ᠦᠴᠦᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ
ᠨᠡᠶᠢᠲᠡᠯᠡᠭᠰᠡᠨ ᠴᠠᠭ᠄
2024/1/8
     1 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 122 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠨᠰᠤ ᠶᠢᠨ ᠯᠢᠨᠰᠢᠶᠠ ᠵᠧᠦ ᠶᠢᠨ ᠵᠢᠢ ᠱᠢ ᠱᠠᠨ ᠰᠢᠶᠠᠨ ᠤ 6.2 ᠲᠠᠰ ᠤᠨ ᠭᠠᠵᠠᠷ ᠬᠥᠳᠡᠯᠦᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠠᠷᠠᠭᠠᠴᠢ ᠶᠢᠨ ᠱᠠᠲᠤᠨ ᠤ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠮᠢᠶ᠎ᠠ ᠪᠦᠬᠦᠢ ᠠᠵᠢᠯ ᠢ ᠨᠠᠷᠢᠨ ᠬᠢᠨᠠᠮᠠᠭᠠᠢ ᠳ᠋ᠦᠩᠨᠡᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠪᠡᠯᠡᠳᠬᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠵᠦᠢᠯ ᠤᠨ ᠭᠠᠮᠰᠢᠭ ᠤᠨ ᠠᠳᠡᠯ ᠪᠠ ᠭᠡᠨᠡᠳᠲᠡ ᠶᠢᠨ ᠬᠡᠷᠡᠭ ᠢ ᠲᠣᠬᠢᠲᠠᠢ ᠠᠷᠭᠠᠴᠠᠨ ᠰᠢᠢᠳᠪᠦᠷᠢᠯᠡᠬᠦ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠢᠯ ᠤᠨ ᠡᠴᠦᠰ ᠵᠢᠯ ᠤᠨ ᠡᠬᠢ ᠪᠠᠷ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠷᠭ᠎ᠠ ᠰᠦᠪᠡᠭᠴᠢᠯᠡᠬᠦ ᠶᠢ ᠴᠢᠨᠠᠭᠰᠢᠳᠠ ᠴᠢᠩᠭᠠᠳᠬᠠᠵᠤ᠂ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠬᠥᠯᠥᠰᠦᠨ ᠠᠵᠢᠯᠴᠢᠨ ᠤ ᠴᠠᠯᠢᠩ ᠢ ᠥᠭᠬᠦ᠂ ᠢᠳᠡᠭᠡᠨ ᠤ ᠠᠮᠤᠷ ᠲᠦᠪᠰᠢᠨ ᠢ ᠪᠠᠶᠢᠴᠠᠭᠠᠬᠤ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠬᠤ ᠶᠢᠨ ᠬᠠᠮᠲᠤ ᠬᠦᠴᠢᠷᠳᠡᠯᠲᠡᠢ ᠤᠯᠠᠨ ᠲᠦᠮᠡᠨ ᠢ ᠪᠠᠶᠢᠴᠠᠭᠠᠨ ᠢᠯᠡᠷᠡᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠨᠴᠠᠭᠠᠢ ᠬᠦᠴᠢᠷᠳᠡᠯᠲᠡᠢ ᠬᠥᠮᠥᠰ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠪᠦᠬᠦ ᠰᠢᠶᠠᠨ ᠤ ᠠᠷᠠᠳ ᠲᠦᠮᠡᠨ ᠢ ᠳᠤᠯᠠᠭᠠᠬᠠᠨ ᠡᠪᠦᠯᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠣᠷᠣᠨ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠲᠠᠯ ᠤᠬᠠᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠭᠤᠣᠯ ᠬᠥᠭ ᠠᠶᠠᠰ ᠢ ᠬᠠᠩᠭᠢᠨᠠᠭᠤᠯᠤᠨ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠡᠭᠦᠨ ᠤ ᠤᠯᠠᠮ ᠢᠶᠠᠷ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠬᠦᠴᠦᠨ ᠢ ᠨᠢᠭᠲᠠᠷᠠᠭᠤᠯᠵᠤ᠂ ᠡᠭᠦᠨ ᠤ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ︽ᠤᠮᠠᠷᠠᠲᠤ ᠬᠢᠯᠢ ᠶᠢᠨ ᠰᠣᠶᠣᠯ︾ ᠢ ᠠᠭᠤᠳᠠᠯᠬᠤ᠂ ᠪᠣᠯᠪᠠᠰᠤᠷᠠᠭᠤᠯᠬᠤ᠂ ᠳ᠋ᠦᠩᠨᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠭᠤᠯᠬᠤᠨ ᠨᠢ ᠲᠣᠳᠣᠷᠬᠠᠢ᠂ ᠠᠭᠤᠯᠭ᠎ᠠ ᠨᠢ ᠪᠠᠶᠠᠯᠢᠭ ᠪᠣᠳᠠᠲᠠᠢ᠂ ᠠᠷᠭ᠎ᠠ ᠬᠡᠮᠵᠢᠶ᠎ᠡ ᠨᠢ ᠬᠦᠴᠦᠲᠡᠢ ᠪᠦᠲᠦᠮᠵᠢᠲᠡᠢ ᠪᠦᠷᠢᠨ ᠪᠦᠲᠦᠨ ᠥᠭᠦᠯᠡᠯᠲᠡ ᠶᠢ ᠴᠢᠷᠮᠠᠶᠢᠨ ᠪᠦᠷᠢᠯᠳᠦᠭᠦᠯᠵᠦ᠂ ᠡᠭᠦᠨ ᠤ ᠤᠯᠠᠮ ᠢᠶᠠᠷ ᠦᠴᠦᠸᠠᠨ ᠤ ᠣᠨᠴᠠᠯᠢᠭ ᠲᠠᠢ ︽ᠤᠮᠠᠷᠠᠲᠤ ᠬᠢᠯᠢ ᠶᠢᠨ ᠰᠣᠶᠣᠯ︾ ᠢ ᠨᠡᠩ ᠪᠠᠶᠠᠯᠢᠭ ᠠᠭᠤᠯᠤᠭᠳᠠᠬᠤᠨ ᠲᠠᠢ᠂ ᠨᠡᠩ ᠦᠨᠦᠷ ᠠᠮᠲᠠ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠮᠠᠨ ᠤ ᠰᠢᠶᠠᠨ ᠤ ︽ᠬᠤᠶᠠᠷ ᠬᠤᠷᠠᠯ︾ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠬᠤᠷᠠᠯ ᠤᠨ ᠪᠢᠴᠢᠭ ᠮᠠᠲ᠋ᠧᠷᠢᠶᠠᠯ᠂ ᠬᠤᠷᠠᠯ ᠤᠨ ᠲᠠᠯᠠᠪᠠᠢ ᠬᠤᠷᠠᠯ ᠤᠨ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠭᠤᠭᠴᠤᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠬᠤᠷᠠᠯ ᠤᠨ ᠤᠷᠤᠭᠰᠢᠲᠠᠢ ᠬᠤᠷᠠᠯᠳᠤᠬᠤ ᠶᠢ ᠪᠠᠲᠤᠯᠠᠬᠤ ᠶᠢᠨ ᠬᠠᠮᠲᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠂ ᠬᠤᠷᠠᠯ ᠤᠨ ᠲᠡᠰ ᠳᠠᠷᠠᠭᠠᠯᠠᠯ ᠂ ᠬᠤᠷᠠᠯ ᠤᠨ ᠬᠡᠪ ᠰᠤᠷᠲᠠᠯ ᠂ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠥᠨᠳᠥᠷ ᠶᠠᠰᠤ ᠴᠢᠨᠠᠷ ᠲᠠᠢ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号