ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ | | ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯᠳᠤᠭᠠᠨ ᠤ ᠠᠯᠪᠠᠨ ᠮᠡᠳᠡᠭᠡ | | ︵2024 ᠣᠨ ᠤ 1 ᠰᠠᠷ᠎ᠠ ᠶᠢᠨ 3 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠠᠴᠠ ᠪᠠᠲᠤᠯᠠᠪᠠ︶ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ | 2024 ᠣᠨ ᠤ 1 ᠰᠠᠷ᠎ᠠ ᠶᠢᠨ 3 ᠤ ᠡᠳᠦᠷ ᠬᠤᠷᠠᠯᠳᠤᠪᠠ᠃ | ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 30 ᠬᠥᠮᠥᠨ᠂ ᠣᠷᠣᠯᠠᠭᠴᠢ ᠭᠡᠰᠢᠭᠦᠨ 6 ᠬᠥᠮᠥᠨ | ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ ᠪᠦᠬᠦᠢ | ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠠ ᠬᠡᠰᠡᠭ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | | | | | | | ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ | ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠶᠢᠨ ᠡᠮᠦᠨ᠎ᠡ ᠠᠴᠠ ᠪᠦᠭᠦᠳᠡ ᠬᠤᠷᠠᠯ ᠳᠤ ᠠᠵᠢᠯ ᠢᠶᠠᠨ ᠮᠡᠳᠡᠭᠦᠯᠵᠦ᠂ 2024 ᠣᠨ ᠤ ᠠᠵᠤ ᠠᠬᠤᠢ ᠶᠢᠨ | ᠠᠵᠢᠯ ᠳᠤ ᠪᠠᠶᠢᠷᠢᠯᠠᠭᠤᠯᠤᠯᠲᠠ ᠬᠢᠵᠡᠢ᠃ | ᠪᠥᠬᠦᠳᠡ ᠬᠤᠷᠠᠯ ᠨᠢᠭᠡ ᠵᠢᠯ ᠤᠨ ᠲᠤᠷᠰᠢᠬᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠠᠵᠢᠯ ᠢ ᠭᠦᠢᠴᠡᠳ ᠨᠤᠲᠠᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠦᠬᠦ ᠰᠢᠶᠠᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠰᠢᠨ᠎ᠡ | ᠦᠷ᠎ᠡ ᠪᠦᠲᠦᠮᠵᠢ ᠣᠯᠬᠤ ᠶᠢ ᠠᠬᠢᠭᠤᠯᠪᠠ ᠭᠡᠵᠦ ᠰᠠᠨᠠᠯ ᠨᠢᠭᠡᠲᠡᠢ ᠦᠵᠡᠪᠡ᠃ ᠨᠢᠭᠡ ᠳᠤ ︽ᠬᠤᠶᠠᠷ ᠢ ᠬᠠᠮᠠᠭᠠᠯᠠᠬᠤ︾ | ᠶᠢ ᠨᠡᠩ ᠪᠠᠲᠤᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ | ᠪᠣᠳᠠᠲᠠᠶᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠭᠤᠣᠯ | ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ | ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠦᠵᠡᠯ | ᠰᠠᠨᠠᠭᠠᠨ ᠤ ᠤᠬᠠᠮᠰᠠᠷ ᠢ ᠨᠡᠩ ᠡᠷᠴᠢᠮᠲᠡᠢ ᠪᠣᠯᠭᠠᠬᠤ ᠶᠢ ᠡᠷᠡᠰ ᠪᠡᠶᠡᠯᠡᠭᠦᠯᠪᠡ᠃ ᠬᠤᠶᠠᠷ ᠲᠤ ᠰᠢᠶᠠᠨ ᠤ | ᠬᠡᠪᠴᠢᠶᠡᠨ ᠤ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠪᠠ᠃ 82 ᠭᠤᠣᠯᠳᠠᠯᠭ᠎ᠠ ᠲᠠᠢ ᠲᠥᠷᠥᠯ ᠵᠦᠢᠯ ᠢ | ᠡᠬᠢᠯᠡᠨ ᠪᠠᠶᠢᠭᠤᠯᠵᠤ᠂ ᠤᠯᠤᠰ ᠤᠨ ᠳᠠᠪᠠᠭᠤᠯᠢᠭ ᠣᠨᠴᠠᠯᠢᠭᠲᠤ ᠲᠥᠮᠥᠰᠥ ᠶᠢᠨ ᠠᠵᠤ ᠦᠢᠯᠡᠰ ᠤᠨ ᠰᠦᠷᠦᠭᠵᠢᠯ ᠢ | ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠣᠷᠣᠨ ᠢ ᠥᠪᠡᠷᠲᠡᠭᠡᠨ ᠵᠠᠰᠠᠬᠤ ᠣᠷᠣᠨ ᠤ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠬᠤ ᠶᠢ | ᠵᠥᠪᠰᠢᠶᠡᠷᠡᠭᠰᠡᠨ ᠨᠡᠷᠡᠰ ᠲᠤ ᠵᠢᠭᠰᠠᠭᠠᠨ ᠣᠷᠣᠭᠤᠯᠵᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ | ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ᠂ ︽ᠲᠠᠯ᠎ᠠ ᠨᠤᠲᠤᠭ ᠤᠨ ᠡᠭᠦᠳᠡ︾ ᠰᠣᠶᠣᠯ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ | ᠪᠣᠯᠭᠠᠨ ᠠᠮᠵᠢᠯᠲᠠ ᠲᠠᠢ ᠡᠭᠦᠳᠦᠨ ᠪᠠᠶᠢᠭᠤᠯᠵᠤ᠂ 2 ᠲᠡᠮᠦᠷ ᠤᠨ ᠠᠭᠤᠷᠬᠠᠢ ᠶᠢᠨ ᠬᠦᠳᠡᠷ ᠰᠢᠯᠢᠬᠦ ᠦᠢᠯᠡᠳᠪᠦᠷᠢ᠂ | 8 ᠠᠭᠤᠷᠬᠠᠢ ᠮᠠᠯᠲᠠᠬᠤ ᠠᠵᠤ ᠠᠬᠤᠶᠢᠯᠠᠯ᠂ 7 ᠠᠭᠤᠷᠬᠠᠢ ᠬᠠᠶᠢᠬᠤ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠦ᠂ ᠴᠡᠪᠡᠷ ᠡᠨᠧᠷᠭᠢ ᠶᠢᠨ ᠰᠤᠷᠪᠤᠯᠵᠢ ᠶᠢᠨ ᠶᠡᠷᠦᠩᠬᠡᠢ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 300 ᠲᠦᠮᠡᠨ ᠺᠢᠯᠣᠸᠠᠲ ᠠᠴᠠ ᠳᠠᠪᠠᠭᠤᠯᠪᠠ᠃ ︽ᠨᠢᠭᠡ ᠬᠦᠷᠢᠶᠡᠯᠡᠩ | ᠬᠤᠶᠠᠷ ᠲᠣᠭᠤᠷᠢᠭ︾ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢ ᠪᠡᠶᠡᠯᠡᠭᠦᠯᠵᠦ᠂ 18 ︽ᠦᠬᠦᠰᠢᠷᠡᠮᠡᠯ | ᠠᠵᠤ ᠠᠬᠤᠶᠢᠯᠠᠯ︾ ᠢ ᠠᠮᠢᠯᠠᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ ᠭᠤᠷᠪᠠ ᠳᠤ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠪᠠ᠃ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 65.05% ᠳᠤ ᠬᠦᠷᠴᠦ᠂ | ᠣᠷᠴᠢᠨ ᠠᠬᠤᠢ ᠶᠢᠨ ᠠᠭᠠᠷ ᠤᠨ ᠶᠠᠰᠤ ᠴᠢᠨᠠᠷ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠨᠠᠩ | ᠲᠡᠭᠦᠯᠳᠡᠷᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠤᠨ ᠦᠷ᠎ᠡ ᠪᠦᠲᠦᠮᠵᠢ ᠢᠯᠡᠳᠲᠡ ᠪᠣᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠳᠥᠷᠪᠡ ᠳᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠦᠷᠭᠦᠯᠵᠢᠯᠡᠨ ᠠᠬᠢᠭᠤᠯᠪᠠ᠃ ᠡᠯ᠎ᠡ ᠱᠠᠲᠤᠨ ᠤ ᠡᠯ᠎ᠡ ᠲᠥᠷᠥᠯ ᠤᠨ ᠬᠠᠪᠰᠤᠷᠤᠨ ᠲᠡᠳᠬᠦᠬᠦ ᠶᠢ | ᠭᠦᠨᠵᠡᠭᠡᠶᠢᠷᠡᠭᠦᠯᠵᠦ᠂ 2.45 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂ | 72 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠪᠡ᠃ ᠬᠥᠳᠡᠭᠡ | ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 311 ᠮᠤᠵᠢ ᠶᠢᠨ | ᠵᠠᠮ ᠤᠨ ᠭᠤᠣᠯ ᠱᠤᠭᠤᠮ ᠢ ᠦᠨᠳᠦᠰᠦᠨ ᠳᠡᠭᠡᠨ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ︽ᠳᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ | ᠠᠵᠢᠯ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ᠃ ᠲᠠᠪᠤ ᠳᠤ ᠠᠷᠠᠳ ᠲᠦᠮᠡᠨ ᠤ ᠠᠵᠠ | ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ | ᠪᠠᠲᠤᠲᠠᠢ ᠠᠬᠢᠭᠤᠯᠵᠤ᠂ ᠬᠦᠴᠢᠷᠳᠡᠯᠲᠡᠢ ᠬᠥᠮᠥᠰ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠪᠡ᠃ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠰᠯᠡᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠯᠤᠭ᠎ᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠦᠷᠨᠢᠭᠦᠯᠪᠡ᠃ ᠡᠮᠴᠢᠯᠡᠭᠡᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠤᠨ | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠵᠦ᠂ ᠰᠤᠷᠭᠠᠨ | ᠬᠥᠮᠦᠵᠢᠯ ᠡᠮᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠨᠡᠶᠢᠭᠡᠮ ᠤᠨ ᠬᠥᠷᠥᠩᠭᠡ ᠶᠢ | ᠣᠷᠣᠭᠤᠯᠤᠨ ᠠᠪᠴᠢᠷᠠᠵᠤ ᠰᠤᠯᠠ ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠢ ᠠᠮᠢᠳᠤᠯᠢᠭ | ᠪᠣᠯᠭᠠᠵᠤ᠂ ᠡᠮᠴᠢᠯᠡᠭᠡ ᠪᠠ ᠠᠰᠠᠷᠠᠮᠵᠢ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ | ᠳᠡᠯᠭᠡᠷᠡᠭᠦᠯᠪᠡ᠃ ᠵᠢᠷᠭᠤᠭ᠎ᠠ ᠳᠤ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ᠃ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ | ᠪᠠᠶᠢᠭᠤᠯᠪᠠ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ | ᠠᠬᠢᠭᠤᠯᠵᠤ᠂ ᠪᠦᠬᠦ ᠬᠤᠳᠠ ᠳᠤ ᠤᠮᠠᠷᠠᠲᠤ ᠬᠢᠯᠢ ᠶᠢᠨ ᠰᠣᠶᠣᠯ ᠤᠨ ᠵᠣᠬᠢᠶᠠᠨ ᠪᠦᠲᠦᠭᠡᠬᠦ ᠰᠤᠳᠤᠯᠭᠠᠨ ᠤ ᠲᠥᠪ ᠢ | ᠡᠩ ᠲᠡᠷᠢᠭᠦᠨ ᠳᠤ ᠪᠠᠶᠢᠭᠤᠯᠵᠤ᠂ ᠦᠴᠦᠸᠠᠨ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ | ᠠᠭᠤᠯᠤᠭᠳᠠᠬᠤᠨ ᠢ ᠭᠦᠨᠵᠡᠭᠡᠶᠢᠷᠡᠭᠦᠯᠪᠡ᠃ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ︽ᠭᠡᠭᠡᠨ ᠰᠠᠷᠠᠭᠤᠯ ᠢᠨᠵᠧᠨᠧᠷᠢᠩ︾ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ | ︽ᠣᠯᠠᠨ ᠲᠣᠣᠷ ᠢ ᠠᠭᠤᠰᠤᠯᠴᠠᠭᠤᠯᠵᠤ᠂ ᠨᠢᠭᠡ ᠲᠣᠣᠷ ᠢᠶᠠᠷ ᠨᠢᠭᠡᠳᠦᠯᠲᠡᠢ ᠲᠥᠯᠥᠪᠵᠢᠭᠦᠯᠬᠦ︾ ᠰᠦᠯᠵᠢᠶᠡᠨ ᠤ | ᠡᠩᠨᠡᠭᠡ ᠶᠢ ᠪᠠᠶᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ | ᠪᠡᠭᠡᠵᠢᠩ ᠳᠤ ᠬᠦᠷᠬᠦ ᠣᠷᠣᠨ ᠳᠤ ᠬᠦᠷᠬᠦ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠨᠣᠷᠮ᠎ᠠ ᠶᠢ | 100% ᠳᠤ ᠬᠦᠷᠦᠭᠦᠯᠪᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠠᠮᠵᠢᠯᠲᠠ ᠲᠠᠢ ᠡᠭᠦᠳᠦᠨ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠰᠢᠶᠠᠨ ᠢ ᠡᠭᠦᠳᠦᠨ | ᠪᠠᠶᠢᠭᠤᠯᠬᠤ ᠠᠩᠬᠠᠨ ᠤ ᠰᠢᠯᠭᠠᠯᠲᠠ ᠶᠢᠨ ᠠᠵᠢᠯ ᠢ ᠪᠡᠶᠡᠯᠡᠭᠦᠯᠪᠡ᠃ ᠲᠤᠯᠤᠭ᠎ᠠ ᠳᠤ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠢ ᠠᠬᠢᠭᠤᠯᠪᠠ᠃ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠠ ᠭᠤᠣᠯᠳᠠᠯᠭ᠎ᠠ ᠲᠠᠢ | ᠠᠵᠢᠯ ᠤᠨ ᠳᠤᠮᠳᠠ 55 ᠺᠠᠳ᠋ᠷ ᠢ ᠰᠣᠩᠭᠤᠨ ᠬᠡᠷᠡᠭᠯᠡᠵᠦ᠂ 70 ᠬᠥᠮᠥᠨ ᠤ ᠰᠢᠯᠢᠳᠡᠭ ᠢ ᠰᠣᠩᠭᠤᠨ ᠳᠡᠪᠰᠢᠭᠦᠯᠵᠦ᠂ | 297 ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ ᠠᠷᠠᠳ ᠤᠨ ᠳᠡᠭᠡᠳᠦ ᠰᠢᠭᠦᠬᠦ | ᠬᠤᠷᠢᠶ᠎ᠠ ᠠᠴᠠ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠤ ︽ᠠᠷᠠᠳ ᠤᠨ ᠰᠢᠭᠦᠬᠦ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠬᠠᠮᠲᠤ ᠨᠡᠶᠢᠳᠡ︾ ᠶᠢ ᠣᠯᠭᠤᠵᠤ᠂ ᠳ᠋ᠦᠩ ᠫᠦᠥᠸ᠋ ᠲᠣᠰᠬᠤᠨ ᠢ ︽ | ᠪᠥᠬᠦ ᠤᠯᠤᠰ ᠤᠨ ᠤᠯᠠᠭᠠᠨ ᠭᠠᠴᠠᠭ᠎ᠠ ᠲᠣᠰᠬᠤᠨ︾ ᠤ ᠲᠤᠷᠰᠢᠯᠲᠠ ᠶᠢᠨ ᠴᠡᠭ ᠤᠨ ᠲᠣᠰᠬᠤᠨ ᠢᠶᠠᠷ ᠲᠣᠭᠲᠠᠭᠠᠪᠠ᠃ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ | ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠤᠯᠠᠮ ᠨᠢᠭᠡ | ᠠᠯᠬᠤᠮ ᠪᠠᠬᠢᠵᠢᠭᠦᠯᠪᠡ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠤ ᠠᠵᠢᠯ ᠢ ᠰᠠᠶᠢᠲᠤᠷ ᠬᠢᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠲᠠ ᠶᠢᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ︽ᠠᠷᠠᠳ ᠢ ᠪᠠᠶᠠᠵᠢᠭᠤᠯᠬᠤ ᠪᠠ ᠰᠢᠶᠠᠨ ᠢ | ᠬᠦᠴᠦᠷᠬᠡᠭᠵᠢᠭᠦᠯᠬᠦ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠵᠤ᠂ ︿ᠭᠤᠷᠪᠠᠨ ᠠᠵᠢᠯ﹀ ᠢ ᠰᠠᠶᠢᠲᠤᠷ ᠬᠢᠵᠦ᠂ | ︿ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ﹀ ᠢ ᠪᠠᠶᠢᠭᠤᠯᠵᠤ᠂ ︿ᠨᠢᠭᠡ ᠬᠦᠷᠢᠶᠡᠯᠡᠩ ᠬᠤᠶᠠᠷ ᠲᠣᠭᠤᠷᠢᠭ﹀ | ᠢ ᠪᠠᠶᠢᠭᠤᠯᠵᠤ᠂ ︿ᠵᠢᠷᠭᠤᠭᠠᠨ ᠰᠢᠨ᠎ᠡ ᠦᠴᠦᠸᠠᠨ﹀ ᠢ ᠪᠦᠲᠦᠭᠡᠨ ᠪᠠᠶᠢᠭᠤᠯᠬᠤ︾ ᠬᠠᠷᠠᠯᠲᠠ ᠶᠢᠨ ᠪᠠᠶᠢᠷᠢ | ᠲᠣᠭᠲᠠᠭᠠᠯᠲᠠ ᠶᠢ ᠲᠣᠭᠲᠠᠭᠠᠵᠤ᠂ ᠠᠮᠢ ᠠᠬᠤᠢ ᠶᠢᠨ ᠬᠦᠴᠦᠷᠬᠡᠭ ᠰᠢᠶᠠᠨ᠂ ᠲᠠᠷᠢᠶᠠᠯᠠᠩ ᠤᠨ ᠬᠦᠴᠦᠷᠬᠡᠭ ᠰᠢᠶᠠᠨ᠂ | ᠮᠠᠯ ᠠᠵᠤ ᠠᠬᠤᠢ ᠶᠢᠨ ᠬᠦᠴᠦᠷᠬᠡᠭ ᠰᠢᠶᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠶᠢᠨ ᠶᠠᠰᠤ | ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠲᠦᠷᠭᠡᠨ ᠨᠡᠮᠡᠭᠳᠡᠯ ᠢ ᠦᠷᠭᠦᠯᠵᠢᠯᠡᠨ ᠠᠬᠢᠭᠤᠯᠵᠤ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠨ᠎ᠡ᠃ | ᠪᠥᠬᠦᠳᠡ ᠬᠤᠷᠠᠯ ᠠᠴᠠ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ | ᠡᠭᠦᠷᠭᠡ ᠶᠢ ᠲᠣᠳᠣᠷᠬᠠᠢ ᠲᠣᠭᠲᠠᠭᠠᠪᠠ᠃ ᠨᠢᠭᠡ ᠳᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠦᠷᠭᠦᠯᠵᠢᠯᠡᠨ | ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ | ᠪᠤᠵᠠᠭᠠᠶᠢᠷᠠᠭᠤᠯᠤᠨ᠎ᠠ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠠᠷᠢᠵᠤ ᠲᠡᠵᠢᠭᠡᠬᠦ ᠬᠡᠪᠴᠢᠶ᠎ᠡ ᠶᠢ ᠥᠷᠭᠡᠳᠬᠡᠨ᠂ ᠨᠠᠷᠢᠯᠢᠭ ᠭᠦᠨᠵᠡᠭᠡᠢ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠠᠷᠠᠲᠤ ᠲᠡᠮᠳᠡᠭᠲᠦ ᠶᠢᠨ ᠴᠣᠭᠴᠠᠯᠠᠯᠲᠠ ᠶᠢ | ᠴᠢᠩᠭᠠᠳᠬᠠᠨ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ | ᠴᠢᠷᠮᠠᠶᠢᠨ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠦᠭᠡᠢ ᠠᠮᠢ ᠠᠬᠤᠢ᠂ ᠲᠡᠦᠬᠡ ᠰᠣᠶᠣᠯ᠂ ᠬᠤᠪᠢᠰᠬᠠᠯ ᠤᠨ ᠰᠣᠶᠣᠯ᠂ | ᠠᠷᠠᠳ ᠤᠨ ᠵᠠᠩ ᠦᠶᠯᠡ ᠶᠢᠨ ᠰᠣᠶᠣᠯ ᠪᠠ ᠣᠨᠴᠠᠯᠢᠭᠲᠤ ᠢᠳᠡᠭᠡᠨ ᠤᠮᠳᠠᠭᠠᠨ ᠤ ᠰᠣᠶᠣᠯ ᠤᠨ ᠡᠬᠢ ᠪᠠᠶᠠᠯᠢᠭ ᠲᠤ | ᠲᠦᠰᠢᠭᠯᠡᠨ᠂ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ | ᠪᠦᠲᠦᠭᠡᠨ ᠪᠠᠶᠢᠭᠤᠯᠵᠤ᠂ ᠪᠥᠬᠦ ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ | ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠰᠠᠯᠬᠢᠨ ᠭᠡᠷᠡᠯ ᠤᠰᠤᠨ ᠤ ᠬᠠᠷᠢᠯᠴᠠᠨ ᠨᠥᠬᠦᠪᠦᠷᠢᠯᠡᠬᠦ | ᠴᠡᠪᠡᠷ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠵᠠᠷ ᠣᠷᠣᠨ ᠤ ᠴᠠᠬᠢᠯᠭᠠᠨ ᠤ | ᠲᠣᠣᠷ ᠤᠨ ᠲᠣᠣᠷ ᠤᠨ ᠪᠦᠲᠦᠴᠡ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠴᠡᠪᠡᠷ | ᠡᠨᠧᠷᠭᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠶᠠᠨ ᠤ | ᠳᠣᠲᠣᠷᠠᠬᠢ ᠡᠯᠪᠡᠭ ᠳᠡᠯᠪᠡᠭ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠭᠤᠷᠢᠨ ᠳᠤ ᠠᠮᠢ ᠠᠬᠤᠢ ᠶᠢᠨ | ᠬᠠᠮᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠵᠤ ᠠᠬᠤᠢ ᠶᠢᠨ | ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠬᠤᠶᠠᠷ ᠲᠤ ᠨᠡᠭᠡᠭᠡᠨ ᠬᠥᠭᠵᠢᠭᠦᠯᠬᠦ ᠣᠷᠣᠨ ᠢ ᠰᠡᠷᠭᠦᠭᠡᠨ | ᠪᠠᠶᠢᠭᠤᠯᠬᠤ ᠪᠠᠷ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠭᠤᠣᠯ ᠲᠠᠶᠢᠨ ᠤ ᠲᠠᠯᠠᠪᠤᠷ ᠢ ᠪᠤᠢ ᠪᠣᠯᠭᠠᠨ᠎ᠠ᠃ ︽ᠨᠢᠭᠡ ᠬᠦᠷᠢᠶᠡᠯᠡᠩ ᠬᠤᠶᠠᠷ ᠲᠣᠭᠤᠷᠢᠭ︾ ᠤᠨ ᠬᠥᠭᠵᠢᠯᠲᠡ ᠶᠢᠨ | ᠵᠠᠭᠪᠤᠷ ᠢᠶᠠᠷ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠷᠪᠠᠳᠤᠭᠠᠷ ᠲᠥᠷᠥᠯ ᠤᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠰᠡᠷᠭᠦᠭᠡᠨ ᠪᠠᠶᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠵᠢᠯ ᠤᠨ ᠳᠣᠲᠣᠷ᠎ᠠ ᠬᠤᠶᠠᠷ | ᠬᠦᠷᠢᠶᠡᠯᠡᠩ ᠲᠣᠭᠤᠷᠢᠭ ᠲᠤ ᠲᠣᠰ ᠲᠣᠰ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ 10 ᠠᠴᠠ ᠳᠡᠭᠡᠭᠰᠢ ᠨᠠᠶᠢᠳᠠᠪᠤᠷᠢᠵᠢᠭᠤᠯᠵᠤ᠂ | ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ | ᠲᠣᠭᠤᠷᠢᠭ ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠶᠢ ᠨᠢᠭᠡ | ᠴᠣᠭᠴᠠᠵᠢᠭᠤᠯᠤᠭᠰᠠᠨ ᠠᠵᠤ ᠦᠢᠯᠡᠰ ᠤᠨ ᠰᠦᠷᠦᠭᠵᠢᠯ ᠢ ᠭᠤᠣᠯᠳᠠᠯᠭ᠎ᠠ ᠲᠠᠢ ᠬᠥᠭᠵᠢᠭᠦᠯᠵᠦ᠂ ᠦᠢᠯᠡᠳᠬᠦᠨ ᠤ | ᠥᠷᠲᠡᠭ ᠢ 15.2 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠪᠣᠬᠢᠷᠲᠤᠯ ᠦᠭᠡᠢ ᠠᠵᠤ ᠦᠢᠯᠡᠳᠪᠦᠷᠢ ᠶᠢᠨ | ᠲᠥᠪᠯᠡᠷᠡᠭᠰᠡᠨ ᠣᠷᠣᠨ ᠳᠤ ᠪᠣᠬᠢᠷᠲᠤᠯ ᠦᠭᠡᠢ ᠠᠭᠤᠷᠬᠠᠢ ᠶᠢᠨ ᠭᠠᠷᠤᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠪᠠ | ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠦᠢᠯᠡᠳᠬᠦᠨ ᠤ ᠥᠷᠲᠡᠭ ᠢ 9 | ᠳ᠋ᠦᠩᠰᠢᠭᠤᠷ ᠲᠤ ᠬᠦᠷᠭᠡᠨ᠎ᠡ᠃ ᠭᠤᠷᠪᠠ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ | ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠣᠨ ᠤ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ | ︽ᠭᠤᠷᠪᠠᠨ ᠭᠤᠷᠪᠠ︾ ᠶᠢᠨ ᠴᠢᠬᠤᠯᠠ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠭᠠᠷᠴᠠᠭᠯᠠᠯ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠳᠤ | ᠨᠡᠶᠢᠴᠡᠬᠦ ᠭᠤᠣᠯᠳᠠᠯᠭ᠎ᠠ ᠲᠠᠢ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠨ᠎ᠡ᠃ ᠳᠥᠷᠪᠡ ᠳᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠣᠷᠣᠨ ᠤ ᠲᠥᠪ ᠤᠨ ᠬᠤᠶᠢᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠨ᠎ᠠ᠃ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠶᠢᠨ ᠬᠤᠷᠢᠭ᠎ᠠ ᠱᠤᠭᠤᠮ ᠢ | ᠰᠠᠶᠢᠲᠤᠷ ᠰᠠᠬᠢᠵᠤ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠮᠠᠭᠤᠳᠠᠭᠰᠠᠨ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠠᠭᠤᠷᠬᠠᠢ ᠶᠢ ᠰᠡᠷᠭᠦᠭᠡᠨ ᠵᠠᠰᠠᠬᠤ ︽ᠭᠤᠷᠪᠠᠨ ᠶᠡᠭᠡ ᠢᠨᠵᠧᠨᠧᠷᠢᠩ︾ | ᠢ ᠬᠡᠷᠡᠭᠵᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠢᠶᠠᠷ ᠭᠤᠣᠯᠳᠠᠯᠭ᠎ᠠ ᠪᠣᠯᠭᠠᠭᠰᠠᠨ ᠪᠥᠬᠦ ᠴᠠᠷᠠᠭ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠢ ᠰᠠᠶᠢᠲᠤᠷ ᠠᠳᠬᠤᠵᠤ᠂ ᠮᠣᠳᠣ ᠳᠠᠷᠢᠵᠤ ᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠤᠨ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ︽ᠠᠮᠢ ᠠᠬᠤᠢ ᠲᠠᠷᠢᠶᠠᠯᠠᠩ ᠮᠠᠯ ᠠᠵᠤ ᠠᠬᠤᠢ︾ ︽ᠨᠡᠭᠦᠷᠡᠰᠦᠲᠥ᠋ᠷᠥᠭᠴᠢ ᠬᠤᠷᠠᠯᠳᠤᠭᠤᠯᠬᠤ ᠠᠵᠤ ᠠᠬᠤᠢ︾ ︽ | ᠣᠢ ᠰᠢᠭᠤᠢ ᠶᠢᠨ ᠬᠤᠷᠮᠣᠢ ᠶᠢᠨ ᠠᠵᠤ ᠠᠬᠤᠢ︾ ᠵᠡᠷᠭᠡ ᠶᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ | ᠦᠢᠯᠡᠰ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠂ ᠨᠡᠶᠢᠭᠡᠮ ᠤᠨ ᠬᠥᠷᠥᠩᠭᠡ ᠶᠢ ᠣᠷᠣᠭᠤᠯᠤᠨ | ᠠᠮᠢ ᠠᠬᠤᠢ ᠶᠢ ᠰᠡᠷᠭᠦᠭᠡᠨ ᠵᠠᠰᠠᠬᠤ ᠳᠤ ᠣᠷᠣᠯᠴᠠᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ | ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠭᠠᠵᠠᠷ ᠢ ᠪᠥᠬᠦ | ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠲᠠᠪᠤ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ | ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠬᠦᠴᠦᠲᠡᠢ ᠪᠥᠭᠡᠳ ᠪᠦᠲᠦᠮᠵᠢᠲᠡᠢ ᠠᠬᠢᠭᠤᠯᠤᠨ᠎ᠠ᠃ ᠲᠠᠷᠢᠶᠠᠯᠠᠩ ᠤᠨ ᠠᠵᠤ ᠦᠢᠯᠡᠰ ᠤᠨ ᠰᠠᠭᠤᠷᠢ ᠶᠢ | ᠪᠠᠬᠢᠵᠢᠭᠦᠯᠵᠦ᠂ ᠬᠡᠪᠴᠢᠶᠡᠵᠢᠭᠦᠯᠦᠨ ᠳᠠᠷᠢᠵᠤ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ | ᠲᠡᠳᠬᠦᠬᠦ ᠪᠠ ᠨᠡᠶᠢᠭᠡᠮ ᠤᠨ ᠬᠦᠴᠦᠨ ᠤ ︽ᠭᠤᠷᠪᠠᠨ ᠲᠥᠷᠥᠯ ᠢᠶᠠᠷ ᠬᠠᠪᠰᠤᠷᠤᠨ ᠲᠡᠳᠬᠦᠬᠦ︾ ᠶᠢ ᠰᠠᠶᠢᠲᠤᠷ | ᠠᠳᠬᠤᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠵᠦ ᠬᠠᠪᠰᠤᠷᠤᠨ | ᠲᠡᠳᠬᠦᠬᠦ ᠶᠢ ᠰᠠᠶᠢᠲᠤᠷ ᠬᠢᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ︽ᠳᠣᠯᠣᠭᠠᠨ | ᠨᠢᠭᠡ︾ ᠶᠢᠨ ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ | ᠦᠷᠭᠦᠯᠵᠢᠯᠡᠨ ᠪᠣᠶ ᠪᠣᠯᠭᠠᠵᠤ᠂ 311 ᠮᠤᠵᠢ ᠶᠢᠨ ᠵᠠᠮ ᠤᠨ ᠪᠥᠬᠦ ᠱᠤᠭᠤᠮ ᠢ ᠪᠠᠶᠢᠭᠤᠯᠤᠨ ᠳᠠᠭᠤᠰᠬᠠᠵᠤ ᠲᠡᠷᠭᠡ | ᠨᠡᠪᠲᠡᠷᠡᠭᠦᠯᠬᠦ ᠶᠢ ᠠᠬᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ | ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠵᠢᠷᠭᠤᠭ᠎ᠠ ᠳᠤ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ | ᠨᠡᠩ ᠴᠢᠬᠤᠯᠠᠴᠢᠯᠠᠨ᠎ᠠ᠃ ᠰᠤᠷᠭᠠᠨ ᠬᠥᠮᠦᠵᠢᠯ ᠡᠮᠴᠢᠯᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠰᠡᠨ | ᠰᠢᠶᠠᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠵᠤ᠂ ᠬᠠᠮᠲᠤᠷᠠᠨ ᠰᠤᠷᠭᠠᠭᠤᠯᠢ ᠡᠷᠬᠢᠯᠡᠬᠦ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ | ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ ᠪᠠᠶᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠵᠤ᠂ ᠰᠢᠶᠠᠨ᠂ ᠰᠢᠶᠠᠩ᠂ ᠭᠠᠴᠠᠭ᠎ᠠ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠦᠴᠢᠷᠳᠡᠯ ᠲᠠᠢ ᠬᠠᠮᠲᠤᠯᠢᠭ ᠤᠨ ᠦᠨᠳᠦᠰᠦᠨ ᠠᠮᠢᠳᠤᠷᠠᠯ ᠢ | ᠪᠠᠲᠤᠯᠠᠬᠤ ᠪᠠ ᠠᠪᠤᠷᠠᠨ ᠲᠤᠰᠠᠯᠠᠵᠤ ᠲᠡᠳᠬᠦᠬᠦ ᠵᠡᠷᠭᠡ ᠠᠵᠢᠯ ᠢ ᠰᠠᠶᠢᠲᠤᠷ ᠬᠢᠨ᠎ᠡ᠃ ᠳᠤᠯᠠᠭᠠᠯᠭ᠎ᠠ ᠶᠢᠨ | ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠢᠯᠴᠢ ᠬᠠᠩᠭᠠᠬᠤ ᠪᠠ | ᠬᠥᠳᠡᠭᠡ ᠲᠣᠰᠬᠤᠨ ᠤ ᠳᠤᠯᠠᠭᠠᠯᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ | ᠪᠦᠬᠦᠨ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤ ᠶᠢᠨ | ᠴᠢᠳᠠᠮᠵᠢ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠤᠣᠯ ᠰᠡᠳᠦᠪᠲᠦ ᠬᠥᠮᠦᠵᠢᠯ ᠢ ᠰᠠᠶᠢᠲᠤᠷ | ᠠᠳᠬᠤᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ | ᠲᠣᠭᠲᠠᠭᠠᠯ ᠲᠣᠭᠲᠠᠭᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠨᠠᠮ ᠤᠨ ᠠᠴᠢ ᠶᠢ ᠮᠡᠳᠡᠷᠡᠬᠦ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠤᠨ ᠵᠢᠱᠢᠭᠰᠡᠨ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠲᠤᠯᠤᠭ᠎ᠠ ᠳᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ | ᠬᠠᠮᠠᠭᠠᠯᠠᠨ᠎ᠠ᠃ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠠᠶᠢᠯᠪᠤᠷᠢᠯᠠᠯᠲᠠ ᠪᠠ ᠤᠬᠠᠭᠤᠯᠭ᠎ᠠ | ᠳᠡᠯᠭᠡᠷᠡᠭᠦᠯᠦᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠦᠴᠦᠸᠠᠨ ᠤ ᠨᠡᠷᠡᠳᠤ ᠲᠡᠮᠳᠡᠭ ᠢ | ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠶᠢ | ᠲᠦᠯᠬᠢᠨ ᠠᠬᠢᠭᠤᠯᠤᠨ᠎ᠠ᠃ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ | ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠭᠤᠣᠯᠳᠠᠯᠭ᠎ᠠ ᠲᠠᠢ ᠠᠵᠢᠯ ᠲᠥᠷᠥᠯ ᠪᠠ ᠪᠠᠶᠢᠭᠠᠯᠢ ᠶᠢᠨ ᠭᠠᠢ ᠭᠠᠮᠰᠢᠭ ᠤᠨ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠳᠤ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠠᠵᠤ ᠠᠬᠤᠢ ᠶᠢᠨ ᠠᠵᠢᠯ ᠢ ᠠᠳᠬᠤᠬᠤ | ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠠᠵᠢᠯ ᠢ ᠠᠳᠬᠤᠬᠤ | ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ | ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠠᠵᠢᠯ ᠢ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠦᠢᠯᠡᠳᠦᠯ ᠢ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ | ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠠᠵᠢᠯ ᠢ | ᠠᠳᠬᠤᠬᠤ ᠰᠢᠯᠭᠠᠷᠠᠭᠰᠠᠨ ᠡᠩᠨᠡᠭᠡ ᠶᠢ ᠪᠠᠶᠢᠭᠤᠯᠵᠤ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠶᠡᠭᠡ ᠪᠠᠷ ᠣᠷᠣᠭᠤᠯᠤᠨ ᠠᠪᠴᠢᠷᠠᠵᠤ᠂ ᠺᠠᠳ᠋ᠷ ᠤᠨ ᠡᠩᠨᠡᠭᠡᠨ ᠤ ᠱᠠᠲᠤᠯᠵᠢᠨ ᠡᠩᠨᠡᠭᠡ ᠶᠢᠨ | ᠬᠥᠮᠦᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤᠳᠠᠭᠠᠨ ᠳᠠᠭᠠᠭᠠᠮᠠᠭᠠᠢ ᠲᠠᠶᠢᠨ ᠤ | ᠢᠯᠠᠯᠲᠠ ᠶᠢ ᠡᠷᠡᠰ ᠣᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ | ᠬᠢᠬᠦ ᠳᠤ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠬᠠᠷᠠᠯᠲᠠ ᠪᠠᠨ ᠲᠣᠭᠲᠠᠭᠠᠵᠤ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠷᠭ᠎ᠠ ᠪᠦᠬᠦᠨ ᠢ | ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠡᠭᠦᠳᠴᠦ᠂ ᠵᠢᠱᠢᠶ᠎ᠡ | ᠦᠵᠡᠭᠦᠯᠵᠦ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠰᠤᠷᠲᠠᠯ ᠢᠶᠠᠨ ᠬᠤᠪᠢᠷᠠᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ | ᠤᠬᠠᠮᠰᠠᠷ ᠢᠶᠠᠨ ᠴᠢᠩᠭᠠᠳᠬᠠᠵᠤ᠂ ᠬᠥᠮᠥᠨ ᠰᠣᠩᠭᠤᠵᠤ ᠬᠥᠮᠥᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ | ᠪᠣᠯᠭᠠᠵᠤ᠂ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ | ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠷᠭᠡᠨ ᠤᠯᠠᠨ | ᠺᠠᠳ᠋ᠷᠴᠤᠳ ᠢ ᠳᠠᠷᠤᠭᠠᠰᠤ ᠪᠠᠨ ᠬᠠᠶᠠᠵᠤ ᠠᠵᠢᠯ ᠬᠢᠵᠦ ᠦᠢᠯᠡᠰ ᠪᠣᠰᠬᠠᠬᠤ ᠪᠣᠯᠭᠠᠬᠤ ᠬᠡᠷᠡᠭᠲᠡᠢ᠃ ᠳᠡᠭᠡᠳᠦ ᠱᠠᠲᠤ | ᠨᠢ ᠳᠣᠣᠷᠠᠳᠤ ᠱᠠᠲᠤ ᠪᠠᠨ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠬᠤᠯᠠ ᠶᠡᠭᠡ ᠳᠦᠷᠦᠯ ᠵᠦᠢᠯ᠂ | ᠭᠤᠣᠯᠳᠠᠯᠭ᠎ᠠ ᠲᠠᠢ ᠡᠭᠦᠷᠭᠡ᠂ ᠬᠦᠴᠢᠷ ᠠᠵᠢᠯ ᠢ ᠨᠢᠭᠡᠳᠦᠭᠡᠷ ᠹᠷᠣᠨᠲ ᠲᠤ ᠬᠢᠨᠠᠨ ᠵᠢᠯᠤᠭᠤᠳᠴᠤ᠂ ᠲᠤᠭᠤᠰᠢᠲᠠᠢ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠵᠢᠯ ᠤᠨ ᠡᠴᠦᠰ ᠵᠢᠯ ᠤᠨ ᠡᠬᠢ ᠪᠠᠷ᠂ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠠ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠵᠥᠷᠢᠴᠡᠯ | ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠣᠨᠴᠠᠭᠠᠶ ᠬᠦᠴᠢᠷᠳᠡᠯ ᠲᠠᠢ ᠬᠠᠮᠲᠤᠯᠢᠭ ᠢ | ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠪᠦᠬᠦ ᠰᠢᠶᠠᠨ ᠤ ᠠᠷᠠᠳ ᠲᠦᠮᠡᠨ ᠢ | ᠬᠠᠯᠠᠭᠤᠨ ᠳᠤᠯᠠᠭᠠᠨ ᠢᠶᠠᠷ ᠡᠪᠦᠯᠵᠢᠭᠦᠯᠬᠦ ᠬᠡᠷᠡᠭᠲᠡᠢ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠴᠢᠩᠭ᠎ᠠ ᠠᠳᠬᠤᠨ | ᠲᠦᠷᠭᠡᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ᠃ | | | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |