ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/1/9
     ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠥᠭᠵᠢᠯᠲᠡ ᠶᠢ ᠡᠷᠢᠯᠬᠢᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠂ 1 ᠰᠠᠷ᠎ᠠ ᠶᠢᠨ 8  ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠴᠢᠩ ᠱᠠᠨ ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠠᠢ ᠳᠤ ᠡᠬᠢᠯᠡᠪᠡ︕ ᠪᠦᠬᠦ ᠰᠢᠶᠠᠨ ᠤ ᠡᠯ᠎ᠡ ᠠᠵᠢᠯ ᠲᠦᠷᠦᠯ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠴᠦᠸᠠᠨ ᠤ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠪᠡ᠃
     ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠶᠧ ᠴᠢᠦᠢ ᠫᠢᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠳ᠋ᠧᠩ ᠬᠤᠩ᠂ ᠵᠠᠩ ᠵᠢᠶᠠᠨ ᠰᠢᠶᠦ᠋ᠩ᠂ ᠰᠦᠸ᠋ᠸ ᠶᠦᠩ᠂ ᠸᠠᠩ ᠵᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠲᠣᠰ ᠤᠳᠠᠭᠠᠨ ᠤ ᠬᠤᠷᠠᠯ ᠳᠤ ᠣᠷᠣᠯᠴᠠᠭᠰᠠᠨ ᠭᠡᠰᠢᠭᠦᠨ 154 ᠬᠥᠮᠥᠨ᠂ ᠪᠣᠳᠠᠲᠠᠢ ᠣᠷᠣᠯᠴᠠᠭᠰᠠᠨ ᠨᠢ 141 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃
     ᠬᠤᠷᠠᠯ ᠳᠡᠭᠡᠷ᠎ᠡ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶᠧ ᠴᠢᠦᠢ ᠫᠢᠩ ᠤᠯᠤᠰ ᠲᠥᠷᠥ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠢᠯᠡᠳᠬᠡᠯ ᠳᠤ 2023 ᠣᠨ ᠠᠴᠠ ᠨᠠᠰᠢᠬᠢ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠡᠷᠭᠢᠴᠡᠭᠦᠯᠪᠡ᠃ ᠲᠡᠷᠡ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠭᠡᠳᠦ ᠪᠠᠶᠢᠷᠢ ᠶᠢᠨ ᠵᠢᠯᠣᠭᠤᠳᠤᠯᠭ᠎ᠠ ᠳᠣᠣᠷ᠎ᠠ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠴᠢᠨᠠᠷ ᠰᠠᠶᠢᠲᠠᠢ ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠥᠨᠳᠥᠷ ᠬᠢᠷᠢ ᠲᠦᠪᠰᠢᠨ ᠢᠶᠠᠷ ᠠᠵᠢᠯ ᠢᠶᠠᠨ ᠥᠷᠨᠢᠭᠦᠯᠵᠦ᠂ ᠦᠴᠦᠸᠠᠨ ᠰᠢᠶᠠᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠡᠭᠡᠷ᠎ᠡ᠂ ︽ᠤᠯᠤᠰ ᠲᠥᠷᠥ ᠶᠢᠨ ᠵᠥᠪᠯᠡᠯᠭᠡᠨ ᠤ ᠲᠠᠭᠤᠨ︾ ᠢ ᠬᠠᠩᠭᠢᠨᠠᠭᠤᠯᠵᠤ᠂ ︽ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ︾ ᠢ ᠢᠯᠡᠷᠡᠭᠦᠯᠵᠦ᠂ ︽ᠤᠯᠤᠰ ᠲᠥᠷᠥ ᠶᠢᠨ ᠵᠥᠪᠯᠡᠯᠭᠡᠨ ᠤ ᠬᠦᠴᠦᠨ︾ ᠢ ᠬᠠᠨᠳᠢᠪᠯᠡᠪᠠ᠃ ᠢᠯᠡᠳᠬᠡᠯ ᠳᠤ ᠵᠢᠷᠭᠤᠭᠠᠨ ᠲᠠᠯ᠎ᠠ ᠠᠴᠠ 2023 ᠣᠨ ᠤ ᠠᠵᠢᠯ ᠢ ᠡᠷᠭᠢᠴᠡᠭᠦᠯᠦᠨ ᠳ᠋ᠦᠩᠨᠡᠪᠡ᠄ ᠨᠢᠭᠡ ᠳᠤ᠂ ᠤᠯᠤᠰ ᠲᠦᠷᠦ ᠶᠢᠨ ᠰᠦᠭ ᠰᠦᠨᠡᠰᠦ ᠶᠢ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠨᠡᠩ ᠬᠦᠴᠦᠲᠡᠢ ᠨᠠᠶᠢᠳᠠᠪᠤᠷᠢᠵᠢᠭᠤᠯᠪᠠ︔ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠵᠦ᠂ ᠤᠨᠢᠨ ᠳᠡᠭᠡᠷ᠎ᠡ ᠨᠢ ᠰᠠᠨᠠᠯ ᠳᠤᠷᠠᠳᠤᠯᠭ᠎ᠠ ᠳᠤᠷᠠᠳᠴᠤ᠂ ᠬᠠᠮᠲᠤᠷᠠᠯ ᠤᠨ ᠬᠦᠴᠦᠨ ᠢ ᠬᠤᠷᠠᠮᠳᠤᠭᠤᠯᠤᠨ ᠨᠡᠩ ᠢᠯᠡᠭᠦᠦ ᠠᠮᠵᠢᠯᠲᠠ ᠪᠦᠲᠦᠮᠵᠢ ᠭᠠᠷᠭᠠᠪᠠ︔ ᠭᠤᠷᠪᠠ ᠳᠤ᠂ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠲᠠᠢ ᠨᠢᠭᠲᠠ ᠤᠶᠠᠯᠳᠤᠭᠤᠯᠵᠤ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠡᠩ ᠪᠦᠲᠦᠮᠵᠢᠲᠡᠢ ᠪᠣᠯᠭᠠᠪᠠ︔ ᠳᠥᠷᠪᠡ ᠳᠤ᠂ ᠪᠦᠯᠬᠦᠮᠳᠡᠯ ᠲᠠᠢ ᠠᠷᠠᠳᠴᠢᠯᠠᠯ ᠢ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠴᠢᠳᠠᠪᠬᠢ ᠶᠢ ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠨᠡᠩ ᠥᠷᠭᠡᠨ ᠳᠡᠯᠭᠡᠷ ᠨᠢᠭᠲᠠᠷᠠᠭᠤᠯᠪᠠ︔ ᠲᠠᠪᠤ ᠳᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠵᠠᠰᠠᠭ ᠤᠨ ᠶᠠᠪᠤᠳᠠᠯ ᠢ ᠵᠥᠪᠯᠡᠬᠦ ᠵᠥᠪᠯᠡᠯᠭᠡᠨ ᠤ ᠴᠢᠳᠠᠪᠬᠢ ᠦᠷ᠎ᠡ ᠪᠦᠲᠦᠮᠵᠢ ᠶᠢ ᠨᠡᠩ ᠢᠯᠡ ᠲᠣᠳᠣ ᠪᠣᠯᠭᠠᠪᠠ︔ ᠵᠢᠷᠭᠤᠭ᠎ᠠ ᠳᠤ᠂ ᠦᠨᠳᠦᠰᠦ ᠰᠠᠭᠤᠷᠢ ᠪᠠᠨ ᠪᠠᠬᠢᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠮᠵᠢ ᠪᠠᠨ ᠨᠡᠩ ᠢᠯᠡᠭᠦᠦ ᠢᠯᠡᠷᠡᠭᠦᠯᠪᠡ᠃
     ᠢᠯᠡᠳᠬᠡᠯ ᠳᠤ ᠰᠢᠨ᠎ᠡ ᠨᠢᠭᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠲᠠᠪᠤᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠲᠠᠯ᠎ᠠ ᠪᠠᠷ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ︔ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠢᠯᠡᠳᠦᠯᠭᠡᠵᠢᠭᠦᠯᠵᠦ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ︔ ᠭᠤᠷᠪᠠ ᠳᠤ᠂ ᠵᠥᠪᠯᠡᠬᠦ ᠠᠷᠠᠳᠴᠢᠯᠠᠯ ᠢ ᠲᠡᠭᠦᠯᠳᠡᠷᠵᠢᠭᠦᠯᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ︔ ᠳᠥᠷᠪᠡ ᠳᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ︔ ᠲᠠᠪᠤ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠢᠶᠠᠨ ᠪᠠᠲᠤᠳᠬᠠᠭᠰᠠᠨ ᠰᠠᠭᠤᠷᠢᠨ ᠳᠡᠭᠡᠷ᠎ᠡ ᠳᠠᠯᠳᠠ ᠬᠦᠴᠦᠨ ᠢ ᠭᠦᠨᠵᠡᠭᠡᠢ ᠠᠭᠤᠳᠠᠯᠬᠤ ᠬᠡᠷᠡᠭᠲᠡᠢ᠃      ᠬᠤᠷᠠᠯ ᠠᠴᠠ ᠤᠷᠢᠶᠠᠯᠠᠭᠰᠠᠨ ᠨᠢ᠄ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠲᠥᠪ ᠰᠤᠷᠲᠠᠯ ᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠬᠢᠵᠦ ᠰᠠᠶᠢᠨ ᠠᠷᠭ᠎ᠠ ᠪᠣᠳᠣᠯᠭ᠎ᠠ ᠶᠢ ᠴᠢᠷᠮᠠᠶᠢᠨ ᠰᠦᠪᠡᠭᠴᠢᠯᠡᠵᠦ᠂ ᠵᠣᠷᠢᠭᠲᠠᠢ ᠪᠠᠷ ᠵᠥᠪᠳᠡᠯᠴᠡᠨ ᠦᠨᠡᠨ ᠦᠭᠡ ᠬᠡᠯᠡᠵᠦ᠂ ᠢᠲᠡᠭᠡᠯ ᠲᠠᠢ ᠪᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠴᠢᠬᠡᠴᠢ ᠪᠠᠷ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠦᠴᠦᠸᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ᠂ ᠲᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠤᠶ᠎ᠠ!
     ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠳ᠋ᠧᠩ ᠬᠤᠩ ᠶᠡᠭᠡ ᠬᠤᠷᠠᠯ ᠳᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠬᠢᠭᠰᠡᠨ ᠪᠥᠭᠡᠳ 2024 ᠣᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠳᠣᠣᠷᠠᠬᠢ ᠬᠡᠳᠦᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ︔ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠯ ᠵᠥᠪᠯᠡᠯᠭᠡ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠰᠠᠨᠠᠯ ᠵᠥᠪᠯᠡᠯᠭᠡ ᠶᠢᠨ ᠠᠵᠢᠯ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠬᠡᠷᠡᠭᠲᠡᠢ︔ ᠳᠥᠷᠪᠡ ᠳᠤ᠂ ᠳᠦᠷᠢᠮ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠵᠤ᠂ ᠰᠠᠨᠠᠯ ᠵᠥᠪᠯᠡᠯᠭᠡ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠰᠢᠨ᠎ᠡ ᠨᠢᠭᠡ ᠵᠢᠯ ᠳᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠭᠤᠣᠯᠳᠠᠯᠭ᠎ᠠ ᠶᠢᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠳᠤᠷᠠᠳᠤᠯᠭ᠎ᠠ ᠶᠢ ᠲᠤᠭᠤᠷᠪᠢᠨ ᠪᠢᠴᠢᠬᠦ ᠶᠠᠰᠤ ᠴᠢᠨᠠᠷ ᠢ ᠳᠡᠭᠡᠭᠰᠢᠯᠡᠭᠦᠯᠦᠨ᠎ᠡ︔ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠰᠠᠨᠠᠯ ᠵᠥᠪᠯᠡᠯᠭᠡ ᠶᠢᠨ ᠠᠵᠢᠯ ᠤᠨ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠦᠨ᠎ᠡ︔ ᠭᠦᠨᠵᠡᠭᠡᠢ ᠵᠥᠪᠳᠡᠯᠴᠡᠵᠦ᠂ ᠰᠢᠪᠠᠳᠠᠨ ᠰᠢᠢᠳᠪᠦᠷᠢᠯᠡᠭᠦᠯᠬᠦ ᠠᠵᠢᠯ ᠢ ᠬᠦᠴᠦᠲᠡᠢ ᠠᠳᠬᠤᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ︔ ᠦᠢᠯᠡᠴᠢᠯᠡᠭᠡ ᠶᠢ ᠰᠢᠯᠢᠳᠡᠭᠵᠢᠭᠦᠯᠦᠨ᠂ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠰᠠᠨᠠᠯ ᠵᠥᠪᠯᠡᠯᠭᠡ ᠶᠢᠨ ᠨᠡᠶᠢᠭᠡᠮ ᠤᠨ ᠨᠥᠯᠥᠭᠡ ᠶᠢ ᠥᠷᠭᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠠᠬᠢ ᠰᠠᠨᠠᠯ ᠵᠥᠪᠯᠡᠯᠭᠡ ᠶᠢᠨ ᠠᠵᠢᠯ ᠤᠨ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号