ᠪᠦᠯᠬᠦᠮᠳᠡᠨ ᠨᠢᠭᠲᠠᠷᠠᠵᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2024/1/8
     - ᠡᠯ᠎ᠡ ᠠᠶᠢᠮᠠᠭ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ  ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠪᠠ      ᠣᠶᠢᠷ᠎ᠠ ᠶᠢᠨ ᠡᠳᠦᠷ᠂ ᠮᠠᠨ ᠤ ᠣᠷᠣᠨ ᠤ ᠡᠯ᠎ᠡ ᠠᠶᠢᠮᠠᠭ ᠬᠤᠳᠠ ᠲᠤᠰ ᠲᠤᠰ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠠᠢ᠃      ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠪᠣᠯᠣᠨ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠬᠤ ᠬᠡᠷᠡᠭᠲᠡᠢ᠃ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠪᠦᠭᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ 2024 ᠣᠨ ᠤ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠢᠨᠵᠧᠨᠧᠷᠢᠩ ᠪᠣᠯᠣᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠰᠢᠰᠲ᠋ᠧᠮ ᠲᠠᠢ ᠲᠥᠯᠥᠪᠵᠢᠭᠦᠯᠵᠦ᠂ ᠬᠠᠷᠠᠯᠲᠠ ᠶᠢ ᠣᠨᠣᠪᠴᠢᠲᠠᠶ ᠲᠣᠭᠲᠠᠭᠠᠵᠤ᠂ ᠲᠥᠷᠥᠯ ᠵᠦᠢᠯ ᠢ ᠰᠠᠶᠢᠲᠤᠷ ᠲᠣᠭᠲᠠᠭᠠᠵᠤ᠂ ᠠᠷᠭ᠎ᠠ ᠬᠡᠮᠵᠢᠶ᠎ᠡ ᠶᠢ ᠪᠣᠳᠠᠲᠠᠢ ᠲᠣᠭᠲᠠᠭᠠᠵᠤ᠂ ᠭᠠᠷᠳᠠᠴᠠ ᠲᠠᠢ ᠪᠠᠶᠢᠬᠤ᠂ ᠬᠡᠷᠡᠭᠵᠢᠭᠦᠯᠵᠦ ᠪᠤᠯᠬᠤ᠂ ᠪᠡᠶᠡᠯᠡᠭᠦᠯᠵᠦ ᠳᠡᠶᠢᠯᠭᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠳᠤᠷᠠᠳᠪᠠ; ᠥᠪᠡᠷᠲᠡᠭᠡᠨ ᠵᠠᠰᠠᠬᠤ ᠣᠷᠣᠨ ᠤ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠯᠠᠭᠠᠨᠬᠠᠳᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾᠂ ︽ᠳᠣᠯᠣᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠦᠨᠡᠨ ᠬᠦ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠭᠡᠷᠡᠭᠲᠡᠢ;  ᠭᠤᠣᠯ ᠰᠡᠳᠦᠪᠲᠦ ᠬᠥᠮᠦᠵᠢᠯ ᠢ ᠡᠴᠦᠰ ᠲᠤᠨᠢ ᠲᠤᠯᠲᠠᠯ᠎ᠠ ᠰᠠᠶᠢᠲᠤᠷ ᠥᠷᠨᠢᠭᠦᠯᠵᠦ᠂ ᠬᠠᠷᠠᠬᠠᠨ ᠪᠡᠶᠡᠯᠡᠭᠦᠯᠦᠭᠡᠳᠦᠢ ᠠᠵᠢᠯ ᠢ ᠲᠦᠷᠭᠡᠨ ᠠᠬᠢᠭᠤᠯᠵᠤ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ ᠬᠦᠴᠦᠯᠡᠨ ᠪᠠᠬᠢᠵᠢᠭᠦᠯᠦᠨ ᠥᠷᠭᠡᠳᠬᠡᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠳᠤᠷᠠᠳᠴᠠᠢ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠠᠷᠠᠭᠠᠴᠢ ᠶᠢᠨ  ᠬᠤᠯᠪᠣᠭᠳᠠᠯ ᠪᠦᠬᠦᠢ ᠠᠵᠢᠯ ᠢᠶᠠᠨ  ᠪᠠᠶᠢᠷᠢᠯᠠᠭᠤᠯᠪᠠ᠃ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠵᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂  ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠪ᠊ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂  ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠳᠤᠷᠠᠳᠴᠠᠢ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ 2024 ᠣᠨ ᠤ  ︵ᠥᠷᠭᠡᠳᠬᠡᠭᠰᠡᠨ︶ ᠬᠤᠷᠠᠯ   ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ 2023 ᠣᠨ ᠤ ᠠᠵᠢᠯ ᠢ ᠳ᠋ᠦᠩᠨᠡᠵᠦ᠂ 2024 ᠣᠨ ᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ᠂ 2024 ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠨᠢᠭᠡ ᠵᠢᠱᠢᠶ᠎ᠡ ᠦᠵᠡᠭᠦᠯᠭᠦ ᠠᠶᠢᠮᠠᠭ ᠢ ᠪᠠᠶᠢᠭᠤᠯᠬᠤ᠂ ᠲᠠᠪᠤᠨ ᠶᠡᠭᠡ ᠰᠠᠭᠤᠷᠢᠨ ᠢ ᠪᠠᠶᠢᠭᠤᠯᠬᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠬᠠᠷᠠᠯᠲᠠ ᠶᠢ ᠲᠣᠭᠲᠠᠭᠠᠵᠤ᠂ ᠪᠦᠭᠦ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠠᠯᠠᠱᠠ ᠶᠢᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠤᠷᠠᠳᠪᠠ᠃ ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ︽︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠭ᠎ᠠ ᠬᠡᠮᠵᠢᠶ᠎ᠡ ᠨᠦᠭᠦᠳ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠳᠠ ᠶᠢᠨ ᠬᠤᠷᠢᠶ᠎ᠠ  ᠶᠢᠨ  ᠬᠡᠷᠡᠭᠵᠢᠭᠦᠯᠬᠦ ᠲᠥᠰᠥᠯ︾ ᠢ ᠰᠤᠳᠤᠯᠤᠨ ᠬᠢᠨᠠᠨ ᠵᠥᠪᠯᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠡᠨᠡ ᠵᠢᠯ ᠤᠨ ᠠᠵᠤ ᠠᠬᠤᠢ ᠶᠢᠨ ᠠᠵᠢᠯ ᠪᠠ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号