ᠮᠠᠨ ᠤ ᠣᠷᠣᠨ ᠤ ᠨᠢᠭᠡ ᠳᠤᠮᠳᠠᠳᠤ ᠰᠤᠷᠭᠠᠭᠤᠯᠢ ︽ᠴᠢᠩᠬᠤᠸᠠ ᠶᠡᠭᠡ ᠰᠤᠷᠭᠠᠭᠤᠯᠢ ᠶᠢᠨ ᠣᠶᠤᠲᠠᠨ ᠤ ᠢᠷᠡᠯᠲᠡ ᠶᠢᠨ ᠳᠤᠮᠳᠠᠳᠤ ᠰᠤᠷᠭᠠᠭᠤᠯᠢ︾ ᠪᠠᠷ ᠦᠨᠡᠯᠡᠭᠳᠡᠪᠡ︕
ᠨᠡᠶᠢᠲᠡᠯᠡᠭᠰᠡᠨ ᠴᠠᠭ᠄
2024/1/9
     ᠪᠠᠶᠠᠷ ᠤᠨ ᠮᠡᠳᠡᠭᠡ︕ ᠣᠷᠳᠣᠰ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ︽ᠴᠢᠩᠬᠤᠸᠠ ᠶᠡᠭᠡ ᠰᠤᠷᠭᠠᠭᠤᠯᠢ ᠶᠢᠨ ᠣᠶᠤᠲᠠᠨ ᠤ ᠢᠷᠡᠯᠲᠡ ᠶᠢᠨ ᠳᠤᠮᠳᠠᠳᠤ ᠰᠤᠷᠭᠠᠭᠤᠯᠢ︾ ᠴᠣᠯᠠ ᠭᠦᠷᠳᠡᠪᠡ      2024 ᠣᠨ ᠤ 1 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ︽ᠴᠢᠩᠬᠤᠸᠠ ᠶᠡᠭᠡ ᠰᠤᠷᠭᠠᠭᠤᠯᠢ ᠶᠢᠨ ᠣᠶᠤᠲᠠᠨ ᠤ ᠢᠷᠡᠯᠲᠡ ᠶᠢᠨ ᠳᠤᠮᠳᠠᠳᠤ ᠰᠤᠷᠭᠠᠭᠤᠯᠢ︾ ᠶᠢᠨ ᠫᠠᠶᠢᠰᠠ ᠣᠯᠭᠤᠬᠤ ᠶᠣᠰᠣᠯᠠᠯ ᠵᠢᠴᠢ ᠴᠢᠩᠬᠤᠸᠠ ᠶᠡᠭᠡ ᠰᠤᠷᠭᠠᠭᠤᠯᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠠᠷᠢᠯᠴᠠᠬᠤ ᠬᠤᠷᠠᠯ ᠣᠷᠳᠣᠰ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠦᠪᠡᠳᠡᠭᠰᠢ ᠶᠡᠭᠡ ᠪᠠᠷ ᠶᠠᠪᠤᠭᠳᠠᠪᠠ᠃      ᠶᠠᠷᠢᠯᠴᠠᠬᠤ ᠬᠤᠷᠠᠯ ᠤᠨ ᠳᠠᠷᠠᠭ᠎ᠠ᠂ ︽ᠴᠢᠩᠬᠤᠸᠠ ᠶᠡᠭᠡ ᠰᠤᠷᠭᠠᠭᠤᠯᠢ ᠶᠢᠨ ᠣᠶᠤᠲᠠᠨ ᠤ ᠢᠷᠡᠯᠲᠡ ᠶᠢᠨ ᠳᠤᠮᠳᠠᠳᠤ ᠰᠤᠷᠭᠠᠭᠤᠯᠢ︾ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ᠣᠷᠳᠣᠰ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠲᠣᠰ ᠤᠳᠠᠭᠠᠨ ᠤ ᠢᠷᠠᠭᠤ ᠠᠯᠳᠠᠷ ᠢᠶᠠᠷ ᠠᠵᠠ ᠲᠣᠭᠢᠶᠠᠯ ᠪᠤᠯᠭᠠᠵᠤ᠂ ᠬᠥᠮᠥᠨ ᠬᠥᠮᠥᠵᠢᠭᠦᠯᠬᠦ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠬᠤᠸᠠ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠲᠠᠢ ᠭᠠᠷ ᠬᠤᠯᠪᠣᠨ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号