ᠮᠠᠨ ᠤ ᠣᠷᠣᠨ ᠶᠢᠰᠦᠳᠦᠭᠡᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢᠨ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2024/1/9
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ  ᠬᠡᠷᠡᠭ ᠡᠷᠭᠢᠯᠡᠭᠦ ᠵᠥᠪᠯᠡᠯ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠲᠣᠭᠲᠠᠭᠠᠯ ᠭᠠᠷᠭᠠᠵᠤ᠂ ᠭᠦᠭᠡᠬᠤᠲᠠ ᠶᠢᠨ ᠦᠴᠦᠸᠠᠨ ᠰᠢᠶᠠᠨ᠂ ᠪᠤᠭᠤᠲᠤ ᠬᠤᠲᠠ ᠶᠢᠨ ᠵᠢᠦᠶᠤᠸᠠᠨ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠴᠠᠭᠢᠯᠭᠠᠨ ᠬᠠᠩᠭᠠᠬᠤ ᠬᠤᠪᠢᠶᠠᠷᠢ ᠺᠤᠮᠫᠠᠨᠢ ᠵᠡᠷᠭᠡ 138 ᠭᠠᠵᠠᠷ ᠣᠷᠣᠨ ᠪᠠ ᠨᠢᠭᠡᠴᠢ ᠶᠢ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠲᠣᠭᠤᠷᠢᠭ ᠤᠨ ᠶᠢᠰᠦᠳᠦᠭᠡᠷ ᠪᠦᠯᠦᠭ ᠤᠨ ᠵᠢᠱᠢᠶ᠎ᠡ ᠦᠵᠡᠭᠦᠯᠭᠦ ᠨᠢᠭᠡᠴᠢ ᠪᠠᠷ ᠨᠡᠷᠡᠶᠢᠳᠪᠡ᠃      ᠲᠠᠨᠢᠯᠴᠠᠭᠤᠯᠤᠭᠰᠠᠨ ᠢᠶᠠᠷ᠂ ᠨᠡᠷᠡᠶᠢᠳᠬᠦ ᠠᠵᠢᠯ ᠤᠨ ᠳᠤᠮᠳᠠ ᠰᠢᠯᠢᠳᠡᠭ ᠢ ᠨᠢ ᠰᠣᠩᠭᠤᠨ ᠲᠠᠨᠢᠯᠴᠠᠭᠤᠯᠬᠤ᠂ ᠴᠢᠩᠭ᠎ᠠ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ ᠵᠡᠷᠭᠡ ᠶᠠᠪᠤᠴᠠ ᠪᠠᠷ ᠲᠠᠮᠵᠢᠨ᠂ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠬᠢᠨᠠᠨ ᠰᠢᠯᠭᠠᠬᠤ᠂ ᠡᠩ ᠤᠨ ᠦᠶ᠎ᠡ ᠶᠢᠨ ᠠᠵᠢᠯ ᠤᠨ ᠪᠠᠶᠢᠳᠠᠯ᠂ ᠺᠠᠳ᠋ᠷ ᠣᠯᠠᠨ ᠲᠦᠮᠡᠨ ᠤ ᠰᠣᠷᠪᠤᠯᠵᠢᠯᠠᠭ᠎ᠠ᠂ ᠠᠶᠢᠮᠠᠭ ᠬᠤᠲᠠ ᠶᠢᠨ ᠲᠠᠨᠢᠯᠴᠠᠭᠤᠯᠤᠭᠰᠠᠨ ᠰᠠᠨᠠᠯ ᠵᠢᠴᠢ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠦᠨᠡᠯᠡᠯᠲᠡ ᠳᠤ ᠣᠷᠣᠯᠴᠠᠬᠰᠠᠨ ᠭᠠᠵᠠᠷ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠪᠠᠶᠢᠳᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠰ ᠳᠡᠪᠰᠢᠭᠦᠯᠦᠭᠰᠡᠨ ᠵᠠᠭᠪᠤᠷ ᠵᠡᠷᠭᠡ ᠠᠭᠤᠯᠭ᠎ᠠ ᠶᠢ ᠬᠢᠨᠠᠨ ᠰᠢᠯᠭᠠᠵᠤ ᠦᠨᠡᠯᠡᠬᠦ ᠶᠢ ᠨᠠᠩ ᠴᠢᠬᠤᠯᠠᠴᠢᠯᠠᠵᠤ᠂ ᠨᠡᠷᠡᠶᠢᠳᠦᠭᠳᠡᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢ ᠦᠨᠡᠨᠬᠦ ᠠᠬᠢᠭᠤᠯᠪᠠ᠃ ᠣᠳᠣᠬᠠᠨ ᠪᠤᠯᠲᠠᠯ᠎ᠠ᠂ ᠮᠠᠨ ᠤ ᠣᠷᠣᠨ ᠨᠢᠭᠡᠨᠲᠡ 747 ᠭᠠᠵᠠᠷ ᠣᠷᠣᠨ ᠪᠠ ᠨᠢᠭᠡᠴᠢ ᠶᠢ ᠤᠷᠢᠳ ᠬᠤᠵᠢᠳ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠤ ᠵᠢᠱᠢᠶ᠎ᠡ ᠦᠵᠡᠭᠦᠯᠭᠦ ᠨᠢᠭᠡᠴᠢ ᠪᠠᠷ ᠨᠡᠷᠡᠶᠢᠳᠴᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号