ᠮᠠᠨ ᠤ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ | ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 17 ᠰᠠᠯᠠᠭ᠎ᠠ | ᠮᠥᠴᠢᠷ ᠤᠨ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ | ᠬᠥᠳᠡᠭᠡ ᠲᠣᠰᠬᠤᠨ ᠤ ᠬᠡᠷᠡᠭᠯᠡᠭᠡ ᠶᠢ ᠠᠬᠢᠭᠤᠯᠬᠤ ᠲᠤᠬᠠᠢ ᠰᠠᠨᠠᠯ︾ ︵ᠬᠤᠳᠠᠯᠳᠤᠭᠠᠨ ᠭᠦᠢᠯᠭᠡᠭᠡᠨ ᠲᠠᠷᠬᠠᠭᠠᠭᠰᠠᠨ | ﹇2021﹈ 99 ᠳ᠋ᠦ᠋ᠭᠡᠷ ᠲᠣᠭᠠᠲᠤ︶᠂ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠬᠦ ᠲᠤᠬᠠᠢ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ | ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠤ ᠮᠡᠳᠡᠭᠳᠡᠯ︾ ︵ᠡᠳ᠋ ᠠᠯᠪᠠᠨ ᠪᠠᠶᠢᠭᠤᠯᠤᠯᠲᠠ ﹇2022﹈ | 18 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ︽2025 ᠣᠨ ᠤ ᠲᠥᠪ ᠤᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ︵ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ︶ ᠲᠤᠰᠬᠠᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠬᠤᠳᠠᠯᠳᠤᠭ᠎ᠠ | ᠭᠦᠢᠯᠭᠡᠭᠡᠨ ᠥᠰᠥᠭ ﹇2024﹈ 715 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ | ᠶᠣᠰᠣᠭᠠᠷ᠂ ᠮᠠᠨ ᠤ ᠰᠢᠶᠠᠨ ᠲᠥᠷᠥᠯ ᠵᠦᠢᠯ ᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠪᠠ᠃ ᠮᠡᠳᠡᠭᠳᠡᠯ | ᠨᠡᠶᠢᠲᠡᠯᠡᠬᠦ᠂ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠬᠢᠨᠠᠨ | ᠲᠣᠭᠲᠠᠭᠠᠵᠤ ᠮᠡᠳᠡᠭᠦᠯᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠴᠦᠰ ᠲᠡᠭᠡᠨ ᠦᠴᠦᠸᠠᠨ ᠰᠢᠶᠠᠨ ᠤ 2025 | ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ | ︽ᠲᠤᠷᠰᠢᠯᠲᠠ ᠶᠢᠨ ᠰᠢᠶᠠᠨ︾ ᠤ ᠳᠡᠮᠵᠢᠯᠭᠡ ᠣᠯᠭᠤᠬᠤ ᠲᠥᠷᠥᠯ ᠵᠦᠢᠯ ᠢ 5 ᠰᠢᠯᠭᠠᠷᠠᠭᠤᠯᠤᠨ ᠭᠠᠷᠭᠠᠵᠤ᠂ ᠣᠲᠣ | ᠨᠡᠶᠢᠭᠡᠮ ᠳᠤ ᠵᠠᠷᠯᠠᠨ ᠨᠡᠶᠢᠲᠡᠯᠡᠬᠦ ᠪᠠᠷ ᠪᠣᠶ᠃ | ᠨᠢᠭᠡ᠂ ᠲᠥᠷᠥᠯ ᠵᠦᠢᠯ ᠤᠨ ᠮᠡᠳᠡᠭᠡ ᠵᠠᠩᠭᠢ | ︵ᠨᠢᠭᠡ︶ ᠦᠴᠦᠸᠠᠨ ᠤ ᠲᠥᠮᠥᠰᠥ ᠶᠢᠨ ᠭᠠᠷᠤᠯᠲᠠ ᠶᠢᠨ ᠣᠷᠣᠨ ᠤ ᠬᠠᠮᠲᠤᠷᠠᠭᠰᠠᠨ ᠪᠠᠷᠢᠮᠵᠢᠶᠠᠵᠢᠯᠲᠠ᠂ ᠨᠡᠷᠡᠲᠦ | ᠲᠡᠮᠳᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ | ᠳᠠᠭᠠᠭᠠᠴᠢᠯᠠᠨ ᠡᠷᠬᠢᠯᠡᠬᠦ ᠠᠵᠤ ᠠᠬᠤᠶᠢᠯᠠᠯ᠄ ᠥᠪᠥᠷ ᠮᠣᠩᠭᠤᠯ ᠤᠨ ᠳ᠋ᠠ ᠽᠧ ᠽᠧ ᠴᠧᠩ ᠬᠠᠩᠭᠠᠯᠭ᠎ᠠ ᠶᠢᠨ | ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ | ᠬᠡᠷᠡᠭᠵᠢᠭᠦᠯᠬᠦ ᠬᠤᠭᠤᠴᠠᠭ᠎ᠠ᠄ 2025 ᠣᠨ ᠤ 4 ᠰᠠᠷ᠎ᠠ - 2025 ᠣᠨ ᠤ 10 ᠰᠠᠷ᠎ᠠ | ᠪᠡᠯᠡ ᠣᠷᠣᠭᠤᠯᠤᠯᠲᠠ ᠨᠢ᠄ 2357 ᠲᠦᠮᠡᠨ ᠲᠥᠭᠦᠷᠢᠭ | ︵ᠬᠤᠶᠠᠷ︶ ᠥᠪᠥᠷ ᠮᠣᠩᠭᠤᠯ ᠤᠨ ᠰᠢᠨ ᠨᠦᠩ ᠬᠡᠸᠦ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ | ᠺᠣᠮᠫᠠᠨᠢ ᠶᠢᠨ ᠡᠯᠧᠺᠲᠷᠣᠨ ᠬᠤᠳᠠᠯᠳᠤᠭᠠᠨ ᠤ ᠲᠥᠷᠥᠯ ᠵᠦᠢᠯ | ᠳᠠᠭᠠᠭᠠᠴᠢᠯᠠᠨ ᠡᠷᠬᠢᠯᠡᠬᠦ ᠠᠵᠤ ᠠᠬᠤᠶᠢᠯᠠᠯ᠄ ᠥᠪᠥᠷ ᠮᠣᠩᠭᠤᠯ ᠤᠨ ᠰᠰᠢᠨ ᠨᠦᠩ ᠬᠡᠸᠦ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ | ᠬᠡᠷᠡᠭᠵᠢᠭᠦᠯᠬᠦ ᠬᠤᠭᠤᠴᠠᠭ᠎ᠠ᠄ 2024 ᠣᠨ - 2025 ᠣᠨ ᠤ 10 ᠰᠠᠷ᠎ᠠ | ᠪᠡᠯᠡ ᠣᠷᠣᠭᠤᠯᠤᠯᠲᠠ ᠨᠢ᠄ 570 ᠲᠦᠮᠡᠨ ᠲᠥᠭᠦᠷᠢᠭ | ︵ᠭᠤᠷᠪᠠ︶ ᠶᠠᠨ ᠴᠤᠸᠠᠨ ᠶᠤᠸᠠᠨ 10 ᠲᠦᠮᠡᠨ ᠲᠣᠨ ᠠᠮᠤ ᠪᠤᠳᠠᠭ᠎ᠠ ᠡᠳ᠋ᠰᠢᠭᠦᠯᠦᠨ ᠬᠠᠳᠠᠭᠠᠯᠠᠵᠤ | ᠵᠥᠭᠡᠭᠡᠪᠦᠷᠢᠯᠡᠬᠦ ᠲᠥᠷᠥᠯ ᠵᠦᠢᠯ | ᠳᠠᠭᠠᠭᠠᠴᠢᠯᠠᠨ ᠡᠷᠬᠢᠯᠡᠬᠦ ᠠᠵᠤ ᠠᠬᠤᠶᠢᠯᠠᠯ᠄ ᠥᠪᠥᠷ ᠮᠣᠩᠭᠤᠯ ᠤᠨ ᠶᠠᠨ ᠴᠤᠸᠠᠨ ᠶᠤᠸᠠᠨ ᠭᠤᠯᠢᠷ ᠠᠮᠤ | ᠲᠣᠰᠣᠨ ᠤ ᠬᠢᠵᠠᠭᠠᠷᠲᠤ ᠺᠣᠮᠫᠠᠨᠢ | ᠬᠡᠷᠡᠭᠵᠢᠭᠦᠯᠬᠦ ᠬᠤᠭᠤᠴᠠᠭ᠎ᠠ᠄ 2024 ᠣᠨ ᠤ 9 ᠰᠠᠷ᠎ᠠ - 2025 ᠣᠨ ᠤ 10 ᠰᠠᠷ᠎ᠠ | ᠪᠡᠯᠡ ᠣᠷᠣᠭᠤᠯᠤᠯᠲᠠ ᠨᠢ᠄ 965 ᠲᠦᠮᠡᠨ ᠲᠥᠭᠦᠷᠢᠭ | ︵ᠳᠥᠷᠪᠡ︶ ᠬᠥᠬᠡᠬᠤᠲᠠ ᠶᠢᠨ ᠦᠴᠦᠸᠠᠨ ᠰᠢᠶᠠᠨ ᠤ ᠠᠷᠪᠠᠨ ᠲᠦᠮᠡᠨ ᠲᠣᠨ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ | ᠳᠠᠭᠠᠭᠠᠴᠢᠯᠠᠨ ᠡᠷᠬᠢᠯᠡᠬᠦ ᠠᠵᠤ ᠠᠬᠤᠶᠢᠯᠠᠯ᠄ ᠰᠢᠨ ᠬᠤᠸᠠ ᠣᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ | ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ | ᠬᠡᠷᠡᠭᠵᠢᠭᠦᠯᠬᠦ ᠬᠤᠭᠤᠴᠠᠭ᠎ᠠ᠄ 2024 ᠣᠨ ᠤ 9 ᠰᠠᠷ᠎ᠠ - 2025 ᠣᠨ ᠤ 10 ᠰᠠᠷ᠎ᠠ | ᠪᠡᠯᠡ ᠣᠷᠣᠭᠤᠯᠤᠯᠲᠠ ᠨᠢ᠄ 2100 ᠲᠦᠮᠡᠨ ᠲᠥᠭᠦᠷᠢᠭ | ︵ᠲᠠᠪᠤ︶ ᠦᠴᠦᠸᠠᠨ ᠰᠢᠶᠠᠨ ᠤ ᠢᠳᠡᠰᠢᠨ ᠬᠤᠨᠢ ᠶᠢ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ | ᠳᠠᠭᠠᠭᠠᠴᠢᠯᠠᠨ ᠡᠷᠬᠢᠯᠡᠬᠦ ᠠᠵᠤ ᠠᠬᠤᠶᠢᠯᠠᠯ᠄ ᠥᠪᠥᠷ ᠮᠣᠩᠭᠤᠯ ᠤᠨ ᠶᠢᠦ ᠴᠧᠨ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠬᠡᠷᠡᠭᠵᠢᠭᠦᠯᠬᠦ ᠬᠤᠭᠤᠴᠠᠭ᠎ᠠ᠄ 2024 ᠣᠨ ᠤ 9 ᠰᠠᠷ᠎ᠠ - 2025 ᠣᠨ ᠤ 10 ᠰᠠᠷ᠎ᠠ | ᠪᠡᠯᠡ ᠣᠷᠣᠭᠤᠯᠤᠯᠲᠠ ᠨᠢ᠄ 1848 ᠲᠦᠮᠡᠨ ᠲᠥᠭᠦᠷᠢᠭ | ᠬᠤᠶᠠᠷ᠂ ᠢᠯᠡ ᠨᠡᠶᠢᠲᠡᠯᠡᠬᠦ ᠬᠤᠭᠤᠴᠠᠭ᠎ᠠ | 2024 ᠣᠨ ᠤ 10 ᠰᠠᠷ᠎ᠠ ᠶᠢᠨ 11 ᠤ ᠡᠳᠦᠷ ᠠᠴᠠ 10 ᠰᠠᠷ᠎ᠠ ᠶᠢᠨ 14 ᠤ ᠡᠳᠦᠷ ᠪᠣᠯᠲᠠᠯ᠎ᠠ᠃ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠵᠠᠷᠯᠠᠨ ᠨᠡᠶᠢᠲᠡᠯᠡᠬᠦ ᠠᠭᠤᠯᠭ᠎ᠠ ᠳᠤ ᠣᠨᠳᠣᠣ ᠰᠠᠨᠠᠯ ᠪᠠᠶᠢᠪᠠᠯ᠂ | ᠪᠢᠴᠢᠭ ᠤᠨ ᠬᠡᠯᠪᠡᠷᠢ ᠪᠠᠷ ᠦᠴᠦᠸᠠᠨ ᠰᠢᠶᠠᠨ ᠤ ᠬᠤᠳᠠᠯᠳᠤᠭᠠᠨ ᠤ ᠶᠠᠪᠤᠳᠠᠯ ᠤᠨ ᠪᠡᠯᠡ ᠣᠷᠣᠭᠤᠯᠤᠯᠲᠠ ᠶᠢ | ᠠᠬᠢᠭᠤᠯᠬᠤ ᠲᠣᠪᠴᠢᠶ᠎ᠠ ᠳᠤ ᠳᠤᠷᠠᠳᠤᠨ᠎ᠠ ︵ᠬᠠᠷᠢᠯᠴᠠᠬᠤ ᠤᠲᠠᠰᠤ᠄ 0471 18821668︶᠃ ᠨᠢᠭᠡᠴᠢ ᠶᠢᠨ | ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ | ᠬᠥᠮᠥᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠢ ᠣᠪᠣᠭ ᠨᠡᠷ᠎ᠡ ᠪᠠ ᠬᠠᠷᠢᠯᠴᠠᠬᠤ | ᠤᠲᠠᠰᠤ ᠪᠠᠨ ᠪᠢᠴᠢᠬᠦ ᠬᠡᠷᠡᠭᠲᠡᠢ᠃ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2024 ᠣᠨ ᠤ 10 ᠰᠠᠷ᠎ᠠ ᠶᠢᠨ 11 ᠤ ᠡᠳᠦᠷ | | |