠᠶᠢᠭᠤᠯᠤᠨ ᠪᠦᠲᠦᠭᠡᠵᠦ᠂ ᠡᠷᠲᠡᠬᠡᠨ ᠡᠵᠡᠩᠨᠡᠵᠦ᠂ ᠡᠭᠦᠨ ᠤ ᠤᠯᠠᠮ ᠢᠶᠠᠷ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号