ᠦᠴᠦᠸᠠᠨ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/8
     1 ᠰᠠᠷ᠎ᠠ ᠶᠢᠨ 4  ᠤ ᠡᠳᠦᠷ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠵᠤ᠂ ᠬᠤᠷᠠᠯ ᠠᠴᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠠᠩ ᠰᠢᠩ ᠱᠧᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃      ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠢ ᠦᠨᠡᠯᠡᠵᠦ᠂ ᠬᠡᠰᠡᠭ ᠰᠢᠶᠠᠩ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠲᠤᠰᠢᠶᠠᠯ ᠤᠨ ᠮᠡᠳᠡᠭᠦᠯᠦᠯᠲᠡ ᠬᠢᠪᠡ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠶᠠᠭ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠴᠡᠷᠢᠭ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠲᠠᠶᠢᠴᠢᠨ ᠵᠣᠷᠢᠭ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠷᠦᠭᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠴᠡᠷᠢᠭ ᠡᠯᠰᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠢᠳᠡᠪᠬᠢᠲᠡᠢ ᠴᠢᠷᠮᠠᠶᠢᠨ ᠡᠭᠦᠳᠬᠦ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠪᠠ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠭᠤᠷᠪᠠᠨ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠪᠠᠷ ᠬᠦᠴᠦᠯᠡᠬᠦ ᠴᠡᠭ ᠪᠣᠯᠭᠠᠵᠤ᠂ ᠭᠦᠨᠵᠡᠭᠡᠢ ᠠᠭᠤᠰᠤᠯᠴᠠᠭᠤᠯᠤᠨ ᠬᠠᠮᠲᠤᠪᠠᠷ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠡᠭᠦᠨ ᠤ ᠤᠯᠠᠮ ᠠᠴᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠦᠴᠦᠸᠠᠨ ᠰᠢᠶᠠᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号