ᠮᠠᠨ ᠤ ᠣᠷᠣᠨ ᠤ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 17.9% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/1/8
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ ᠲᠦᠷᠦᠭᠦᠦ 11 ᠰᠠᠷ᠎ᠠ ᠳᠤ ᠪᠦᠭᠦ ᠣᠷᠣᠨ ᠤ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠ ᠪᠠᠷᠠᠭᠠᠨ ᠤ ᠡᠷᠭᠢᠯᠲᠡ ᠶᠢᠨ ᠬᠡᠮᠵᠢᠶ᠎ᠡ ᠲᠤᠰᠪᠤᠷᠢ 13.6 ᠳ᠋ᠦᠩᠰᠢᠭᠤᠷ ᠲᠣᠨ ᠪᠠ 2182 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ 2022 ᠣᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 17.9% ᠪᠠ 11.9% ᠪᠠᠷ ᠨᠡᠮᠡᠭᠳᠡᠵᠦ᠂ ᠪᠦᠭᠦ ᠣᠷᠣᠨ ᠤ ᠠᠵᠤ ᠠᠬᠤᠢ ᠶᠢᠨ ᠪᠦᠭᠦ ᠲᠠᠯ᠎ᠠ ᠪᠠᠷ ᠳᠡᠭᠡᠭᠰᠢᠯᠡᠬᠦ ᠪᠠ ᠦᠷᠭᠦᠯᠵᠢᠯᠡᠨ ᠰᠠᠶᠢᠵᠢᠷᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      2023 ᠣᠨ ᠠᠴᠠ ᠨᠠᠭᠠᠰᠢ ᠮᠠᠨ ᠤ ᠣᠷᠣᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠵᠢᠴᠢ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠵᠠᠭᠪᠤᠷ ᠢ ᠶᠡᠭᠡ ᠪᠠᠷ ᠬᠥᠭᠵᠢᠭᠦᠯᠵᠦ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠨᠡᠶᠢᠳᠬᠡᠬᠦ ᠴᠢᠳᠠᠪᠤᠷᠢ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ 2023 ᠣᠨ ᠤ ᠲᠦᠷᠦᠭᠦᠤ 11 ᠰᠠᠷ᠎ᠠ ᠳᠤ᠂ ᠪᠦᠭᠦ ᠣᠷᠣᠨ ᠳᠤ ᠪᠠᠷᠠᠭᠠᠨ ᠤ ᠲᠡᠷᠭᠡ ᠶᠢᠨ ᠵᠠᠮ ᠨᠡᠪᠲᠡᠷᠡᠯᠭᠡ ᠶᠢᠨ ᠰᠦᠢᠳᠬᠡᠯ ᠢ ᠨᠡᠶᠢᠲᠡ 9.9 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ 2022 ᠣᠨ ᠤ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠪᠡ; ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠪᠦᠭᠦ ᠤᠯᠤᠰ ᠤᠨ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ 2 ᠵᠢᠱᠢᠶ᠎ᠡ ᠦᠵᠡᠭᠦᠯᠭᠦ ᠢᠨᠵᠧᠨᠧᠷᠢᠩ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 275.9 ᠲᠦᠮᠡᠨ ᠲᠣᠨ ᠳᠤ ᠭᠦᠷᠴᠠᠢ;︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠦᠢᠯᠡᠰ ᠤᠨ ᠵᠢᠷᠤᠮᠵᠢᠭᠤᠨ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠠᠵᠢᠯ ᠤᠨ ᠰᠢᠯᠭᠠᠨ ᠬᠢᠨᠠᠬᠤ ᠠᠷᠭ᠎ᠠ︾ ᠶᠢ ᠨᠠᠶᠢᠷᠠᠭᠤᠯᠤᠨ ᠨᠡᠶᠢᠲᠡᠯᠡᠵᠦ᠂ ᠪᠦᠭᠦ ᠣᠷᠣᠨ ᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 8430.6 ᠲᠦᠮᠡᠨ ᠲᠣᠨ᠂ ᠠᠷᠠᠯᠵᠢᠶᠠᠨ ᠤ ᠬᠡᠮᠵᠢᠶ᠎ᠡ ᠨᠢ 63.6 ᠳ᠋ᠦᠩᠰᠢᠭᠤᠷ ᠲᠥᠭᠦᠷᠢᠭ ᠲᠤ ᠬᠦᠷᠴᠦ᠂ 3.7 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 244%᠂ 103% ᠪᠠ 130% ᠪᠠᠷ ᠨᠡᠮᠡᠭᠳᠡᠪᠡ᠃      ︽ᠪᠢᠳᠡ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠪᠠᠷᠢᠮᠵᠢᠶᠠᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ ᠦᠢᠯᠡᠴᠢᠯᠡᠭᠡᠨ ᠤ ᠪᠦᠷᠬᠦᠴᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠥᠷᠲᠡᠭᠡ ᠪᠠ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠴᠠᠭᠢᠯᠭᠠᠨ ᠴᠡᠨᠡᠭᠯᠡᠬᠦ ᠱᠣᠩ  ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠬᠢᠷᠳᠤᠯ ᠦᠭᠡᠢ ᠪᠠᠷ ᠶᠠᠪᠤᠵᠤ ᠰᠠᠭᠤᠬᠤ ᠦᠢᠯᠡᠴᠢᠯᠡᠭᠡ ᠳᠤ ᠨᠠᠩ ᠰᠠᠶᠢᠨ ᠲᠤᠯᠭᠠᠭᠤᠷᠢᠯᠠᠯ ᠬᠠᠩᠭᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号