︵2024 ᠣᠨ ᠤ 9 ᠰᠠᠷ᠎ᠠ ᠶᠢᠨ 21 ᠤ ᠡᠳᠦᠷ︶ | | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠪᠣᠯ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ᠂ ᠡᠯ᠎ᠡ ᠲᠥᠷᠥᠯ ᠤᠨ ᠭᠠᠮᠰᠢᠭ ᠤᠨ ᠠᠳᠡᠯ ᠢ ᠴᠠᠭ ᠲᠤᠬᠠᠢ ᠳᠤᠨᠢ ᠠᠷᠭᠠᠴᠠᠭᠠᠨ ᠰᠢᠢᠳᠪᠦᠷᠢᠯᠡᠬᠦ ᠶᠢᠨ | ᠦᠨᠳᠦᠰᠦ ᠶᠢ ᠪᠠᠬᠢᠵᠢᠭᠦᠯᠬᠦ ᠠᠷᠭ᠎ᠠ ᠪᠣᠳᠣᠯᠭ᠎ᠠ ᠮᠥᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ | ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠦᠨᠳᠦᠰᠦᠨ ᠱᠠᠲᠤᠨ ᠤ | ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠰᠠᠭᠤᠷᠢ ᠪᠣᠯᠣᠨ ᠬᠦᠴᠦᠨ ᠢ ᠴᠢᠩᠭᠠᠷᠠᠭᠤᠯᠤᠨ᠂ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ | ᠲᠦᠪᠰᠢᠨ ᠤ ᠰᠠᠭᠤᠷᠢ ᠶᠢ ᠪᠠᠬᠢᠵᠢᠭᠦᠯᠦᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠤᠰᠠᠳᠠ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠡᠳᠦᠭᠡ ᠳᠣᠣᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ | ᠪᠠᠶᠢᠭᠤᠯᠤᠨ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ | ︵ᠨᠢᠭᠡ︶ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ ᠶᠢ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠪᠦᠭᠦ ᠶᠠᠪᠤᠴᠠ ᠡᠯ᠎ᠡ | ᠲᠠᠯ᠎ᠠ ᠳᠤ ᠲᠤᠭᠤᠰᠢᠯᠠᠭᠤᠯᠤᠨ᠎ᠠ᠃ ᠰᠢᠶᠠᠨ ᠤ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ︵ᠨᠡᠭᠡᠭᠡᠯᠲᠡ ᠶᠢᠨ | ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠡᠯ᠎ᠡ ᠲᠥᠷᠥᠯ ᠤᠨ ᠴᠢᠳᠠᠮᠵᠢᠲᠤ ᠣᠷᠣᠨ ᠢ | ᠪᠠᠭᠲᠠᠭᠠᠨ᠎ᠠ᠂ ᠳᠣᠷᠣᠭᠰᠢ ᠠᠳᠠᠯᠢ︶ᠪᠣᠯᠣᠨ ᠲᠣᠰᠬᠤᠨ ︵ᠨᠡᠶᠢᠭᠡᠮ ᠲᠣᠭᠤᠷᠢᠭ︶ ᠬᠠᠤᠯᠢ ᠲᠣᠭᠲᠠᠭᠠᠯ ᠶᠣᠰᠣᠭᠠᠷ | ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠮᠡᠳᠡᠭᠡ ᠵᠠᠩᠭᠢ | ᠳᠠᠮᠵᠢᠭᠤᠯᠬᠤ᠂ ᠤᠷᠢᠳ ᠢᠶᠠᠷ ᠰᠢᠢᠳᠪᠦᠷᠢᠯᠡᠬᠦ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠲᠠᠷᠬᠠᠭᠠᠵᠤ ᠵᠠᠶᠢᠯᠠᠭᠤᠯᠬᠤ | ᠵᠢᠴᠢ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠵᠡᠷᠭᠡ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ | ᠣᠯᠵᠤ ᠮᠡᠳᠡᠬᠦ ᠶᠢ ᠡᠷᠲᠡ ᠪᠠᠶᠢᠯᠭᠠᠬᠤ᠂ ᠪᠠᠭ᠎ᠠ ᠳᠤᠨᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠨ᠂ ᠡᠩ ᠤᠨ ᠦᠶ᠎ᠡ ᠳᠤ | ᠪᠦᠯᠭᠦᠮ ᠪᠠᠶᠢᠭᠤᠯᠤᠨ ᠦᠢᠯᠡᠴᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠦᠶ᠎ᠡ ᠳᠤ ᠲᠤᠬᠠᠢ ᠶᠢᠨ ᠭᠠᠵᠠᠷ ᠲᠤᠨᠢ | ᠡᠩᠨᠡᠭᠡᠨ ᠳᠤ ᠣᠷᠣᠭᠤᠯᠤᠨ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠎ᠠ᠃ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠬᠦ᠂ ᠰᠢᠶᠠᠨ ᠰᠢᠶᠠᠩ ᠢ ᠨᠢᠭᠡ ᠴᠣᠭᠴᠠᠵᠢᠭᠤᠯᠬᠤ᠂ ᠳᠡᠭᠡᠳᠦ ᠳᠣᠣᠷᠠᠳᠤ ᠱᠠᠲᠤ | ᠬᠤᠯᠪᠤᠭᠠᠯᠠᠨ ᠬᠥᠳᠡᠯᠦᠯᠴᠡᠬᠦ᠂ ᠵᠦᠢᠯ ᠬᠡᠰᠡᠭ ᠢ ᠤᠶᠠᠯᠳᠤᠭᠤᠯᠬᠤ ᠶᠢ ᠪᠠᠷᠢᠮᠲᠠᠯᠠᠵᠤ᠂ ᠰᠢᠶᠠᠨ ᠤ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠲᠤᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠭᠠᠯ ᠤᠨᠲᠠᠷᠠᠭᠠᠵᠤ ᠭᠠᠯ ᠰᠡᠷᠭᠡᠶᠢᠯᠡᠬᠦ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠡᠶᠢᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠢᠭᠡᠳᠦᠯᠲᠡᠢ ᠬᠠᠷᠢᠶᠠᠯᠠᠭᠤᠯᠤᠨ ᠶᠡᠷᠦᠩᠬᠡᠶᠢᠯᠡᠨ ᠬᠠᠮᠢᠶᠠᠷᠤᠭᠤᠯᠤᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠳᠠᠪᠠᠭᠤᠯᠢᠭ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠲᠤᠰᠬᠠᠢ ᠮᠡᠷᠭᠡᠵᠢᠯ ᠤᠨ | ᠳᠠᠪᠠᠭᠤᠯᠢᠭ ᠢ ᠪᠠᠳᠠᠷᠠᠭᠤᠯᠤᠨ᠂ ︽ᠰᠡᠷᠭᠡᠶᠢᠯᠡᠬᠦ︾ ᠪᠠ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶ᠎ᠡ ᠶᠢ ᠰᠠᠶᠢᠲᠤᠷ | ᠵᠣᠯᠭᠠᠭᠤᠯᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ | ᠬᠡᠮᠵᠢᠵᠦ ᠰᠡᠷᠡᠮᠵᠢᠯᠡᠭᠦᠯᠭᠦ᠂ ᠴᠠᠭ ᠲᠤᠬᠠᠢ ᠳᠤᠨᠢ ᠰᠢᠢᠳᠪᠦᠷᠢᠯᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠤᠶ | ᠪᠤᠯᠭᠠᠬᠤ ᠶᠢ ᠠᠬᠢᠭᠤᠯᠤᠨ᠎ᠠ᠃ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠣᠨᠣᠭᠯᠠᠯ᠂ ᠲᠤᠰᠬᠠᠢ | ᠮᠡᠷᠭᠡᠵᠢᠯ ᠤᠨ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠵᠡᠷᠭᠡ ᠲᠠᠯ᠎ᠠ ᠪᠠᠷ ᠰᠢᠶᠠᠩ ᠪᠠᠯᠭᠠᠰᠤ | ︵ᠵᠡᠭᠡᠯᠢ ᠭᠤᠳᠤᠮᠵᠢ︶ ᠳᠤ ᠳᠡᠮᠵᠢᠯᠭᠡ ᠦᠵᠡᠭᠦᠯᠦᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ ᠲᠤᠰᠬᠠᠢ | ᠠᠵᠢᠯ ᠤᠨ ᠬᠦᠴᠦᠨ ᠢᠶᠠᠨ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠢᠴᠢ ᠭᠠᠯ | ᠤᠨᠲᠠᠷᠠᠭᠠᠵᠤ ᠭᠠᠯ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠴᠢᠩᠭᠠᠷᠠᠭᠤᠯᠬᠤ ᠶᠢᠨ ᠬᠠᠮᠲᠤ ᠦᠨᠳᠦᠰᠦᠨ | ᠱᠠᠲᠤᠨ ᠤ ᠲᠤᠤᠷᠴᠢᠯᠠᠬᠰᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠤᠨ᠎ᠠ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠯᠤᠭᠤᠳᠬᠤ ᠲᠣᠭᠲᠠᠴᠠ ᠶᠢ ᠪᠠᠶᠢᠭᠤᠯᠤᠨ᠎ᠠ᠃ ᠰᠢᠶᠠᠨ | ︵ᠬᠤᠲᠠ᠂ ᠲᠣᠭᠤᠷᠢᠭ᠂ ᠬᠤᠰᠢᠭᠤ︶᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠭᠡ ᠠᠮᠤᠷ ᠲᠦᠪᠰᠢᠨ ᠶᠡᠭᠡ | ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠤᠨ ᠳᠣᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠵᠣᠬᠢᠴᠠᠭᠤᠯᠤᠨ᠎ᠠ᠃ ᠨᠠᠮ ᠵᠠᠰᠠᠭ ᠤᠨ ᠤᠳᠤᠷᠢᠳᠬᠤ | ᠪᠠᠭ ᠤᠨ ᠪᠦᠷᠢᠯᠳᠦᠭᠦᠨ ᠪᠠ ᠬᠤᠯᠪᠣᠭᠳᠠᠯ ᠪᠦᠬᠦᠢ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠲᠣᠬᠢᠷᠠᠭᠤᠯᠤᠨ ᠵᠢᠯᠤᠭᠤᠳᠬᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠲᠤᠬᠠᠶᠢᠯᠠᠭᠰᠠᠨ ᠠᠵᠢᠯ ᠢ ᠪᠠᠲᠤᠯᠠᠬᠤ ᠵᠡᠷᠭᠡ | ᠲᠥᠬᠦᠭᠡᠷᠦᠮᠵᠢ ᠲᠣᠨᠣᠭᠯᠠᠯ ᠪᠠ ᠰᠢᠰᠲ᠋ᠧᠮ ᠢ ᠲᠡᠭᠦᠯᠳᠡᠷᠵᠢᠭᠦᠯᠦᠨ᠂ ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠬᠦ᠂ | ᠨᠢᠭᠡ ᠴᠣᠭᠴᠠᠵᠢᠭᠤᠯᠤᠨ ᠠᠷᠭᠠᠴᠠᠭᠠᠬᠤ ᠶᠢ ᠦᠨᠡᠨ ᠬᠦ ᠪᠠᠲᠤᠯᠠᠨ᠎ᠠ᠃ | ︵ᠳᠥᠷᠪᠡ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ | ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠨ᠎ᠠ᠃ | ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠪᠠᠷ ᠭᠤᠣᠯ ᠪᠤᠯᠭᠠᠬᠤ ᠵᠠᠷᠴᠢᠮ ᠢ | ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠲᠤᠬᠠᠢ ᠶᠢᠨ | ᠭᠠᠵᠠᠷ ᠤᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠣᠨ ᠴᠢᠳᠠᠪᠤᠷᠢ ᠶᠢᠨ | ᠪᠠᠶᠢᠭᠤᠯᠤᠯᠲᠠ ᠶᠢ ᠬᠠᠷᠢᠭᠤᠴᠠᠨ᠂ ᠭᠠᠮᠰᠢᠭ ᠤᠨ ᠠᠳᠡᠯ ᠤᠨ ᠠᠶᠤᠯ ᠠᠴᠠ ᠠᠪᠤᠷᠠᠨ ᠲᠤᠰᠠᠯᠠᠬᠤ ᠠᠵᠢᠯ ᠢ | ᠵᠢᠯᠣᠭᠤᠳᠤᠨ ᠵᠣᠬᠢᠴᠠᠭᠤᠯᠤᠨ᠎ᠠ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯ ᠲᠤᠬᠠᠢ ᠶᠢᠨ | ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭ᠎ᠠ | ᠡᠭᠦᠷᠭᠡᠯᠡᠭᠴᠢ ᠪᠣᠯᠣᠨ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠤᠳᠤᠯᠤᠨ᠎ᠠ; ᠨᠠᠮ ᠵᠠᠰᠠᠭ ᠤᠨ ᠤᠳᠤᠷᠢᠳᠬᠤ ᠪᠠᠭ ᠤᠨ ᠪᠤᠰᠤᠳ | ᠪᠦᠷᠢᠯᠳᠦᠭᠦᠨ ᠬᠤᠪᠢᠳᠠᠨ ᠬᠠᠮᠢᠶᠠᠷᠬᠤ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠲᠤᠬᠠᠶᠢᠯᠠᠭᠰᠠᠨ ᠠᠵᠢᠯ | ᠯᠤᠭ᠎ᠠ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠵᠤ᠂ ᠬᠠᠮᠲᠤ ᠳᠤᠨᠢ ᠪᠠᠶᠢᠴᠠᠭᠠᠨ᠎ᠠ᠃ ᠰᠢᠶᠠᠨ ᠤ | ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠯ ᠤᠨᠲᠠᠷᠠᠭᠠᠵᠤ ᠭᠠᠯ ᠰᠡᠷᠭᠡᠶᠢᠯᠡᠬᠦ ᠠᠪᠤᠷᠠᠨ | ᠲᠤᠰᠠᠯᠠᠬᠤ ᠰᠠᠯᠠᠭ᠎ᠠ ᠮᠥᠴᠢᠷ ᠲᠦᠷᠦᠭᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠢᠴᠢ ᠭᠠᠯ ᠤᠨᠲᠠᠷᠠᠭᠠᠬᠤ ᠭᠠᠯ ᠰᠡᠷᠭᠡᠶᠢᠯᠡᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠬᠢ ᠪᠠᠶᠠᠯᠢᠭ ᠪᠣᠯᠣᠨ ᠠᠵᠢᠯᠲᠠᠨ ᠤ ᠬᠦᠴᠦᠨ ᠢ | ᠵᠦᠢ ᠵᠣᠬᠢᠰᠲᠠᠢ ᠪᠠᠶᠢᠷᠢᠰᠢᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠬᠠᠷᠢᠭᠤᠴᠠᠯᠭ᠎ᠠ ᠡᠷᠬᠡ ᠨᠢᠭᠡᠳᠦᠯᠲᠡᠢ᠂ ᠬᠠᠷᠢᠭᠤᠴᠠᠯᠭ᠎ᠠ ᠴᠢᠳᠠᠪᠤᠷᠢ ᠨᠢᠭᠡᠳᠦᠯᠲᠡᠢ ᠪᠠᠶᠢᠬᠤ ᠵᠠᠷᠴᠢᠮ ᠶᠣᠰᠣᠭᠠᠷ᠂ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠳᠤ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠢᠴᠢ ᠭᠠᠯ ᠤᠨᠲᠠᠷᠠᠭᠠᠬᠤ ᠭᠠᠯ ᠰᠡᠷᠭᠡᠶᠢᠯᠡᠬᠦ ᠬᠠᠮᠢᠶ᠎ᠠ ᠪᠦᠬᠦᠢ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠨᠳᠦᠰᠦᠨ ᠵᠦᠢᠯᠡᠰ ᠪᠠ ᠳᠡᠭᠡᠳᠦ ᠱᠠᠲᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠶᠠᠷ ᠭᠤᠣᠯ ᠬᠠᠷᠢᠭᠤᠴᠠᠯᠭ᠎ᠠ ᠪᠤᠯᠭᠠᠬᠰᠠᠨ᠂ ᠰᠢᠶᠠᠩ ᠪᠠᠯᠭᠠᠰᠤ | ︵ᠵᠡᠭᠡᠯᠢ ᠭᠤᠳᠤᠮᠵᠢ︶ ᠪᠠᠷ ᠬᠠᠪᠰᠤᠷᠤᠮᠵᠢ ᠪᠣᠯᠭᠠᠨ ᠬᠠᠮᠵᠢᠯᠴᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠵᠦᠢᠯᠡᠰ ᠢ ᠲᠣᠳᠣᠷᠬᠠᠶᠢᠯᠠᠬᠤ ᠶᠢᠨ ᠬᠠᠮᠲᠤ᠂ ᠠᠵᠢᠯ ᠤᠨ ᠬᠦᠴᠦᠨ ᠪᠠ ᠡᠬᠢ ᠪᠠᠶᠠᠯᠢᠭ ᠢ ᠵᠣᠬᠢᠬᠤ ᠬᠡᠮᠵᠢᠶ᠎ᠡ ᠪᠠᠷ | ᠳᠣᠷᠣᠭᠰᠢ ᠪᠠᠭᠤᠯᠭᠠᠵᠤ᠂ ᠬᠠᠮᠢᠶ᠎ᠠ ᠪᠦᠬᠦᠢ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠤᠶᠤ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠪᠦᠲᠦᠮᠵᠢᠲᠡᠶ ᠳᠠᠭᠠᠭᠠᠨ ᠠᠪᠴᠤ ᠳᠡᠶᠢᠯᠭᠦ ᠦᠭᠡᠢ ᠵᠦᠢᠯᠡᠰ ᠢ ᠰᠢᠶᠠᠩ | ᠪᠠᠯᠭᠠᠰᠤ ︵ᠵᠡᠭᠡᠯᠢ ᠭᠤᠳᠤᠮᠵᠢ︶ ᠠᠴᠠ ᠡᠭᠦᠷᠭᠡᠯᠡᠵᠦ ᠪᠤᠯᠬᠤ ᠦᠭᠡᠢ᠃ ᠠᠶᠤᠯᠭᠦᠢ ᠦᠢᠯᠡᠳᠪᠦᠷᠢᠯᠡᠯ ᠤᠨ ᠠᠶᠤᠯ | ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠶᠠᠷ᠂ ᠦᠨᠳᠦᠰᠦᠨ ᠱᠠᠲᠤᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ | ︵ᠲᠠᠪᠤ︶ ᠣᠶᠤᠨᠴᠢ ᠪᠠᠷ ᠬᠢᠨᠠᠨ ᠬᠡᠮᠵᠢᠵᠦ ᠰᠡᠷᠡᠮᠵᠢᠯᠡᠭᠦᠯᠭᠦ ᠶᠢ ᠴᠢᠩᠭᠠᠷᠠᠭᠤᠯᠤᠨ᠎ᠠ᠃ ᠣᠯᠠᠨ ᠨᠡᠶᠢᠲᠡ ᠶᠢᠨ | ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ | ᠲᠤᠰᠬᠠᠢ ᠬᠢᠨᠠᠨ ᠬᠡᠮᠵᠢᠬᠦ ᠪᠠ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠶᠢᠨ ᠭᠦᠨᠵᠡᠭᠡᠢ | ᠠᠭᠤᠰᠤᠯᠴᠠᠯ ᠢ ᠠᠬᠢᠭᠤᠯᠤᠨ᠂ ᠬᠢᠨᠠᠨ ᠬᠡᠮᠵᠢᠬᠦ ᠠᠷᠭ᠎ᠠ ᠪᠠᠷᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠤᠷᠢᠳᠴᠢᠯᠠᠨ ᠰᠡᠷᠡᠮᠵᠢᠯᠡᠭᠦᠯᠭᠦ ᠨᠠᠷᠢᠯᠢᠭ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠥᠨ ᠢᠶᠠᠷ ᠰᠡᠷᠭᠡᠶᠢᠯᠡᠬᠦ᠂ | ᠮᠡᠷᠭᠡᠵᠢᠯ ᠢᠶᠠᠷ ᠰᠡᠷᠭᠡᠶᠢᠯᠡᠬᠦ ᠠᠴᠠ ᠣᠶᠤᠨᠴᠢ ᠪᠠᠷ ᠰᠡᠷᠭᠡᠶᠢᠯᠡᠬᠦ ᠲᠡᠶᠢᠰᠢ ᠳᠡᠭᠡᠭᠰᠢᠯᠡᠭᠦᠯᠭᠦ ᠶᠢ ᠪᠡᠶᠡᠯᠡᠭᠦᠯᠦᠨ᠎ᠡ᠃ | ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠪᠠ ᠲᠤᠭ᠎ᠠ | ᠪᠠᠷᠢᠮᠲᠠ ᠶᠢᠨ ᠦᠷ᠎ᠡ ᠪᠦᠲᠦᠭᠡᠯ ᠢ ᠬᠥᠳᠡᠯᠦᠩᠭᠦᠢ ᠪᠠᠷ ᠰᠢᠨᠡᠳᠬᠡᠬᠦ ᠳᠦᠷᠢᠮ ᠢ ᠪᠦᠷᠢᠨᠰᠢᠭᠦᠯᠵᠦ᠂ ᠦᠷ᠎ᠡ ᠳ᠋ᠦᠩ ᠢ | ᠵᠠᠳᠠᠯᠤᠨ ᠬᠡᠷᠡᠭᠯᠡᠬᠦ ᠶᠢ ᠴᠢᠩᠭᠠᠳᠬᠠᠨ᠎ᠠ᠃ ᠦᠶᠡᠷ ᠤᠰᠤᠲᠤᠯ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ | ᠭᠠᠮᠰᠢᠭ ᠪᠣᠯᠣᠨ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠵᠤ ᠭᠠᠯ ᠰᠡᠷᠭᠡᠶᠢᠯᠡᠬᠦ ᠠᠮᠤᠷ ᠲᠦᠪᠰᠢᠨ ᠤ ᠠᠶᠤᠯ | ᠲᠦᠭᠰᠢᠭᠦᠷᠢ ᠶᠢ ᠬᠢᠨᠠᠨ ᠬᠡᠮᠵᠢᠬᠦ ᠲᠣᠣᠷ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠲᠤᠰᠢᠶᠠᠯ ᠤᠨ | ᠪᠤᠶᠤ ᠲᠤᠰᠢᠶᠠᠯ ᠬᠠᠪᠰᠤᠷᠭᠠᠭᠰᠠᠨ ᠮᠡᠳᠡᠭᠡ ᠵᠠᠩᠭᠢ ᠶᠢᠨ ᠮᠡᠳᠡᠭᠦᠯᠦᠭᠴᠢ ᠶᠢᠨ ᠳᠦᠷᠢᠮ ᠢ ᠪᠠᠶᠢᠭᠤᠯᠵᠤ᠂ ᠰᠢᠰᠲ᠋ᠧᠮ ᠤᠨ | ᠬᠡᠷᠡᠭᠯᠡᠯᠲᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠵᠤ᠂ ᠲᠤᠭ᠎ᠠ ᠪᠠᠷᠢᠮᠲᠠ ᠶᠢ | ᠬᠤᠷᠠᠮᠳᠤᠭᠤᠯᠤᠨ ᠬᠠᠮᠲᠤ ᠪᠠᠷ ᠡᠳ᠋ᠯᠡᠬᠦ ᠪᠠ ᠠᠶᠤᠯ ᠲᠦᠭᠰᠢᠭᠦᠷᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ | ᠴᠢᠩᠭᠠᠷᠠᠭᠤᠯᠤᠨ᠎ᠠ᠃ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠢᠯᠭᠠᠨ ᠲᠠᠨᠢᠬᠤ ᠦᠨᠡᠯᠡᠨ ᠵᠢᠱᠢᠯᠲᠡ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠷᠠᠭ᠎ᠠ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠲᠡᠷᠢᠭᠦᠨ ᠤ | ᠮᠡᠷᠭᠡᠵᠢᠯ ᠢ ᠢᠳᠡᠪᠬᠢᠲᠡᠢ ᠪᠠᠷ ᠬᠡᠷᠡᠭᠯᠡᠨ᠂ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ᠂ ᠬᠥᠭᠦᠷᠭᠡᠨ ᠭᠤᠯᠳᠤᠩ | ᠨᠦᠭᠡᠨ ᠵᠠᠮ᠂ ᠭᠡᠮ ᠰᠣᠭᠤᠭ ᠲᠠᠢ ᠤᠰᠤᠨ ᠴᠥᠭᠦᠷᠥᠮ ᠵᠡᠷᠭᠡ ᠠᠶᠤᠯ ᠲᠦᠭᠰᠢᠭᠦᠷᠢ ᠶᠡᠬᠡᠲᠡᠢ ᠬᠦᠷᠢᠶ᠎ᠡ ᠳᠤ ᠴᠠᠭ | ᠲᠤᠬᠠᠢ ᠳᠤᠨᠢ ᠬᠢᠨᠠᠨ ᠬᠡᠮᠵᠢᠬᠦ ᠶᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠲᠣᠭᠲᠠᠭᠠᠨ᠎ᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠣᠨ ᠲᠣᠰᠬᠤᠨ ︵ᠨᠡᠶᠢᠭᠡᠮ ᠲᠣᠭᠤᠷᠢᠭ︶ ᠨᠢ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ ᠠᠶᠤᠯ ᠲᠦᠭᠰᠢᠭᠦᠷᠢ ᠶᠢᠨ ᠳᠠᠯᠳᠠ ᠭᠡᠮ ᠤᠨ ︽ᠨᠢᠭᠡ ᠵᠢᠷᠤᠭ︾ | ᠢ ᠪᠠᠶᠢᠭᠤᠯᠵᠤ᠂ ᠰᠡᠷᠡᠮᠵᠢᠯᠡᠭᠦᠯᠭᠦ ᠮᠡᠳᠡᠭᠡ ᠵᠠᠩᠭᠢ ᠨᠡᠶᠢᠲᠡᠯᠡᠬᠦ ᠪᠠ ᠳᠠᠮᠵᠢᠭᠤᠯᠬᠤ ᠠᠷᠭ᠎ᠠ ᠵᠠᠮ ᠢ ᠰᠢᠯᠤᠭᠤᠳᠬᠠᠨ᠂ | ᠲᠣᠣᠷ ᠰᠦᠯᠵᠢᠶ᠎ᠡ ᠶᠢᠨ ᠬᠠᠷᠢᠭᠤᠴᠠᠯᠭᠠᠲᠠᠨ ᠳᠤ ᠰᠢᠭᠤᠳ ᠬᠦᠷᠦᠭᠦᠯᠬᠦ ᠰᠡᠷᠡᠮᠵᠢᠯᠡᠭᠦᠯᠭᠦ ︽ᠳᠠᠭᠤᠳᠠᠬᠤ ᠲᠤᠰᠬᠠᠯ | ᠭᠠᠷᠬᠤ︾ ᠲᠣᠭᠲᠠᠴᠠ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠂ ᠣᠬᠤᠷ | ᠴᠢᠮᠡᠭᠡ ᠵᠢᠷᠭᠢᠶ᠎ᠡ᠂ ᠣᠶᠤᠨᠴᠢ ᠪᠠᠷ ᠳᠠᠭᠤᠳᠠᠬᠤ᠂ ᠬᠠᠷᠠᠩᠭ᠎ᠠ ᠴᠣᠬᠢᠵᠤ ᠱᠦᠭᠯᠦ ᠦᠯᠢᠶᠡᠬᠦ᠂ ᠡᠭᠦᠳᠡ ᠲᠣᠭᠰᠢᠵᠤ | ᠡᠷᠦᠭᠡ ᠳᠤ ᠣᠷᠣᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠴᠠᠭ ᠲᠤᠬᠠᠢ ᠳᠤᠨᠢ ᠡᠷᠦᠭᠡ ᠪᠠ | ᠬᠥᠮᠥᠨ ᠳᠤ ᠳᠠᠮᠵᠢᠭᠤᠯᠤᠨ᠎ᠠ᠃ | ︵ᠵᠢᠷᠭᠤᠭ᠎ᠠ︶ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠪᠣᠳᠠᠲᠠᠶᠢᠵᠢᠭᠤᠯᠤᠨ᠎ᠠ᠃ ᠬᠤᠲᠠ ᠰᠢᠶᠠᠨ | ᠬᠤᠶᠠᠷ ᠱᠠᠲᠤᠨ ᠤ ᠬᠢᠨ ᠦᠨᠳᠦᠰᠦᠨ ᠱᠠᠲᠤᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠤᠬᠠᠶᠢᠯᠠᠭᠰᠠᠨ | ᠠᠵᠢᠯ ᠪᠣᠯᠣᠨ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠳᠥᠭᠦᠮ ᠭᠢᠯᠪᠠᠷ ᠬᠡᠷᠡᠭᠯᠡᠬᠦ ᠳᠤ ᠠᠮᠠᠷᠬᠠᠨ | ᠠᠶᠤᠯ ᠲᠦᠭᠰᠢᠭᠦᠷᠢ ᠳᠠᠯᠳᠠ ᠭᠡᠮ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ ᠢ ᠳᠡᠯᠭᠡᠷᠡᠭᠦᠯᠦᠨ | ᠬᠡᠷᠡᠭᠯᠡᠨ᠎ᠡ᠃ ᠰᠢᠶᠠᠩ ᠪᠠᠯᠭᠠᠰᠤ︵ᠵᠡᠭᠡᠯᠢ ᠭᠤᠳᠤᠮᠵᠢ︶ᠪᠣᠯᠣᠨ ᠲᠣᠰᠬᠤᠨ ︵ᠨᠡᠶᠢᠭᠡᠮ ᠲᠣᠭᠤᠷᠢᠭ︶ ᠨᠢ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠵᠢᠯᠴᠠᠨ ᠭᠤᠣᠯᠳᠠᠯᠭ᠎ᠠ ᠲᠠᠢ ᠪᠠᠶᠢᠴᠠᠭᠠᠯᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ | ᠥᠷᠨᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠰᠠᠶᠢᠲᠤᠷ ᠬᠢᠵᠦ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠪᠠᠶᠢᠴᠠᠭᠠᠬᠤ ᠵᠡᠷᠭᠡ ᠳᠦᠷᠢᠮ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠡᠷᠭᠡᠶᠢᠯᠡᠯᠲᠡ ᠶᠢᠨ ᠭᠤᠣᠯᠳᠠᠯᠭ᠎ᠠ ᠪᠠᠨ ᠲᠣᠪᠤᠶᠢᠯᠭᠠᠨ᠂ ᠦᠨᠳᠦᠰᠦᠨ ᠱᠠᠲᠤ | ᠡᠴᠦᠰ ᠲᠤ ᠲᠤᠯᠲᠠᠯ᠎ᠠ ᠴᠢᠩᠭ᠎ᠠ ᠠᠩᠬᠠᠷᠴᠤ᠂ ︽ᠶᠢᠰᠦᠨ ᠵᠢᠵᠢᠭ ᠲᠠᠯᠠᠪᠤᠷ︾᠂ ᠲᠠᠷᠢᠶᠠᠴᠢᠨ ᠠᠶᠢᠯ ᠤᠨ ᠵᠢᠭᠤᠯᠴᠢᠯᠠᠯ᠂ | ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ᠂ | ᠰᠢᠲᠠᠮᠠᠬᠠᠢ ᠬᠡᠢ᠂ ᠳᠣᠣᠷ᠎ᠠ ᠭᠠᠵᠠᠷ ᠠᠮᠠᠷᠬᠠᠨ ᠤᠰᠤᠲᠤᠬᠤ ᠴᠡᠭ ᠵᠢᠴᠢ ᠬᠤᠲᠠ ᠶᠢᠨ ᠭᠠᠵᠠᠷ ᠳᠣᠣᠷᠠᠬᠢ ᠣᠷᠣᠨ ᠵᠠᠢ᠂ | ᠭᠤᠣᠯ ᠮᠥᠷᠡᠨ ᠤ ᠳᠠᠯᠠᠩ᠂ ᠠᠭᠤᠯᠠᠨ ᠴᠥᠭᠦᠷᠥᠮ ᠤᠰᠤᠨ ᠴᠦᠭᠦᠷᠦᠮ᠂ ᠦᠯᠡᠳᠡᠭᠳᠡᠯ ᠠᠭᠤᠷᠬᠠᠢ ᠴᠥᠭᠦᠷᠥᠮ᠂ | ᠠᠭᠤᠯᠠᠨ ᠦᠶᠡᠷ ᠪᠠ ᠭᠠᠵᠠᠷ ᠤᠨ ᠭᠠᠮᠰᠢᠭ ᠤᠨ ᠠᠶᠤᠯᠲᠤ ᠣᠷᠣᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ | ᠠᠶᠤᠯ ᠤᠨ ᠣᠷᠣᠨ ᠵᠡᠷᠭᠡ ᠳᠠᠬᠢ ᠠᠶᠤᠯ ᠲᠦᠭᠰᠢᠭᠦᠷᠢ ᠲᠠᠯᠳᠠ ᠭᠡᠮ ᠤᠨ ᠵᠢᠭᠰᠠᠭᠠᠨ ᠪᠠᠶᠢᠴᠠᠭᠠᠯᠲᠠ ᠶᠢ | ᠭᠤᠣᠯᠳᠠᠯᠭ᠎ᠠ ᠲᠠᠢ ᠥᠷᠨᠢᠭᠦᠯᠵᠦ᠂ ᠵᠢᠭᠰᠠᠭᠠᠨ ᠪᠠᠶᠢᠴᠠᠭᠠᠯᠲᠠ ᠶᠢᠨ ᠲᠤᠰᠬᠠᠢ ᠮᠡᠷᠭᠡᠵᠢᠯ ᠤᠨ ᠴᠢᠨᠠᠷ ᠢ | ᠲᠠᠭᠡᠭᠰᠢᠯᠡᠭᠦᠯᠦᠨᠠ᠃ ᠠᠵᠤ ᠠᠬᠤᠶᠢᠯᠠᠯ ᠤᠨ ᠬᠢᠨ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠢ ᠬᠠᠤᠯᠢ ᠶᠣᠰᠣᠭᠠᠷ ᠲᠣᠬᠢᠷᠠᠭᠤᠯᠤᠨ᠎ᠠ᠃ ᠣᠯᠠᠨ | ᠲᠦᠮᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠣᠯᠵᠤ ᠮᠡᠳᠡᠬᠦ ᠪᠠ ᠮᠡᠳᠡᠭᠦᠯᠬᠦ ᠶᠢ ᠵᠣᠷᠢᠭᠵᠢᠭᠤᠯᠬᠤ ᠶᠢᠨ | ᠬᠠᠮᠲᠤ ᠲᠣᠭᠲᠠᠭᠠᠯ ᠶᠣᠰᠣᠭᠠᠷ ᠱᠠᠩᠨᠠᠨ᠎ᠠ᠃ ︽ᠵᠡᠭᠡᠯᠢ ᠭᠤᠳᠤᠮᠵᠢ ᠰᠢᠶᠠᠩ ᠤᠨ ᠬᠢᠨ ᠱᠦᠭᠯᠦ ᠦᠯᠢᠶᠡᠵᠦ᠂ ᠰᠠᠯᠠᠭ᠎ᠠ | ᠮᠥᠴᠢᠷ ᠤᠨ ᠬᠢᠨ ᠨᠡᠷ᠎ᠡ ᠮᠡᠳᠡᠭᠦᠯᠬᠦ︾ ᠠᠷᠭ᠎ᠠ ᠶᠢ ᠬᠡᠷᠡᠭᠵᠢᠭᠦᠯᠵᠦ᠂ ᠠᠰᠠᠭᠤᠳᠠᠯ ᠢ ᠢᠯᠡᠷᠡᠭᠦᠯᠬᠦ᠂ ᠰᠢᠯᠵᠢᠭᠦᠯᠦᠨ | ᠲᠤᠰᠢᠶᠠᠵᠤ ᠰᠢᠢᠳᠪᠦᠷᠢᠯᠡᠭᠦᠯᠬᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠵᠡᠷᠭᠡ | ᠳᠦᠷᠢᠮ ᠢ ᠲᠡᠭᠦᠯᠳᠡᠷᠵᠢᠭᠦᠯᠦᠨ᠎ᠡ᠃ ᠣᠷᠣᠨ ᠪᠦᠰᠡ ᠬᠤᠪᠢᠶᠠᠨ᠂ ᠭᠠᠮᠰᠢᠭ ᠤᠨ ᠲᠥᠷᠥᠯ ᠬᠤᠪᠢᠶᠠᠨ᠂ ᠠᠵᠢᠯ ᠲᠥᠷᠥᠯ | ᠬᠦᠷᠢᠶ᠎ᠡ ᠴᠠᠷᠠᠭ᠎ᠠ ᠬᠤᠪᠢᠶᠠᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠬᠡ ᠳᠠᠩᠰᠠ ᠪᠠᠶᠢᠭᠤᠯᠵᠤ᠂ | ᠢᠨᠵᠧᠨᠧᠷᠢᠩ ᠢ ᠵᠠᠰᠠᠬᠤ᠂ ᠠᠶᠤᠯ ᠲᠦᠭᠰᠢᠭᠦᠷᠢ ᠠᠴᠠ ᠵᠠᠶᠢᠯᠠᠭᠤᠯᠤᠨ ᠨᠡᠭᠦᠯᠭᠡᠬᠦ᠂ ᠠᠶᠤᠯ ᠲᠦᠭᠰᠢᠭᠦᠷᠢ ᠶᠢ ᠠᠷᠢᠯᠭᠠᠨ | ᠪᠠᠬᠢᠵᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠬᠦᠨᠳᠦ ᠶᠡᠭᠡ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠨ᠎ᠠ᠃ | ︵ᠳᠣᠯᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠥᠷᠨᠢᠭᠦᠯᠦᠨ᠎ᠡ᠃ ᠲᠣᠮᠢᠯᠠᠨ | ᠰᠠᠭᠤᠯᠭᠠᠵᠤ ᠬᠠᠤᠯᠢ ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠵᠢᠯᠴᠠᠨ ᠬᠠᠤᠯᠢ ᠬᠡᠷᠡᠭᠵᠢᠭᠦᠯᠬᠦ ᠪᠠ | ︽ᠳᠥᠷᠪᠡᠨ ᠦᠭᠡᠢ ᠬᠤᠶᠠᠷ ᠰᠢᠭᠤᠳ ᠪᠠᠶᠢᠬᠤ︾ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ | ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + | ᠬᠠᠤᠯᠢ ᠬᠡᠷᠡᠭᠵᠢᠭᠦᠯᠦᠯᠲᠡ︾ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠰᠦᠯᠵᠢᠶᠡᠨ ᠳᠤ | ᠭᠠᠷᠭᠠᠬᠤ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ᠪᠣᠯᠣᠨ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠦᠢᠯᠡᠳᠦᠯ ᠢ ᠪᠠᠳᠠᠷᠠᠭᠤᠯᠵᠤ᠂ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠴᠤ ᠦᠢᠯᠡᠴᠢᠯᠡᠬᠦ ᠶᠢ | ᠴᠢᠩᠭᠠᠳᠬᠠᠨ᠎ᠠ᠃ | ︵ᠨᠠᠢᠮᠠ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠦᠨ᠎ᠡ᠃ ᠪᠦᠭᠦ | ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ᠂ ᠠᠶᠤᠯᠭᠦᠢ ᠦᠢᠯᠡᠳᠪᠦᠷᠢᠯᠡᠯ ᠤᠨ ᠰᠠᠷ᠎ᠠ᠂ ᠭᠠᠯ | ᠤᠨᠲᠠᠷᠠᠭᠠᠬᠤ ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ᠂ ᠺᠠᠷᠲ᠋ᠣᠨ ᠵᠦᠴᠦᠭᠡ ᠲᠣᠭᠯᠠᠭᠠᠮ᠂ ᠣᠬᠤᠷ ᠸᠢᠳᠢᠤ᠋ ᠵᠡᠷᠭᠡ ᠣᠯᠠᠨ | ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ ᠳᠠᠮᠵᠢᠭᠤᠯᠤᠨ ᠳᠡᠯᠭᠡᠷᠡᠭᠦᠯᠬᠦ ᠶᠢ | ᠴᠢᠩᠭᠠᠳᠬᠠᠵᠤ᠂ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠭᠦ᠂ ᠳᠠᠭᠤᠷᠢᠶᠠᠮᠠᠯ ᠢᠶᠠᠷ ᠦᠨᠡᠨ ᠢ ᠳᠠᠭᠤᠷᠢᠶᠠᠬᠤ᠂ ᠪᠡᠶᠡᠴᠢᠯᠡᠨ | ᠣᠶᠢᠯᠠᠭᠠᠬᠤ ᠦᠢᠯᠡᠳᠦᠯᠴᠡᠬᠦ᠂ ᠤᠳᠬ᠎ᠠ ᠤᠷᠠᠯᠢᠭ ᠤᠨ ᠪᠦᠲᠦᠭᠡᠯ ᠵᠡᠷᠭᠡ ᠭᠡᠯᠪᠡᠷᠢ ᠶᠢ ᠠᠪᠴᠤ᠂ ᠠᠮᠤᠷ ᠲᠦᠪᠰᠢᠨ ᠤ | ᠤᠬᠠᠭᠤᠯᠭ᠎ᠠ ᠶᠢ ᠠᠵᠤ ᠠᠬᠤᠶᠢᠯᠠᠯ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠭᠡᠷ ᠪᠦᠯᠢ ᠳᠤ | ᠣᠷᠣᠭᠤᠯᠬᠤ ᠶᠢ ᠭᠦᠨᠵᠡᠭᠡᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢ ᠴᠠᠭᠠᠵᠠ | ᠬᠠᠤᠯᠢ ᠲᠣᠭᠲᠠᠭᠠᠯ ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠤ ᠰᠣᠶᠣᠯ ᠢ ᠪᠤᠢ ᠪᠣᠯᠭᠠᠨ᠎ᠠ᠃ ᠨᠥᠬᠦᠴᠡᠯ ᠲᠠᠢ ᠭᠠᠵᠠᠷ ᠣᠷᠣᠨ | ᠨᠢ ᠣᠯᠠᠨ ᠨᠡᠶᠢᠲᠡ ᠶᠢᠨ ᠲᠠᠯᠠᠪᠤᠷ ᠭᠠᠵᠠᠷ᠂ ᠡᠯ᠎ᠡ ᠲᠥᠷᠥᠯ ᠤᠨ ᠲᠠᠯᠠᠪᠤᠷ ᠣᠷᠳᠣᠨ ᠵᠡᠷᠭᠡ ᠳᠤ ᠲᠦᠰᠢᠭᠯᠡᠨ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠪᠡᠶᠡᠴᠢᠯᠡᠨ ᠣᠶᠢᠯᠠᠭᠠᠬᠤ ᠲᠠᠯᠠᠪᠤᠷ ᠭᠠᠵᠠᠷ ᠢ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ | ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ | ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠴᠢᠩᠭᠠᠷᠠᠭᠤᠯᠤᠨ᠂ ᠨᠡᠶᠢᠭᠡᠮ ᠤᠨ ᠣᠯᠠᠨ ᠨᠡᠶᠢᠲᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠭᠤᠷᠪᠠ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡᠨ ᠤ | ᠪᠣᠳᠠᠲᠤ ᠪᠠᠶᠢᠯᠳᠤᠭᠠᠨ ᠤ ᠴᠢᠳᠠᠪᠤᠷᠢ ᠶᠢ ᠨᠡᠮᠡᠭᠳᠡᠭᠦᠯᠦᠨ᠎ᠡ | ︵ᠶᠢᠰᠦ︶ ᠠᠪᠤᠷᠠᠨ ᠲᠤᠰᠠᠯᠠᠬᠤ ᠬᠦᠴᠦᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠰᠢᠶᠠᠨ ᠬᠤᠶᠠᠷ | ᠱᠠᠲᠤ ᠨᠢ ᠲᠤᠬᠠᠢ ᠶᠢᠨ ᠭᠠᠵᠠᠷ ᠣᠷᠣᠨ ᠤ ᠬᠥᠮᠥᠨ ᠠᠮᠠ ᠶᠢᠨ ᠲᠤᠭ᠎ᠠ ᠬᠡᠮᠵᠢᠶ᠎ᠡ᠂ ᠠᠵᠤ ᠠᠬᠤᠢ ᠶᠢᠨ ᠬᠡᠪᠴᠢᠶ᠎ᠡ᠂ | ᠭᠠᠮᠰᠢᠭ ᠤᠨ ᠠᠳᠡᠯ ᠤᠨ ᠣᠨᠴᠠᠯᠢᠭ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮᠵᠢᠶ᠎ᠡ ᠵᠡᠷᠭᠡ ᠬᠦᠴᠦᠨ | ᠵᠦᠢᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠢ ᠲᠣᠭᠲᠠᠭᠠᠯ ᠶᠣᠰᠣᠭᠠᠷ | ᠭᠦᠢᠴᠡᠳ ᠴᠢᠩᠭ᠎ᠠ ᠲᠣᠬᠢᠷᠠᠭᠤᠯᠵᠤ᠂ ᠡᠩᠨᠡᠭᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ | ︽ᠶᠡᠷᠦᠩᠬᠡᠶᠢᠯᠡᠭᠰᠡᠨ + ᠲᠤᠰᠬᠠᠢ ᠮᠡᠷᠭᠡᠵᠢᠭᠰᠡᠨ+ ᠨᠡᠶᠢᠭᠡᠮᠴᠢᠯᠡᠭᠰᠡᠨ︾ ᠦᠨᠳᠦᠰᠦᠨ ᠱᠠᠲᠤᠨ ᠤ ᠪᠠᠴᠢᠮ ᠪᠠᠶᠢᠳᠠᠯ ᠢ | ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠤ ᠰᠢᠰᠲ᠋ᠧᠮ ᠢ ᠪᠠᠶᠢᠭᠤᠯᠵᠤ᠂ ᠬᠦᠴᠦᠨ ᠢ ᠳᠣᠷᠣᠭᠰᠢ ᠪᠠᠭᠤᠯᠭᠠᠬᠤ᠂ | ᠪᠠᠲᠤᠯᠠᠭ᠎ᠠ ᠶᠢ ᠳᠣᠷᠣᠭᠰᠢ ᠬᠡᠯᠪᠡᠶᠢᠯᠭᠡᠬᠦ ᠶᠢ ᠠᠬᠢᠭᠤᠯᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠤᠳᠤᠷᠢᠳᠤᠯᠭ᠎ᠠ ᠳᠣᠣᠷ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠨᠢᠭᠡᠳᠦᠯᠲᠡᠢ ᠵᠢᠯᠤᠭᠤᠳᠴᠤ᠂ ᠲᠣᠬᠢᠷᠠᠭᠤᠯᠤᠨ ᠬᠡᠷᠡᠭᠯᠡᠨ᠎ᠡ᠃ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ ᠲᠤᠰᠬᠠᠢ | ᠲᠤᠰᠢᠶᠠᠯᠲᠤ ᠠᠪᠤᠷᠠᠨ ᠲᠤᠰᠠᠯᠠᠬᠤ ᠬᠦᠴᠦᠨ᠂ ᠵᠢᠵᠢᠭ ᠭᠡᠯᠪᠡᠷᠢ ᠶᠢᠨ ᠭᠠᠯ ᠤᠨᠲᠠᠷᠠᠭᠠᠬᠤ ᠭᠠᠯ ᠰᠡᠷᠭᠡᠶᠢᠯᠡᠬᠦ ᠥᠷᠲᠡᠭᠡ | ᠵᠢᠴᠢ ᠡᠷᠦᠭᠡ ᠶᠢᠨ ᠴᠡᠷᠢᠭ᠂ ᠪᠡᠯᠡᠳᠬᠡᠯ ᠠᠯᠪᠠᠨ ᠤ ᠬᠥᠮᠥᠰ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠲᠠᠨ᠂ | ᠠᠮᠤᠷ ᠢ ᠬᠠᠮᠠᠭᠠᠯᠠᠭᠴᠢ᠂ ᠡᠮᠨᠡᠯᠭᠡ ᠶᠢᠨ ᠠᠵᠢᠯᠲᠠᠨ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠲᠤᠰᠬᠠᠢ ᠪᠠ ᠲᠤᠰᠢᠶᠠᠯ | ᠬᠠᠪᠰᠤᠷᠭᠠᠭᠰᠠᠨ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠭᠠᠵᠠᠷ ᠤᠨ ᠭᠠᠮᠰᠢᠭ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠠᠶᠤᠯ ᠲᠦᠭᠰᠢᠭᠦᠷᠢ ᠲᠣᠪᠣᠶᠢᠮ᠎ᠠ ᠪᠤᠶᠤ ᠠᠭᠤᠷᠬᠠᠢ | ︵ᠦᠯᠡᠳᠡᠭᠳᠡᠯ ᠠᠭᠤᠷᠬᠠᠢ ᠴᠦᠭᠦᠷᠦᠮ ᠪᠠᠭᠲᠠᠨ᠎ᠠ︶᠂ ᠠᠶᠤᠯᠲᠠᠢ ᠬᠢᠮᠢ ᠶᠢᠨ ᠪᠣᠳᠠᠰ ᠵᠡᠷᠭᠡ ᠠᠶᠤᠯ ᠲᠦᠭᠰᠢᠭᠦᠷᠢ | ᠶᠡᠬᠡᠲᠡᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠲᠥᠪᠯᠡᠷᠡᠭᠰᠡᠨ ᠰᠢᠶᠠᠨ︵ᠬᠤᠲᠠ᠂ | ᠲᠣᠭᠤᠷᠢᠭ᠂ ᠬᠤᠰᠢᠭᠤ︶᠂ ᠬᠠᠮᠢᠶ᠎ᠠ ᠪᠦᠬᠦᠢ ᠲᠤᠰᠬᠠᠢ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ | ᠴᠢᠩᠭᠠᠳᠬᠠᠨ᠎ᠠ᠃ | ︵ᠠᠷᠪᠠ︶ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠬᠥᠭᠵᠢᠯᠲᠡ ᠶᠢ ᠵᠣᠷᠢᠭᠵᠢᠭᠤᠯᠤᠨ | ᠳᠡᠮᠵᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ | ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ | ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ | ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠲᠥᠷᠥ ᠶᠢᠨ | ᠪᠣᠳᠣᠯᠭ᠎ᠠ ᠪᠠᠷ ᠵᠢᠯᠤᠭᠤᠳᠬᠤ ᠪᠠ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠤᠯᠤᠰ ᠲᠥᠷᠥ ᠶᠢᠨ ᠣᠨᠣᠯ᠂ | ᠲᠤᠬᠠᠶᠢᠯᠠᠭᠰᠠᠨ ᠠᠵᠢᠯ ᠤᠨ ᠮᠡᠳᠡᠯᠭᠡ ᠪᠠ ᠠᠪᠤᠷᠠᠨ ᠲᠤᠰᠠᠯᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ | ᠥᠷᠨᠢᠭᠦᠯᠵᠦ᠂ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠢ ᠡᠷᠭᠢᠯᠡᠨ᠂ ᠱᠠᠲᠤ ᠲᠥᠷᠥᠯ ᠬᠤᠪᠢᠶᠠᠨ ᠰᠢᠯᠭᠠᠨ | ᠦᠨᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ | ᠡᠬᠢ ᠪᠠᠶᠠᠯᠢᠭ ᠤᠨ ᠪᠦᠷᠢᠳᠬᠡᠯ᠂ ᠬᠠᠮᠢᠶᠠᠷᠤᠯᠲᠠ ᠶᠢᠨ ᠪᠣᠯᠪᠠᠰᠤᠷᠠᠯ ᠪᠣᠯᠣᠨ ᠵᠣᠯᠭᠠᠭᠤᠯᠤᠨ ᠳᠠᠶᠢᠴᠢᠯᠠᠬᠤ | ᠬᠡᠪᠴᠢᠶᠡᠨ ᠳᠤ ᠣᠷᠣᠭᠤᠯᠵᠤ᠂ ᠡᠭᠦᠷᠭᠡ ᠶᠢ ᠵᠣᠯᠭᠠᠭᠤᠯᠬᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠭᠦ᠂ ᠤᠷᠮᠠᠰᠢᠭᠤᠯᠬᠤ | ᠵᠡᠷᠭᠡ ᠲᠠᠪᠴᠠᠩ ᠢ ᠢᠳᠡᠪᠬᠢᠲᠡᠢ ᠪᠠᠶᠢᠭᠤᠯᠵᠤ᠂ ᠪᠣᠯᠪᠠᠰᠤᠷᠠᠯ ᠵᠡᠷᠭᠡ ᠲᠠᠯ᠎ᠠ ᠪᠠᠷ ᠵᠣᠬᠢᠰᠲᠠᠢ ᠳᠡᠮᠵᠢᠯᠭᠡ ᠦᠵᠡᠭᠦᠯᠵᠦ | ᠪᠣᠯᠣᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠣᠷᠳᠣᠨ | ᠬᠤᠳᠠᠯᠳᠤᠨ ᠠᠪᠬᠤ ᠦᠢᠯᠡᠴᠢᠯᠡᠭᠡ ᠶᠢᠨ ᠵᠢᠯᠤᠭᠤᠳᠬᠤ ᠴᠢᠨᠠᠷᠲᠠᠢ ᠭᠠᠷᠴᠠᠭ ᠢ ᠲᠡᠭᠦᠯᠳᠡᠷᠵᠢᠭᠦᠯᠦᠨ᠎ᠡ᠃ | ︵ᠠᠷᠪᠠᠨ ᠨᠢᠭᠡ︶ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠪᠠ ᠵᠢᠩᠬᠢᠨᠢ ᠪᠠᠶᠢᠯᠳᠤᠭᠠᠨᠴᠢᠯᠠᠬᠰᠠᠨ | ᠪᠣᠯᠪᠠᠰᠤᠷᠠᠯ ᠢ ᠴᠢᠩᠭᠠᠳᠬᠠᠨ᠎ᠠ᠃ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ | ᠡᠩᠨᠡᠭᠡ ᠨᠦᠭᠦᠳ ᠭᠤᠣᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠯᠦᠭᠡ ᠬᠠᠮᠲᠤᠷᠠᠨ ᠪᠣᠯᠪᠠᠰᠤᠷᠠᠵᠤ ᠬᠠᠮᠲᠤᠷᠠᠨ ᠪᠠᠶᠢᠯᠳᠤᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠦᠴᠦᠨ ᠤ ᠣᠷᠣᠨ ᠲᠤᠭ᠎ᠠ ᠶᠢ ᠰᠢᠯᠢᠳᠡᠭᠵᠢᠭᠦᠯᠵᠦ᠂ ᠦᠨᠳᠦᠰᠦᠨ | ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠰᠢᠰᠲ᠋ᠧᠮᠵᠢᠭᠦᠯᠦᠨ ᠵᠣᠬᠢᠶᠠᠨ | ᠪᠠᠶᠢᠭᠤᠯᠵᠤ᠂ ᠨᠢᠭᠡᠳᠦᠯᠲᠡᠢ ᠬᠠᠮᠢᠶᠠᠷᠤᠨ ᠵᠢᠯᠤᠭᠤᠳᠴᠤ᠂ ᠠᠪᠤᠷᠠᠨ ᠲᠤᠰᠠᠯᠠᠬᠤ ᠬᠠᠮᠵᠢᠯᠴᠠᠭ᠎ᠠ ᠪᠠᠨ ᠴᠢᠩᠭᠠᠷᠠᠭᠤᠯᠤᠨ᠎ᠠ᠃ | ᠵᠢᠩᠬᠢᠨᠢ ᠪᠠᠶᠢᠯᠳᠤᠭᠠᠨ ᠢᠶᠠᠷ ᠤᠳᠤᠷᠢᠳᠤᠮᠵᠢ ᠪᠣᠯᠭᠠᠨ ᠪᠣᠯᠪᠠᠰᠤᠷᠠᠯ ᠤᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠶᠢ ᠪᠠᠷᠢᠮᠲᠠᠯᠠᠵᠤ᠂ ᠤᠨᠤᠯ ᠤᠨ ᠪᠣᠯᠪᠠᠰᠤᠷᠠᠯ᠂ ᠬᠡᠷᠡᠭ ᠤᠨ ᠵᠢᠱᠢᠶ᠎ᠡ ᠶᠢᠨ ᠵᠢᠭᠠᠨ ᠰᠤᠷᠭᠠᠯᠲᠠ᠂ ᠠᠵᠢᠯ ᠤᠨ | ᠪᠠᠶᠢᠷᠢ ᠶᠢᠨ ᠪᠣᠯᠪᠠᠰᠤᠷᠠᠯ᠂ ᠵᠡᠪᠰᠡᠭ ᠤᠨ ᠮᠥᠷᠥᠶᠢᠴᠡᠭᠡᠨ᠂ ᠬᠠᠮᠲᠤᠷᠠᠭᠰᠠᠨ ᠰᠣᠷᠢᠯᠲᠠ ᠵᠡᠷᠭᠡ ᠠᠷᠭ᠎ᠠ ᠭᠡᠯᠪᠡᠷᠢ ᠪᠠᠷ | ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠡᠩᠨᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠰᠢᠶᠠᠨ | ᠬᠤᠶᠠᠷ ᠱᠠᠲᠤ ᠨᠢ ᠣᠳᠣ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ | ᠴᠢᠳᠠᠮᠵᠢ ᠪᠦᠷᠢᠨ ᠲᠥᠬᠦᠷ᠂ ᠢᠵᠢ ᠪᠦᠷᠢᠳᠦᠭᠰᠡᠨ᠂ ᠬᠢᠮᠳᠠ ᠲᠣᠬᠢᠯᠢᠭ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠪᠣᠯᠪᠠᠰᠤᠷᠠᠯ ᠤᠨ ᠲᠠᠯᠠᠪᠤᠷ ᠭᠠᠵᠠᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠦᠲᠦᠭᠡᠨ | ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠠᠮᠢᠶ᠎ᠠ ᠪᠦᠬᠦᠢ ᠲᠠᠯᠠᠪᠤᠷ ᠭᠠᠵᠠᠷ | ᠲᠥᠬᠦᠭᠡᠷᠦᠮᠵᠢ ᠯᠦᠭᠡ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠠᠪᠤᠷᠠᠨ ᠲᠤᠰᠠᠯᠠᠬᠤ | ᠲᠣᠨᠣᠭᠯᠠᠯ ᠤᠨ ᠲᠣᠬᠢᠷᠠᠭᠤᠯᠤᠯᠲᠠ ᠶᠢ ᠵᠢᠷᠤᠮᠵᠢᠭᠤᠯᠵᠤ᠂ ᠡᠪᠳᠡᠬᠦ ᠵᠠᠳᠠᠯᠬᠤ᠂ ᠬᠠᠷᠰᠢ ᠰᠠᠭᠠᠳ ᠢ ᠠᠷᠢᠯᠭᠠᠬᠤ᠂ | ᠰᠡᠷᠭᠡᠶᠢᠯᠡᠨ ᠬᠠᠮᠠᠭᠠᠯᠠᠬᠤ᠂ ᠴᠢᠮᠡᠭᠡ ᠬᠤᠯᠪᠤᠭ᠎ᠠ ᠨᠡᠪᠲᠡᠷᠡᠬᠦ ᠵᠡᠷᠭᠡ ᠲᠡᠷᠢᠭᠦᠨ ᠤ ᠪᠥᠭᠡᠳ ᠪᠠᠴᠢᠮ ᠪᠠᠶᠢᠳᠠᠯ ᠢ | ᠠᠷᠭᠠᠴᠠᠭᠠᠬᠤ ᠳᠤ ᠬᠡᠷᠡᠭᠯᠡᠬᠦ ᠲᠣᠨᠣᠭᠯᠠᠯ ᠢ ᠬᠤᠳᠠᠯᠳᠤᠨ ᠠᠪᠴᠤ᠂ ᠬᠠᠮᠲᠤ ᠪᠠᠷ ᠬᠦᠷᠲᠡᠵᠦ ᠬᠠᠮᠲᠤ ᠪᠠᠷ ᠬᠡᠷᠡᠭᠯᠡᠬᠦ ᠶᠢ | ᠴᠢᠩᠭᠠᠷᠠᠭᠤᠯᠤᠨ᠎ᠠ᠃ ᠡᠩᠨᠡᠭᠡ ᠶᠢᠨ ᠵᠢᠩᠬᠢᠨᠢᠴᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠢ ᠰᠣᠩᠭᠤᠨ | ᠲᠣᠬᠢᠷᠠᠭᠤᠯᠬᠤ᠂ ᠵᠢᠵᠢᠭᠦᠷᠯᠡᠨ ᠠᠵᠢᠯ ᠳᠤ ᠪᠡᠯᠡᠳᠬᠡᠬᠦ᠂ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠬᠤ᠂ | ᠵᠢᠯᠣᠭᠤᠳᠤᠨ ᠲᠣᠬᠢᠷᠠᠭᠤᠯᠬᠤ᠂ ᠪᠣᠯᠪᠠᠰᠤᠷᠠᠯ ᠰᠣᠷᠢᠯᠲᠠ ᠬᠢᠬᠦ ᠵᠡᠷᠭᠡ ᠳᠦᠷᠢᠮ ᠢ ᠪᠠᠶᠢᠭᠤᠯᠤᠨ᠎ᠠ᠃ | ᠳᠥᠷᠪᠡ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ | ︵ᠠᠷᠪᠠᠨ ᠭᠤᠷᠪᠠ︶ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠪᠠ ᠰᠣᠷᠢᠯᠲᠠ ᠬᠢᠬᠦ ᠶᠢ | ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠤᠨ ᠭᠠᠮᠰᠢᠭ ᠠᠳᠡᠯ | ᠲᠦᠭᠰᠢᠭᠦᠷᠢ ᠶᠢᠨ ᠣᠨᠴᠠᠯᠢᠭ ᠲᠠᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠵᠣᠯᠭᠠᠯᠴᠠᠬᠰᠠᠨ ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ᠂ ᠲᠤᠰᠬᠠᠢ | ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠣᠯᠣᠨ ᠲᠣᠪᠴᠢ ᠪᠥᠭᠡᠳ ᠪᠣᠳᠠᠲᠤ | ᠬᠡᠷᠡᠭᠴᠡᠭᠡᠲᠡᠢ ᠲᠣᠰᠬᠤᠨ ︵ᠨᠡᠶᠢᠭᠡᠮ ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠵᠢᠯᠣᠭᠤᠳᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠥᠳᠡᠯᠦᠩᠭᠦᠢ ᠪᠠᠷ ᠵᠠᠰᠠᠪᠤᠷᠢ ᠣᠷᠣᠭᠤᠯᠵᠤ᠂ ᠭᠤᠣᠯᠳᠠᠯᠭ᠎ᠠ ᠲᠠᠢ | ᠠᠵᠢᠯ ᠤᠨ ᠪᠠᠶᠢᠷᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠺᠠᠷᠲ ᠲᠣᠭᠲᠠᠭᠠᠨ᠂ ᠡᠯ᠎ᠡ ᠲᠠᠯ᠎ᠠ ᠶᠢᠨ | ᠬᠠᠷᠢᠭᠤᠴᠠᠯᠭᠠᠲᠠᠨ ᠪᠣᠯᠣᠨ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ᠪᠡᠯᠡᠳᠬᠡᠯ ᠲᠥᠰᠥᠯ ᠤᠨ | ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠣᠨ ᠲᠣᠰᠬᠤᠨ | ︵ᠨᠡᠶᠢᠭᠡᠮ ᠲᠣᠭᠤᠷᠢᠭ︶ ᠳᠤ ᠡᠮᠦᠨᠡᠬᠢ ᠬᠤᠭᠤᠴᠠᠭᠠᠨ ᠳᠤᠨᠢ ᠰᠢᠢᠳᠪᠦᠷᠢᠯᠡᠬᠦ᠂ ᠰᠢᠯᠵᠢᠭᠦᠯᠦᠨ ᠠᠶᠤᠯ ᠠᠴᠠ | ᠵᠠᠶᠢᠯᠠᠭᠤᠯᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠪᠠᠷ ᠭᠤᠣᠯ ᠠᠭᠤᠯᠭ᠎ᠠ ᠪᠤᠯᠭᠠᠬᠰᠠᠨ | ᠶᠡᠷᠦᠩᠬᠡᠶᠢᠯᠡᠭᠰᠡᠨ ᠰᠣᠷᠢᠯᠲᠠ ᠶᠢ ᠵᠢᠯ ᠪᠦᠷᠢ ᠠᠳᠠᠭ ᠲᠠᠭᠠᠨ 1 ᠤᠳᠠᠭ᠎ᠠ ᠵᠣᠬᠢᠶᠠᠨ ᠪᠠᠶᠢᠭᠤᠯᠵᠤ᠂ ᠲᠦᠭᠰᠢᠭᠦᠷᠢ | ᠶᠡᠬᠡᠲᠡᠢ ᠭᠠᠵᠠᠷ ᠣᠷᠣᠨ ᠨᠤᠭᠤᠳ ᠲᠤ ᠦᠶᠡᠷ ᠢ ᠰᠡᠷᠭᠡᠶᠢᠯᠡᠬᠦ᠂ ᠲᠠᠶᠢᠹᠧᠩ ᠰᠠᠯᠬᠢ ᠶᠢ ᠰᠡᠷᠭᠡᠶᠢᠯᠡᠬᠦ᠂ ᠭᠠᠵᠠᠷ | ᠬᠥᠳᠡᠯᠦᠯᠲᠡ ᠠᠴᠠ ᠵᠠᠶᠢᠯᠠᠵᠤ ᠥᠪᠡᠷ ᠢ ᠪᠠᠨ ᠠᠪᠤᠷᠠᠬᠤ᠂ ᠠᠭᠤᠯᠠᠨ ᠦᠶᠡᠷ ᠪᠣᠯᠣᠨ ᠭᠠᠵᠠᠷ ᠤᠨ ᠭᠠᠮᠰᠢᠭ ᠠᠴᠠ | ᠵᠠᠶᠢᠯᠠᠬᠤ᠂ ᠭᠠᠯ ᠤᠨ ᠠᠶᠤᠯ ᠠᠴᠠ ᠠᠮᠢ ᠵᠢᠭᠤᠲᠠᠬᠤ ᠵᠡᠷᠭᠡ ᠲᠤᠰᠬᠠᠢ ᠵᠦᠢᠯ ᠤᠨ ᠰᠣᠷᠢᠯᠲᠠ ᠶᠢ ᠴᠢᠩᠭᠠᠳᠬᠠᠨ᠎ᠠ᠃ | ︵ᠠᠷᠪᠠᠨ ᠳᠥᠷᠪᠡ︶ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢᠨ ᠮᠡᠳᠡᠭᠦᠯᠦᠯᠲᠡ ᠨᠡᠶᠢᠲᠡᠯᠡᠬᠦ ᠶᠢ | ᠴᠢᠩᠭᠠᠳᠬᠠᠨ᠎ᠠ᠃ ᠤᠳᠤᠷᠢᠳᠤᠯᠭ᠎ᠠ ᠡᠭᠡᠯᠵᠢ ᠳᠠᠭᠠᠭᠤᠯᠬᠤ ᠪᠠ ᠵᠢᠵᠢᠭᠦᠷᠯᠡᠨ ᠰᠠᠬᠢᠬᠤ ᠳᠦᠷᠢᠮ ᠢ | ᠨᠠᠶᠢᠳᠠᠪᠤᠷᠢᠵᠢᠭᠤᠯᠤᠨ᠎ᠠ᠃ ᠮᠡᠳᠡᠭᠡ ᠵᠠᠩᠭᠢ ᠮᠡᠳᠡᠭᠦᠯᠬᠦ ᠭᠤᠣᠯ ᠴᠣᠭᠴᠠ᠂ ᠬᠦᠷᠢᠶ᠎ᠡ ᠬᠡᠪᠴᠢᠶ᠎ᠡ᠂ ᠠᠭᠤᠯᠭ᠎ᠠ᠂ ᠴᠠᠭ | ᠬᠤᠭᠤᠴᠠᠭ᠎ᠠ᠂ ᠴᠤᠪᠤᠷᠠᠯ ᠪᠠ ᠠᠵᠢᠯ ᠤᠨ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠠᠵᠤ ᠠᠬᠤᠶᠢᠯᠠᠯ᠂ ᠰᠤᠷᠭᠠᠭᠤᠯᠢ᠂ | ᠡᠮᠨᠡᠯᠭᠡ ᠶᠢᠨ ᠬᠤᠷᠢᠶ᠎ᠠ᠂ ᠲᠣᠰᠬᠤᠨ ︵ᠨᠡᠶᠢᠭᠡᠮ ᠲᠣᠭᠤᠷᠢᠭ︶ ᠵᠡᠷᠭᠡ ᠦᠨᠳᠦᠰᠦᠨ ᠱᠠᠲᠤᠨ ᠤ ᠨᠢᠭᠡᠴᠢ ᠶᠢᠨ ᠮᠡᠳᠡᠭᠡ | ᠵᠠᠩᠭᠢ ᠶᠢ ᠴᠠᠭ ᠲᠤᠬᠠᠢ ᠳᠤᠨᠢ ᠮᠡᠳᠡᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠯᠠᠨ | ᠠᠷᠭ᠎ᠠ ᠵᠠᠮ ᠣᠯᠠᠨ ᠰᠠᠯᠠᠭ᠎ᠠ ᠮᠥᠴᠢᠷ ᠤᠨ ᠮᠡᠳᠡᠭᠡ ᠵᠠᠩᠭᠢ ᠮᠡᠳᠡᠭᠦᠯᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ | ᠬᠠᠷᠢᠯᠴᠠᠨ ᠨᠠᠪᠲᠠᠷᠡᠭᠦᠯᠵᠦ ᠬᠠᠮᠲᠤ ᠡᠳ᠋ᠯᠡᠬᠦ ᠶᠢ ᠴᠢᠩᠭᠠᠷᠠᠭᠤᠯᠤᠨ᠂ ᠬᠤᠶᠢᠰᠢᠯᠠᠭᠤᠯᠤᠨ ᠮᠡᠳᠡᠭᠦᠯᠬᠦ᠂ ᠬᠤᠳᠠᠯ ᠢᠶᠠᠷ | ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ᠂ ᠣᠷᠬᠢᠭᠳᠠᠭᠤᠯᠤᠨ ᠮᠡᠳᠡᠭᠦᠯᠵᠦ ᠪᠤᠯᠬᠤ ᠦᠭᠡᠢ᠃ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠴᠠᠭ ᠲᠤᠬᠠᠢ ᠳᠤᠨᠢ᠂ ᠣᠨᠣᠪᠴᠢᠲᠠᠶ ᠨᠡᠶᠢᠲᠡᠯᠡᠵᠦ᠂ ᠨᠡᠶᠢᠭᠡᠮ ᠤᠨ | ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠭᠦᠨ᠎ᠡ᠃ | ︵ᠠᠷᠪᠠᠨ ᠲᠠᠪᠤ︶ ᠡᠮᠦᠨᠡᠬᠢ ᠬᠤᠭᠤᠴᠠᠭᠠᠨ ᠳᠤᠨᠢ ᠰᠢᠢᠳᠪᠦᠷᠢᠯᠡᠬᠦ ᠶᠢ ᠥᠷᠨᠢᠭᠦᠯᠦᠨ᠎ᠡ᠃ ᠰᠢᠶᠠᠩ ᠪᠠᠯᠭᠠᠰᠤ | ︵ᠵᠡᠭᠡᠯᠢ ᠭᠤᠳᠤᠮᠵᠢ︶ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠷᠬᠡ ᠶᠢ ᠬᠠᠤᠯᠢ ᠶᠣᠰᠣᠭᠠᠷ ᠣᠯᠭᠤᠨ᠎ᠠ᠃ | ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ ᠬᠠᠮᠲᠤᠷᠠᠨ ᠬᠥᠳᠡᠯᠦᠯᠴᠡᠬᠦ ᠶᠢ | ᠴᠢᠩᠭᠠᠷᠠᠭᠤᠯᠤᠨ᠂ ᠴᠤᠤᠷᠢᠶᠠᠲᠤᠬᠤ ᠬᠤᠷᠳᠤᠴᠠ ᠶᠢ ᠳᠡᠭᠡᠭᠰᠢᠯᠡᠭᠦᠯᠦᠨ᠎ᠡ᠃ ᠭᠠᠮᠰᠢᠭ ᠠᠳᠡᠯ ᠭᠠᠷᠤᠭᠰᠠᠨ ᠤ ᠲᠠᠷᠠᠭ᠎ᠠ᠂ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠪᠤᠰᠢᠭᠤ ᠲᠦᠷᠭᠡᠨ ᠡᠬᠢᠯᠡᠭᠦᠯᠵᠦ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠲᠤᠬᠠᠢ ᠶᠢᠨ ᠲᠠᠯᠠᠪᠠᠢ ᠶᠢᠨ ᠵᠢᠯᠤᠭᠤᠳᠬᠤ ᠭᠠᠵᠠᠷ ᠪᠠᠶᠢᠭᠤᠯᠤᠨ᠂ ᠬᠥᠮᠥᠰ ᠢ ᠴᠠᠭ ᠲᠤᠬᠠᠢ | ᠳᠤᠨᠢ ᠵᠣᠬᠢᠶᠠᠨ ᠪᠠᠶᠢᠭᠤᠯᠤᠨ ᠰᠢᠯᠵᠢᠭᠦᠯᠵᠦ᠂ ᠡᠷᠲᠡ ᠠᠪᠤᠷᠠᠵᠤ ᠠᠶᠤᠯ ᠪᠠᠭ᠎ᠠ ᠦᠶᠡᠰ ᠲᠤᠨᠢ ᠠᠪᠤᠷᠠᠵᠤ ᠡᠬᠢᠨ ᠤ | ᠬᠤᠭᠤᠴᠠᠭᠠᠨ ᠳᠤ ᠠᠪᠤᠷᠠᠬᠤ ᠠᠵᠢᠯ ᠢ ᠬᠢᠨ᠎ᠡ᠃ ᠣᠶᠢᠷ᠎ᠠ ᠬᠠᠪᠢ ᠳᠠᠬᠢ ᠪᠠᠴᠢᠮ ᠪᠠᠶᠢᠳᠠᠯ ᠢ ᠠᠷᠭᠠᠴᠠᠭᠠᠬᠤ | ᠲᠥᠬᠦᠭᠡᠷᠦᠮᠵᠢ ᠪᠣᠯᠣᠨ ᠠᠶᠤᠯ ᠠᠴᠠ ᠵᠠᠶᠢᠯᠠᠬᠤ ᠲᠠᠯᠠᠪᠤᠷ ᠭᠠᠵᠠᠷ ᠢ ᠬᠡᠷᠡᠭᠯᠡᠵᠦ᠂ ᠣᠯᠠᠨ ᠲᠦᠮᠡᠨ ᠤ ᠥᠪᠡᠷ ᠢ ᠪᠠᠨ | ᠠᠪᠤᠷᠠᠬᠤ ᠪᠠ ᠬᠠᠷᠢᠯᠴᠠᠨ ᠠᠪᠤᠷᠠᠬᠤ ᠶᠢ ᠵᠣᠬᠢᠶᠠᠨ ᠪᠠᠶᠢᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ ᠳᠡᠭᠡᠳᠦ | ᠱᠠᠲᠤᠨ ᠤ ᠲᠤᠰᠠᠯᠠᠮᠵᠢ ᠶᠢ ᠭᠤᠶᠤᠴᠢᠯᠠᠬᠤ ᠶᠢᠨ ᠬᠠᠮᠲᠤ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠰᠠᠶᠢᠲᠤᠷ | ᠬᠢᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠬᠤ ᠲᠠᠯᠠᠪᠤᠷ ᠭᠠᠵᠠᠷ ᠪᠣᠯᠣᠨ ᠰᠣᠶᠣᠯ᠂ ᠰᠤᠷᠭᠠᠨ | ᠬᠥᠮᠦᠵᠢᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠰᠠᠭᠤᠷᠢ ᠲᠥᠬᠦᠭᠡᠷᠦᠮᠵᠢ ᠶᠢ ᠠᠭᠤᠰᠤᠯᠴᠠᠭᠤᠯᠤᠨ ᠬᠠᠮᠲᠤ ᠪᠠᠷ | ᠪᠠᠶᠢᠭᠤᠯᠬᠤ᠂ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ | ︵ᠠᠷᠪᠠᠨ ᠵᠢᠷᠭᠤᠭ᠎ᠠ︶ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ ᠲᠥᠯᠥᠪᠯᠡᠨ | ᠰᠠᠶᠢᠲᠤᠷ ᠬᠢᠨ᠎ᠡ᠃ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠭᠠᠮᠰᠢᠭ ᠤᠨ ᠪᠠᠶᠢᠳᠠᠯ ᠢ | ᠪᠦᠷᠢᠳᠬᠡᠬᠦ ᠪᠠ ᠭᠠᠮᠰᠢᠭ ᠠᠴᠠ ᠠᠪᠤᠷᠠᠨ ᠲᠤᠰᠠᠯᠠᠬᠤ ᠪᠠᠨ ᠴᠢᠩᠭᠠᠳᠬᠠᠵᠤ᠂ ᠭᠠᠮᠰᠢᠭ ᠠᠴᠠ ᠠᠪᠤᠷᠠᠬᠤ ᠪᠡᠯᠡ | ᠮᠥᠩᠭᠦ ᠪᠠ ᠡᠳ᠋ ᠪᠣᠳᠠᠰ ᠢ ᠴᠠᠭ ᠲᠤᠬᠠᠢ ᠳᠤᠨᠢ ᠪᠠᠭᠤᠯᠭᠠᠵᠤ᠂ ᠳᠠᠭᠠᠳᠬᠠᠯ ᠬᠠᠷᠢᠭᠤᠴᠠᠬᠤ ᠪᠠᠶᠢᠭᠤᠯᠤᠮᠵᠢ ᠶᠢᠨ | ᠳᠠᠭᠠᠳᠬᠠᠯ ᠤᠨ ᠲᠥᠯᠥᠪᠦᠷᠢ ᠥᠭᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠤᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠨ᠎ᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠣᠨ ᠲᠣᠰᠬᠤᠨ ︵ᠨᠡᠶᠢᠭᠡᠮ | ᠲᠣᠭᠤᠷᠢᠭ︶ ᠨᠢ ᠭᠠᠮᠰᠢᠭ ᠠᠴᠠ ᠠᠪᠤᠷᠠᠬᠤ ᠪᠡᠯᠡ ᠮᠥᠩᠭᠦ ᠪᠣᠯᠣᠨ ᠡᠳ᠋ ᠪᠠᠷᠠᠭ᠎ᠠ ᠲᠠᠷᠬᠠᠭᠠᠬᠤ᠂ ᠡᠷᠡᠭᠦᠯ ᠬᠠᠮᠠᠭᠠᠯᠠᠯ | ᠬᠢᠵᠢᠭ ᠰᠡᠷᠭᠡᠶᠢᠯᠡᠬᠦ᠂ ᠠᠰᠠᠷᠠᠮᠵᠢ ᠶᠢᠨ ᠨᠥᠬᠦᠪᠦᠷᠢ ᠥᠭᠬᠦ᠂ ᠰᠡᠳᠬᠢᠴᠡ ᠶᠢᠨ ᠲᠠᠶᠢᠳᠬᠤᠷᠠᠭᠤᠯᠤᠯ ᠵᠢᠴᠢ ᠰᠡᠷᠭᠦᠭᠡᠵᠦ | ᠳᠠᠭᠢᠨ ᠪᠠᠶᠢᠭᠤᠯᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠣᠯᠠᠨ ᠲᠦᠮᠡᠨ ᠤ ᠦᠢᠯᠡᠳᠪᠦᠷᠢᠯᠡᠯ ᠢᠶᠠᠷ | ᠥᠪᠡᠷ ᠢ ᠪᠠᠨ ᠠᠪᠤᠷᠠᠵᠤ᠂ ᠭᠡᠷ ᠣᠷᠣᠨ ᠢᠶᠠᠨ ᠳᠠᠭᠢᠨ ᠪᠦᠲᠦᠭᠡᠨ ᠪᠠᠶᠢᠭᠤᠯᠬᠤ ᠶᠢ ᠵᠣᠬᠢᠶᠠᠨ ᠪᠠᠶᠢᠭᠤᠯᠤᠨ᠎ᠠ᠃ | ᠲᠠᠪᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠲᠤᠯᠭᠠᠭᠤᠷᠢᠯᠠᠬᠤ | ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠎ᠠ | ︵ᠠᠷᠪᠠᠨ ᠳᠣᠯᠤᠭ᠎ᠠ︶ ᠴᠢᠳᠠᠪᠤᠷᠢᠲᠠᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠠᠯᠪᠠᠲᠠᠨ ᠢ ᠰᠢᠯᠭᠠᠵᠤ ᠡᠯᠰᠡᠬᠦ᠂ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠳᠤ ᠤᠨᠴᠠᠭᠠᠢ ᠲᠣᠬᠢᠷᠠᠭᠤᠯᠤᠭᠰᠠᠨ | ᠠᠵᠢᠯ ᠤᠨ ᠪᠠᠶᠢᠷᠢ ᠶᠢᠨ ᠲᠥᠯᠥᠪᠯᠡᠭᠡ ᠬᠡᠷᠡᠭᠵᠢᠭᠦᠯᠬᠦ᠂ ᠢᠯᠡ ᠪᠠᠷ ᠤᠷᠢᠬᠤ᠂ ᠭᠠᠯ ᠤᠨᠲᠠᠷᠠᠭᠠᠬᠤ ᠠᠵᠢᠯ ᠠᠴᠠ | ᠬᠠᠯᠠᠭᠳᠠᠭᠰᠠᠳ ᠢ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠢ ᠮᠡᠷᠭᠡᠵᠢᠯ ᠤᠨ ᠠᠵᠢᠯᠲᠠᠨ | ᠲᠣᠬᠢᠷᠠᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠮᠡᠷᠭᠡᠵᠢᠯ ᠤᠨ ᠬᠦᠴᠦᠨ ᠢ | ᠲᠡᠭᠦᠯᠳᠡᠷᠵᠢᠭᠦᠯᠦᠨ᠎ᠡ᠃ ᠨᠥᠬᠦᠴᠡᠯ ᠲᠠᠢ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠰᠢᠨᠵᠢᠯᠡᠭᠡᠨ ᠤ ᠲᠤᠰᠬᠠᠢ ᠮᠡᠷᠭᠡᠵᠢᠯ | ᠨᠡᠭᠡᠭᠡᠬᠦ ᠶᠢ ᠳᠡᠮᠵᠢᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯᠲᠠᠨ ᠤ | ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ ᠦᠨᠳᠦᠰᠦᠨ ᠱᠠᠲᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯᠲᠠᠨ ᠤ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ᠂ | ᠳᠠᠩᠰᠠᠯᠠᠭᠤᠯᠤᠭᠰᠠᠨ ᠭᠠᠯ ᠤᠨᠲᠠᠷᠠᠭᠠᠬᠤ ᠢᠨᠵᠧᠨᠧᠷ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠭᠴᠢ | ᠵᠡᠷᠭᠡ ᠡᠷᠭᠢᠯᠡᠭᠰᠡᠨ ᠠᠵᠢᠯ ᠤᠨ ᠬᠢᠷᠢ ᠭᠡᠮ ᠰᠢᠯᠭᠠᠨ ᠣᠯᠬᠤ ᠶᠢ ᠵᠣᠷᠢᠭᠵᠢᠭᠤᠯᠵᠤ᠂ ᠪᠠᠴᠢᠮ ᠠᠪᠤᠷᠠᠨ ᠲᠤᠰᠠᠯᠠᠵᠤ | ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠪᠠᠴᠢᠮ ᠠᠪᠤᠷᠠᠯᠳᠠ ᠵᠡᠷᠭᠡ ᠲᠤᠰᠬᠠᠢ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠤᠯᠤᠨ᠎ᠠ᠃ ᠭᠠᠯ ᠤᠨᠲᠠᠷᠠᠭᠠᠭᠴᠢ ᠠᠴᠠ ᠬᠠᠯᠠᠭᠳᠠᠭᠰᠠᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯᠲᠠᠨ ᠤ ᠣᠯᠭᠤᠮᠵᠢ ᠶᠢ ᠵᠦᠢ ᠵᠣᠬᠢᠰᠲᠠᠢ ᠪᠠᠲᠤᠯᠠᠨ᠂ ᠬᠥᠮᠥᠨ ᠤ ᠪᠡᠶ᠎ᠡ ᠶᠢᠨ ᠰᠠᠨᠠᠭᠠᠨ ᠳᠤ | ᠦᠭᠡᠢ ᠭᠡᠮᠲᠦᠯ ᠤᠨ ᠳᠠᠭᠠᠳᠬᠠᠯ᠂ ᠠᠰᠠᠷᠠᠮᠵᠢ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠤᠨ᠎ᠠ᠃ | ︵ᠠᠷᠪᠠᠨ ᠨᠠᠢᠮᠠ︶ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃ ᠠᠵᠢᠯ ᠶᠠᠪᠤᠳᠠᠯ ᠤᠨ ᠡᠷᠬᠡ ᠬᠢᠭᠡᠳ | ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠣᠯᠠᠨ ᠡᠰᠢᠲᠦ ᠵᠠᠷᠤᠳᠠᠯ ᠤᠨ ᠪᠠᠲᠤᠯᠠᠭ᠎ᠠ ᠶᠢ | ᠲᠡᠭᠦᠯᠳᠡᠷᠵᠢᠭᠦᠯᠦᠨ᠎ᠡ᠃ ᠠᠪᠤᠷᠠᠨ ᠲᠤᠰᠠᠯᠠᠬᠤ ᠡᠩᠨᠡᠭᠡ ᠪᠠ ᠪᠠᠴᠢᠮ ᠪᠠᠶᠢᠳᠠᠯ ᠢ ᠠᠷᠭᠠᠴᠠᠭᠠᠬᠤ ᠲᠠᠯᠠᠪᠤᠷ ᠭᠠᠵᠠᠷ ᠤᠨ | ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠡᠳ᠋ ᠪᠣᠳᠠᠰ ᠤᠨ | ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠵᠡᠷᠭᠡ ᠶᠢ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠠᠮᠢᠶ᠎ᠠ ᠪᠦᠬᠦᠢ ᠲᠤᠰᠬᠠᠢ | ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ | ︵ᠠᠷᠪᠠ ᠶᠢᠰᠦ︶ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠰᠢᠶᠠᠨ ᠬᠤᠶᠠᠷ ᠱᠠᠲᠤᠨ ᠤ | ᠬᠢᠨ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠢ ᠪᠠᠷᠢᠮᠲᠠᠯᠠᠨ᠂ ᠲᠤᠰ ᠭᠠᠵᠠᠷ ᠤᠨ ᠭᠠᠮᠰᠢᠭ | ᠠᠳᠡᠯ ᠤᠨ ᠣᠨᠴᠠᠯᠢᠭ᠂ ᠬᠥᠮᠥᠨ ᠠᠮᠠ ᠶᠢᠨ ᠲᠠᠷᠬᠠᠯᠲᠠ᠂ ᠭᠠᠵᠠᠷ ᠵᠦᠢ ᠶᠢᠨ ᠪᠠᠶᠢᠷᠢᠯᠠᠯ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠴᠡᠭ ᠤᠨ ᠪᠠᠶᠢᠷᠢᠰᠢᠯ ᠢ | ᠵᠦᠢ ᠵᠣᠬᠢᠰᠲᠠᠢ ᠲᠥᠯᠥᠪᠵᠢᠭᠦᠯᠦᠨ᠂ ᠭᠤᠣᠯᠳᠠᠯᠭ᠎ᠠ ᠲᠠᠢ ᠣᠷᠣᠨ ᠪᠦᠰᠡ ᠪᠣᠯᠣᠨ ᠲᠦᠭᠰᠢᠭᠦᠷᠢ ᠶᠡᠬᠡᠲᠡᠢ ᠰᠢᠶᠠᠩ | ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠳᠠᠭᠠᠭᠤᠯᠢ ᠣᠳᠣᠨ ᠴᠢᠮᠡᠭᠡ ᠬᠤᠯᠪᠣᠭᠠᠨ ᠤ | ᠦᠵᠦᠭᠦᠷᠯᠢᠭ᠂ ᠲᠦᠭᠰᠢᠭᠦᠷᠢᠲᠦ ᠪᠠᠶᠢᠳᠠᠯ ᠢ ᠬᠢᠨᠠᠨ ᠡᠵᠡᠮᠳᠡᠬᠦ᠂ ᠠᠪᠤᠷᠠᠵᠤ ᠬᠠᠮᠠᠭᠠᠯᠠᠬᠤ ᠵᠡᠷᠭᠡ ᠴᠢᠬᠤᠯᠠ ᠪᠦᠬᠦᠢ ᠡᠳ᠋ | ᠪᠠᠷᠠᠭ᠎ᠠ ᠲᠣᠨᠤᠭ ᠲᠥᠬᠦᠭᠡᠷᠦᠮᠵᠢ ᠲᠣᠬᠢᠷᠠᠭᠤᠯᠤᠨ᠎ᠠ᠃ ᠵᠠᠬ᠎ᠠ ᠳᠡᠯᠭᠡᠭᠦᠷ ᠤᠨ ᠬᠠᠳᠠᠭᠠᠯᠠᠯᠲᠠ ᠶᠢᠨ ᠬᠡᠮᠵᠢᠶ᠎ᠡ ᠨᠢ | ᠭᠦᠢᠴᠡᠳ᠂ ᠴᠢᠨᠠᠷ ᠢ ᠪᠠᠲᠤᠯᠠᠬᠤ ᠬᠤᠭᠤᠴᠠᠭ᠎ᠠ ᠨᠢ ᠣᠬᠤᠷ᠂ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠨᠢ | ᠥᠨᠳᠥᠷ ᠡᠳ᠋ ᠪᠣᠳᠠᠰ ᠢ ᠵᠥᠪᠯᠡᠯᠴᠡᠭᠡᠷ ᠢᠶᠠᠷ ᠨᠥᠭᠡᠴᠡᠯᠡᠬᠦ ᠶᠢ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ | ᠪᠣᠯᠣᠨ ᠭᠡᠷ ᠪᠦᠯᠢ ᠶᠢᠨ ᠬᠢᠨ ᠤ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠪᠦᠬᠦᠢ ᠡᠳ᠋ ᠪᠣᠳᠠᠰ ᠨᠥᠭᠡᠴᠡᠯᠡᠬᠦ ᠶᠢ | ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠡᠯ᠎ᠡ ᠱᠠᠲᠤᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ | ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠦᠨᠳᠦᠰᠦᠨ ᠱᠠᠲᠤᠨ ᠳᠤ ᠰᠢᠭᠤᠳ ᠬᠦᠷᠬᠦ ᠣᠲᠣ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠭᠡᠮ ᠤᠨ ᠡᠬᠢ ᠪᠠᠶᠠᠯᠢᠭ ᠢ ᠪᠠᠴᠢᠮ | ᠪᠠᠶᠢᠳᠠᠯ ᠢ ᠠᠷᠭᠠᠴᠠᠭᠠᠬᠤ ᠳᠤ ᠲᠠᠲᠠᠪᠤᠷᠢᠯᠠᠨ ᠬᠡᠷᠡᠭᠯᠡᠬᠦ ᠨᠥᠬᠦᠪᠦᠷᠢ ᠶᠢᠨ ᠲᠣᠭᠲᠠᠴᠠ ᠶᠢ ᠲᠣᠭᠲᠠᠭᠠᠯ ᠶᠣᠰᠣᠭᠠᠷ | ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠲᠠ ᠳᠤ | ᠬᠡᠷᠡᠭᠯᠡᠬᠦ ᠲᠡᠷᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ | ᠠᠵᠢᠯᠲᠠᠨ ᠪᠣᠯᠣᠨ ᠲᠡᠷᠭᠡ ᠬᠥᠰᠬᠡ ᠶᠢᠨ ᠨᠡᠪᠲᠡᠷᠡᠬᠦ ᠳᠤ ᠳᠥᠭᠦᠮ ᠦᠵᠡᠭᠦᠯᠦᠨ᠎ᠡ᠃ | ︵ᠬᠤᠷᠢ︶ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠬᠦᠴᠦᠨ ᠴᠢᠳᠠᠯ ᠣᠯᠭᠤᠬᠤ ᠶᠢ ᠴᠢᠩᠭᠠᠳᠬᠠᠨ᠎ᠠ᠃ | ︽ᠣᠶᠤᠨᠴᠢ ᠪᠠᠴᠢᠮ ᠪᠠᠶᠢᠳᠠᠯ ᠢ ᠠᠷᠭᠠᠴᠠᠭᠠᠬᠤ︾ ᠪᠠ ᠦᠨᠳᠦᠰᠦᠨ ᠱᠠᠲᠤᠨ ᠤ ᠵᠠᠰᠠᠯᠲᠠ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠠᠬᠢᠭᠤᠯᠵᠤ᠂ ᠶᠠᠮᠤᠨ ᠮᠤᠵᠢ ᠠᠴᠠ ᠨᠢᠭᠡᠳᠦᠯᠲᠡᠢ ᠲᠥᠯᠥᠪᠯᠡᠨ ᠬᠠᠮᠢᠶᠠᠷᠬᠤ᠂ ᠬᠤᠲᠠ ᠰᠢᠶᠠᠨ | ᠠᠴᠠ ᠰᠢᠨ᠎ᠡ ᠶᠢ ᠡᠭᠦᠳᠴᠦ ᠳᠡᠯᠭᠡᠷᠡᠭᠦᠯᠬᠦ᠂ ᠦᠨᠳᠦᠰᠦᠨ ᠱᠠᠲᠤᠨ ᠳᠤ ᠪᠣᠳᠠᠲᠠᠶᠢᠵᠢᠭᠤᠯᠤᠨ ᠬᠡᠷᠡᠭᠯᠡᠬᠦ ᠱᠠᠭᠠᠷᠳᠠᠯᠭ᠎ᠠ | ᠶᠣᠰᠣᠭᠠᠷ᠂ ᠦᠨᠳᠦᠰᠦᠨ ᠱᠠᠲᠤᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠠᠷᠭ᠎ᠠ ᠪᠠᠷᠢᠯ ᠪᠠ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠨ᠎ᠡ᠃ | ᠰᠢᠰᠲ᠋ᠧᠮ ᠤᠨ ᠬᠤᠷᠠᠮᠠᠯ ᠢ ᠴᠢᠩᠭᠠᠷᠠᠭᠤᠯᠵᠤ᠂ ᠲᠤᠭ᠎ᠠ ᠪᠠᠷᠢᠮᠲᠠ ᠶᠢ ᠠᠭᠤᠰᠤᠯᠴᠠᠭᠤᠯᠬᠤ ᠪᠠ ᠵᠠᠳᠠᠯᠤᠨ ᠬᠡᠷᠡᠭᠯᠡᠬᠦ ᠶᠢ | ᠴᠢᠩᠭᠠᠳᠬᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠ ᠲᠣᠰᠬᠤᠨ ︵ᠨᠡᠶᠢᠭᠡᠮ ᠲᠣᠭᠤᠷᠢᠭ︶ ᠳᠤ ᠭᠡᠮ ᠰᠣᠭᠤᠭ ᠢ | ᠢᠯᠭᠠᠨ ᠲᠠᠨᠢᠬᠤ ᠳᠤ ᠬᠠᠮᠵᠢᠬᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠠᠦ᠋ᠲ᠋ᠣ᠋ ᠪᠠᠷ | ᠰᠠᠨᠠᠭᠤᠯᠬᠤ ᠵᠡᠷᠭᠡ ᠣᠶᠤᠨᠴᠢ ᠦᠢᠯᠡᠴᠢᠯᠡᠭᠡ ᠬᠠᠩᠭᠠᠨ᠎ᠠ᠃ ︽ᠵᠠᠮ ᠬᠠᠷᠢᠯᠴᠠᠭ᠎ᠠ ᠨᠡᠪᠲᠡᠷᠡᠬᠦ ᠦᠭᠡᠢ᠂ ᠰᠦᠯᠵᠢᠶ᠎ᠡ | ᠨᠡᠪᠲᠡᠷᠡᠬᠦ ᠦᠭᠡᠢ᠂ ᠴᠠᠭᠢᠯᠭᠠᠨ ᠨᠡᠪᠲᠡᠷᠡᠬᠦ ᠦᠭᠡᠢ︾ ᠵᠡᠷᠭᠡ ᠬᠡᠲᠦᠷᠡᠮᠡᠬᠡᠢ ᠪᠠᠶᠢᠳᠠᠯ ᠳᠣᠣᠷᠠᠬᠢ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠦᠨᠳᠦᠰᠦᠨ ᠱᠠᠲᠤᠨ ᠳᠤ ︽ᠵᠢᠵᠢᠭ᠂ ᠲᠦᠷᠭᠡᠨ᠂ ᠬᠥᠩᠭᠡᠨ᠂ ᠣᠶᠤᠨᠲᠤ︾ᠰᠢᠨ᠎ᠡ ᠭᠡᠯᠪᠡᠷᠢ ᠶᠢᠨ ᠮᠡᠷᠭᠡᠵᠢᠯ ᠤᠨ ᠲᠣᠨᠤᠭ | ᠲᠥᠬᠦᠭᠡᠷᠦᠮᠵᠢ ᠶᠢ ᠳᠡᠯᠭᠡᠷᠡᠭᠦᠯᠦᠨ ᠲᠣᠬᠢᠷᠠᠭᠤᠯᠤᠨ᠎ᠠ᠃ | ︵ᠬᠤᠷᠢᠨ ᠨᠢᠭᠡ︶ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ | ᠱᠠᠩᠨᠠᠬᠤ ᠪᠠᠷ ᠨᠥᠬᠦᠪᠦᠷᠢ ᠥᠭᠬᠦ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠲᠣᠰᠬᠤᠨ ︵ᠨᠡᠶᠢᠭᠡᠮ | ᠲᠣᠭᠤᠷᠢᠭ︶ ᠤ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠵᠡᠷᠭᠡ ᠠᠵᠢᠯ ᠢ ᠳᠡᠮᠵᠢᠬᠦ ᠶᠢ ᠵᠣᠷᠢᠭᠵᠢᠭᠤᠯᠤᠨ᠎ᠠ᠃ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠲᠣᠬᠢᠷᠠᠭᠤᠯᠤᠯᠲᠠ᠂ ᠲᠠᠯᠠᠪᠤᠷ ᠭᠠᠵᠠᠷ | ᠲᠥᠬᠦᠭᠡᠷᠦᠮᠵᠢ᠂ ᠡᠳ᠋ ᠪᠣᠳᠠᠰ ᠲᠣᠨᠤᠭ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠲᠡᠮᠳᠡᠭ ᠵᠡᠷᠭᠡ ᠶᠢᠨ | ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠷᠭᠡᠳᠬᠡᠵᠦ᠂ ᠬᠦᠴᠦᠨ ᠨᠢ ᠭᠦᠢᠴᠡᠳ᠂ ᠲᠥᠬᠦᠭᠡᠷᠦᠮᠵᠢ ᠨᠢ ᠲᠡᠭᠦᠯᠳᠡᠷ᠂ | ᠲᠣᠨᠣᠭᠯᠠᠯ ᠨᠢ ᠪᠦᠷᠢᠨ᠂ ᠲᠡᠮᠳᠡᠭ ᠨᠢ ᠨᠢᠭᠡᠳᠦᠯᠲᠡᠢ᠂ ᠬᠠᠮᠢᠶᠠᠷᠤᠯᠲᠠ ᠨᠢ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠦᠨ᠎ᠡ᠃ | ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠤᠨ᠎ᠠ | ᠮᠤᠵᠢ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ | ᠠᠵᠢᠯ ᠤᠨ ᠱᠠᠭᠠᠷᠳᠠᠯᠭ᠎ᠠ ᠶᠣᠰᠣᠭᠠᠷ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠠᠵᠢᠯ ᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠳᠠᠲᠠᠢ ᠲᠠᠢ ᠪᠠᠨ | ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠲᠥᠷᠥᠯ ᠬᠤᠪᠢᠶᠠᠨ ᠵᠢᠯᠤᠭᠤᠳᠬᠤ᠂ | ᠪᠣᠳᠠᠲᠤ ᠪᠠᠶᠢᠳᠠᠯ ᠳᠤ ᠨᠡᠶᠢᠴᠡᠭᠦᠯᠬᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠵᠠᠷᠴᠢᠮ ᠶᠣᠰᠣᠭᠠᠷ᠂ ᠢᠵᠢ | ᠪᠦᠷᠢᠳᠦᠭᠰᠡᠨ ᠪᠢᠴᠢᠭ ᠮᠠᠲ᠋ᠧᠷᠢᠶᠠᠯ ᠲᠣᠭᠲᠠᠭᠠᠵᠤ ᠪᠣᠯᠣᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠠᠵᠢᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ | ᠪᠤᠢ ᠪᠤᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠺᠠᠳ᠋ᠷ ᠢ | ᠬᠥᠮᠥᠵᠢᠭᠦᠯᠦᠨ ᠪᠤᠯᠪᠠᠰᠤᠷᠠᠭᠤᠯᠬᠤ ᠪᠠ ᠰᠢᠯᠭᠠᠨ ᠪᠠᠶᠢᠴᠠᠭᠠᠵᠤ ᠢᠯᠭᠠᠨ ᠲᠠᠨᠢᠬᠤ ᠴᠢᠬᠤᠯᠠ ᠲᠠᠪᠴᠠᠩ ᠪᠤᠯᠭᠠᠵᠤ᠂ | ᠺᠠᠳ᠋ᠷ ᠢ ᠰᠢᠯᠭᠠᠨ ᠪᠠᠶᠢᠴᠠᠭᠠᠵᠤ ᠬᠢᠨᠠᠨ ᠰᠢᠯᠭᠠᠬᠤ ᠵᠡᠷᠭᠡ ᠠᠵᠢᠯ ᠤᠨ ᠳᠤᠮᠳᠠ ᠬᠤᠯᠪᠣᠭᠳᠠᠯ ᠪᠦᠬᠦᠢ ᠤᠳᠤᠷᠢᠳᠬᠤ | ᠺᠠᠳ᠋ᠷ ᠤᠨ ᠭᠠᠮᠰᠢᠭ ᠠᠳᠡᠯ ᠢ ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠠᠪᠤᠷᠠᠨ | ᠲᠤᠰᠠᠯᠠᠵᠤ ᠰᠢᠢᠳᠪᠦᠷᠢᠯᠡᠬᠦ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠠᠩᠬᠠᠷᠤᠨ | ᠣᠶᠢᠯᠠᠭᠠᠬᠤ ᠬᠡᠷᠡᠭᠲᠡᠢ᠃ ᠭᠠᠢ ᠭᠠᠮᠰᠢᠭ ᠠᠳᠠᠯ ᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠭᠠᠮᠰᠢᠭ | ᠠᠴᠠ ᠠᠪᠤᠷᠠᠬᠤ ᠵᠡᠷᠭᠡ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠳᠤ ᠲᠣᠪᠣᠶᠢᠮ᠎ᠠ ᠬᠤᠪᠢ ᠨᠡᠮᠡᠷᠢ | ᠦᠵᠡᠭᠦᠯᠦᠭᠰᠡᠨ ᠨᠢᠭᠡᠴᠢ ᠪᠣᠯᠣᠨ ᠬᠤᠪᠢ ᠬᠥᠮᠥᠨ ᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠵᠦ ᠱᠠᠩᠨᠠᠨ᠎ᠠ᠃ | ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠠᠳ ᠬᠤᠬᠢᠷᠠᠯ ᠤᠴᠠᠷᠠᠭᠤᠯᠤᠭᠰᠠᠨ ᠪᠤᠶᠤ ᠬᠦᠨᠳᠦ ᠶᠡᠭᠡ ᠨᠡᠶᠢᠭᠡᠮ ᠤᠨ | ᠨᠥᠯᠥᠭᠡ ᠭᠠᠷᠭᠠᠭᠰᠠᠨ ᠪᠠᠶᠢᠪᠠᠯ᠂ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠣᠯᠣᠨ | ᠬᠤᠪᠢ ᠬᠥᠮᠥᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ | ᠳᠡᠯᠭᠡᠷᠡᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠎ᠠ᠃ | | |