ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2024 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/5
     1 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠨᠡᠶᠢᠲᠡᠯᠡᠭᠰᠡᠨ 2024 ᠣᠨ ᠤ ᠰᠢᠨ᠎ᠡ ᠵᠢᠯ ᠤᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠨᠢ ᠨᠢᠭᠡ ᠵᠢᠯ ᠤᠨ ᠲᠤᠷᠰᠢᠬᠢ ᠨᠠᠮ ᠪᠠ ᠤᠯᠤᠰ ᠤᠨ ᠠᠵᠢᠯ ᠦᠢᠯᠡᠰ ᠤᠨ ᠣᠯᠣᠭᠰᠠᠨ ᠬᠡᠷᠡᠯ ᠰᠠᠴᠤᠷᠠᠩᠭᠤᠢ ᠠᠮᠵᠢᠯᠲᠠ ᠶᠢ ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠰᠢᠨ᠎ᠡ ᠵᠢᠯ ᠤᠨ ᠰᠠᠶᠢᠨ ᠰᠠᠶᠢᠬᠠᠨ ᠢᠷᠦᠭᠡᠯ ᠳᠡᠪᠰᠢᠭᠦᠯᠵᠦ᠂ ᠲᠦᠭ ᠲᠦᠮᠡᠨ ᠠᠷᠠᠳ ᠲᠦᠮᠡᠨ ᠤ ︽ᠢᠷᠡᠭᠡᠳᠦᠢ ᠵᠦᠭ ᠬᠠᠮᠲᠤ ᠪᠠᠷ ᠤᠷᠤᠭᠰᠢᠯᠠᠶ᠎ᠠ︾ ᠭᠡᠰᠡᠨ ᠲᠡᠮᠡᠴᠡᠯ ᠤᠨ ᠣᠷᠭᠢᠯᠤᠮ᠎ᠠ ᠰᠡᠳᠬᠢᠯᠭᠡ ᠶᠢ ᠬᠥᠭᠵᠢᠭᠡᠵᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠡᠩ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠬᠤᠨ ᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠴᠥᠬᠦᠷᠡᠰᠢ ᠦᠭᠡᠢ ᠵᠢᠳᠬᠦᠵᠦ᠂ ᠬᠡᠵᠢᠶᠡᠳᠡ ᠬᠤᠯᠠ ᠶᠢ ᠪᠣᠳᠣᠯᠬᠢᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠲᠡᠰᠪᠦᠷᠢ ᠲᠡᠪᠴᠢᠶᠡᠷᠢ ᠲᠠᠢ ᠪᠠᠶᠢᠬᠤ ᠶᠢ ᠪᠠᠲᠤᠯᠠᠵᠤ᠂ ᠥᠭᠡᠷᠡᠴᠢᠯᠡᠯᠲᠡ ᠬᠥᠭᠵᠢᠯᠲᠡ ᠶᠢᠨ ᠲᠣᠭᠲᠠᠭᠤᠨ ᠪᠠᠶᠢᠳᠠᠯ ᠪᠠ ᠡᠯ᠎ᠡ ᠵᠦᠢᠯ ᠤᠨ ᠦᠢᠯᠡᠰ ᠲᠤ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠤᠨ ᠬᠠᠮᠢᠶ᠎ᠠ ᠪᠦᠬᠦᠢ ᠠᠵᠢᠯ ᠢ ᠦᠨᠡᠨᠬᠦ ᠰᠠᠶᠢᠲᠤᠷ ᠠᠳᠬᠤᠵᠤ᠂ ᠣᠨ ᠤ ᠲᠥᠯᠥᠪᠯᠡᠭᠡ ᠪᠣᠯᠣᠨ ᠭᠤᠣᠯᠳᠠᠯᠭ᠎ᠠ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠮᠠᠨ ᠤ ᠰᠢᠶᠠᠨ ᠤ ᠺᠠᠳ᠋ᠷ ᠤᠯᠠᠨ ᠲᠦᠮᠡᠨ ᠤ ᠠᠵᠢᠯ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号