ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/5
     1 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠬᠢᠨᠠᠨ ᠵᠥᠪᠯᠡᠬᠦ ᠨᠣᠣᠷᠠᠭ︶ ᠤᠨ ᠬᠤᠯᠪᠣᠭᠳᠠᠯ ᠪᠦᠬᠦᠢ ᠶᠠᠪᠤᠳᠠᠯ ᠢ ᠬᠢᠨᠠᠨ ᠵᠥᠪᠯᠡᠪᠡ︔ ︽ᠦᠴᠦᠸᠠᠨ ᠰᠢᠶᠠᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ︾ ᠢ ᠬᠢᠨᠠᠨ ᠵᠥᠪᠯᠡᠪᠡ︔ ︽2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ︾ ᠢ ᠬᠢᠨᠠᠨ ᠵᠥᠪᠯᠡᠪᠡ᠃      ᠬᠤᠷᠠᠯ ᠠᠴᠠ᠂ 2023 ᠣᠨ ᠳᠤ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠠᠵᠤ ᠠᠬᠤᠢ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠢᠶᠠᠷ ᠳᠡᠭᠡᠭᠰᠢᠯᠡᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠨᠡᠩ ᠡᠷᠴᠢᠮᠲᠡᠢ ᠪᠣᠯᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ 2023 ᠣᠨ ᠤ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠲᠠᠢ ᠤᠶᠠᠯᠳᠤᠭᠤᠯᠵᠤ᠂ 2024 ᠣᠨ ᠤ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠬᠤᠷᠳᠤᠴᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠪᠦᠬᠦ ᠰᠢᠶᠠᠨ ᠢᠶᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠤᠶᠤᠨ ᠤᠬᠠᠭᠠᠨ ᠢᠶᠠᠨ ᠨᠢᠭᠲᠠᠷᠠᠭᠤᠯᠤᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号