ᠦᠴᠦᠸᠠᠨ ᠰᠢᠶᠠᠨ ᠤ ᠡᠳ᠋ ᠤᠨ ᠵᠠᠰᠠᠭ ᠤᠨ 2024 ᠣᠨ ᠤ 9 ᠰᠠᠷ᠎ᠠ ᠶᠢᠨ ᠣᠷᠣᠯᠭ᠎ᠠ ᠵᠠᠷᠤᠯᠭ᠎ᠠ
ᠨᠡᠶᠢᠲᠡᠯᠡᠭᠰᠡᠨ ᠴᠠᠭ᠄
2024/10/11
   ᠨᠢᠭᠡ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ    1 - 9 ᠰᠠᠷ᠎ᠠ ᠳᠤ᠂ ᠪᠦᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠡᠶᠢᠲᠡ 28476 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 35000 ᠲᠦᠮᠡᠨ ᠲᠥᠭᠦᠷᠢᠭ ᠤᠨ 81.36% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3824 ᠲᠦᠮᠡᠨ ᠲᠥᠭᠦᠷᠢᠭ ᠨᠡᠮᠡᠭᠳᠡᠵᠦ᠂ 15.51% ᠪᠠᠷ ᠨᠡᠮᠡᠭᠳᠡᠵᠦ᠂ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ ᠠᠬᠢᠴᠠ ᠠᠴᠠ 2226 ᠲᠦᠮᠡᠨ ᠲᠥᠭᠦᠷᠢᠭ ᠳᠠᠪᠠᠪᠠ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 21861 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 76.77% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 6615 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 23.23% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 17.9% ᠨᠡᠮᠡᠭᠳᠡᠪᠡ᠃    ︵ᠨᠢᠭᠡ︶ ᠭᠤᠣᠯ ᠪᠣᠯᠬᠤ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠪᠠᠶᠢᠳᠠᠯ ᠨᠢ ᠳᠣᠣᠷᠠᠬᠢ ᠮᠡᠲᠦ᠄    1. ᠥᠷᠲᠡᠭ ᠨᠡᠮᠡᠭᠳᠡᠯ ᠤᠨ ᠭᠠᠶᠢᠯᠢ 5746 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 71 ᠲᠦᠮᠡᠨ ᠲᠥᠭᠦᠷᠢᠭ ᠨᠡᠮᠡᠭᠳᠡᠵᠦ᠂ 1.25% ᠪᠠᠷ ᠨᠡᠮᠡᠭᠳᠡᠪᠡ᠃    2. ᠠᠵᠤ ᠠᠬᠤᠶᠢᠯᠠᠯ ᠤᠨ ᠣᠷᠣᠯᠭ᠎ᠠ ᠶᠢᠨ ᠭᠠᠶᠢᠯᠢ 845ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 773 ᠲᠦᠮᠡᠨ ᠲᠥᠭᠦᠷᠢᠭ ᠪᠠᠭᠠᠰᠴᠤ᠂ 47.78% ᠪᠠᠷ ᠪᠠᠭᠤᠷᠠᠪᠠ᠃    3. ᠬᠤᠪᠢ ᠬᠥᠮᠥᠨ ᠤ ᠣᠷᠣᠯᠭ᠎ᠠ ᠶᠢᠨ ᠭᠠᠶᠢᠯᠢ 281 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 39 ᠲᠦᠮᠡᠨ ᠲᠥᠭᠦᠷᠢᠭ ᠨᠡᠮᠡᠭᠳᠡᠵᠦ᠂ 16.12% ᠪᠠᠷ ᠨᠡᠮᠡᠭᠳᠡᠪᠡ᠃    4. ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ 717 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19 ᠲᠦᠮᠡᠨ ᠲᠥᠭᠦᠷᠢᠭ ᠪᠠᠭᠠᠰᠴᠤ᠂ 2.58% ᠪᠠᠷ ᠪᠠᠭᠤᠷᠠᠪᠠ᠃    5. ᠭᠡᠷ ᠬᠥᠷᠥᠩᠭᠡ ᠶᠢᠨ ᠭᠠᠶᠢᠯᠢ 403 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 594 ᠲᠦᠮᠡᠨ ᠲᠥᠭᠦᠷᠢᠭ ᠪᠠᠭᠠᠰᠴᠤ᠂ 59.58% ᠪᠠᠷ ᠪᠠᠭᠤᠷᠠᠪᠠ᠃    6. ᠲᠡᠮᠳᠡᠭᠲᠦ ᠶᠢᠨ ᠭᠠᠶᠢᠯᠢ 354 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17 ᠲᠦᠮᠡᠨ ᠲᠥᠭᠦᠷᠢᠭ ᠨᠡᠮᠡᠭᠳᠡᠵᠦ᠂ 5.04% ᠪᠠᠷ ᠨᠡᠮᠡᠭᠳᠡᠪᠡ᠃    7. ᠲᠡᠷᠭᠡ ᠣᠩᠭᠤᠴᠠ ᠶᠢᠨ ᠭᠠᠶᠢᠯᠢ 980 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 362 ᠲᠦᠮᠡᠨ ᠲᠥᠭᠦᠷᠢᠭ ᠨᠡᠮᠡᠭᠳᠡᠵᠦ᠂ 58.58% ᠪᠠᠷ ᠨᠡᠮᠡᠭᠳᠡᠪᠡ᠃    8. ᠭᠡᠷ᠎ᠡ ᠶᠢᠨ ᠭᠠᠶᠢᠯᠢ 778 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 58 ᠲᠦᠮᠡᠨ ᠲᠥᠭᠦᠷᠢᠭ ᠪᠠᠭᠠᠰᠴᠤ᠂ 6.94% ᠪᠠᠷ ᠪᠠᠭᠤᠷᠠᠪᠠ᠃    9. ᠤᠯᠤᠰ ᠤᠨ ᠥᠮᠴᠢᠯᠡᠯ ᠤᠨ ᠡᠬᠢ ᠪᠠᠶᠠᠯᠢᠭ ︵ᠡᠳ᠋ ᠬᠥᠷᠥᠩᠭᠡ︶ ᠢ ᠲᠥᠯᠥᠪᠦᠷᠢ ᠲᠠᠢ ᠪᠠᠷ ᠬᠡᠷᠡᠭᠯᠡᠭᠰᠡᠨ ᠣᠷᠣᠯᠭ᠎ᠠ 1863 ᠲᠦᠮᠡᠨ ᠲᠥᠭᠦᠷᠢᠭ  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 578 ᠲᠦᠮᠡᠨ ᠲᠥᠭᠦᠷᠢᠭ ᠨᠡᠮᠡᠭᠳᠡᠵᠦ᠂ 44.98% ᠪᠠᠷ ᠨᠡᠮᠡᠭᠳᠡᠪᠡ᠃    ︵ᠬᠤᠶᠠᠷ︶ ᠰᠠᠯᠠᠭ᠎ᠠ ᠮᠥᠴᠢᠷ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ    1. ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ    1 - 9 ᠰᠠᠷ᠎ᠠ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠶᠢᠯᠢ ᠲᠠᠲᠠᠪᠤᠷᠢ ᠶᠢᠨ ᠣᠷᠣᠯᠭ᠎ᠠ ᠨᠡᠶᠢᠲᠡ 24028 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 31448 ᠲᠦᠮᠡᠨ ᠲᠥᠭᠦᠷᠢᠭ ᠤᠨ 76.41% ᠶᠢ ᠪᠡᠶᠡᠯᠡᠭᠦᠯᠪᠡ︔ ᠠᠳᠠᠯᠢ ᠬᠤᠭᠤᠴᠠᠭᠠᠨ ᠤ ᠬᠢ ᠠᠴᠠ 4106 ᠲᠦᠮᠡᠨ ᠲᠥᠭᠦᠷᠢᠭ ᠨᠡᠮᠡᠭᠳᠡᠵᠦ᠂ 20.61% ᠪᠠᠷ ᠨᠡᠮᠡᠭᠳᠡᠪᠡ︔ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ ᠠᠬᠢᠴᠠ ᠠᠴᠠ 442 ᠲᠦᠮᠡᠨ ᠲᠥᠭᠦᠷᠢᠭ ᠳᠠᠪᠠᠪᠠ᠃    2. ᠡᠳ᠋ ᠤᠨ ᠵᠠᠰᠠᠭ ᠤᠨ ᠰᠠᠯᠠᠭ᠎ᠠ ᠮᠥᠴᠢᠷ    1 - 9 ᠰᠠᠷ᠎ᠠ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠠᠶᠢᠯᠢ ᠶᠢᠨ ᠪᠤᠰᠤ ᠣᠷᠣᠯᠭ᠎ᠠ ᠨᠡᠶᠢᠲᠡ 4448 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 3552 ᠲᠦᠮᠡᠨ ᠲᠥᠭᠦᠷᠢᠭ ᠤᠨ 125.23% ᠶᠢ ᠪᠡᠶᠡᠯᠡᠭᠦᠯᠪᠡ︔ ᠠᠳᠠᠯᠢ ᠬᠤᠭᠤᠴᠠᠭᠠᠨ ᠤ ᠬᠢ ᠠᠴᠠ 282 ᠲᠦᠮᠡᠨ ᠲᠥᠭᠦᠷᠢᠭ ᠪᠠᠭᠠᠰᠴᠤ᠂ 5.96% ᠪᠠᠷ ᠪᠠᠭᠤᠷᠠᠪᠠ︔ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ ᠠᠬᠢᠴᠠ ᠠᠴᠠ 1784 ᠲᠦᠮᠡᠨ ᠲᠥᠭᠦᠷᠢᠭ ᠳᠠᠪᠠᠪᠠ᠃    ᠬᠤᠶᠠᠷ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠪᠠᠶᠢᠳᠠᠯ    1 - 9 ᠰᠠᠷ᠎ᠠ ᠳᠤ᠂ ᠪᠦᠬᠦ ᠰᠢᠶᠠᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 191994 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9691 ᠲᠦᠮᠡᠨ ᠲᠥᠭᠦᠷᠢᠭ ᠪᠠᠭᠠᠰᠴᠤ᠂ 4.81% ᠪᠠᠷ ᠪᠠᠭᠤᠷᠠᠪᠠ᠃ ᠭᠤᠣᠯ ᠪᠣᠯᠬᠤ ᠵᠠᠷᠤᠯᠭ᠎ᠠ ᠶᠢᠨ ᠲᠥᠷᠥᠯ ᠵᠦᠢᠯ ᠤᠨ ᠪᠠᠶᠢᠳᠠᠯ ᠨᠢ ᠳᠣᠣᠷᠠᠬᠢ ᠮᠡᠲᠦ᠄    1. ᠡᠩ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠵᠠᠷᠤᠯᠭ᠎ᠠ 16199 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 624 ᠲᠦᠮᠡᠨ ᠲᠥᠭᠦᠷᠢᠭ ᠪᠠᠭᠠᠰᠴᠤ᠂ 3.71% ᠪᠠᠷ ᠪᠠᠭᠤᠷᠠᠪᠠ᠃    2. ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 6412 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1109 ᠲᠦᠮᠡᠨ ᠲᠥᠭᠦᠷᠢᠭ ᠪᠠᠭᠠᠰᠴᠤ᠂ 14.75% ᠪᠠᠷ ᠪᠠᠭᠤᠷᠠᠪᠠ᠃    3. ᠰᠤᠷᠭᠠᠨ ᠬᠥᠮᠦᠵᠢᠯ ᠤᠨ ᠵᠠᠷᠤᠯᠭ᠎ᠠ 18365 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 2748 ᠲᠦᠮᠡᠨ ᠲᠥᠭᠦᠷᠢᠭ ᠪᠠᠭᠠᠰᠴᠤ᠂ 13.02% ᠪᠠᠷ ᠪᠠᠭᠤᠷᠠᠪᠠ᠃    4. ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 11614 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8082 ᠲᠦᠮᠡᠨ ᠲᠥᠭᠦᠷᠢᠭ ᠨᠡᠮᠡᠭᠳᠡᠵᠦ᠂ 228.82%  ᠪᠠᠷ ᠨᠡᠮᠡᠭᠳᠡᠪᠡ᠃    5. ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 38919 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 284 ᠲᠦᠮᠡᠨ ᠲᠥᠭᠦᠷᠢᠭ ᠪᠠᠭᠠᠰᠴᠤ᠂ 0.72% ᠪᠠᠷ ᠪᠠᠭᠤᠷᠠᠪᠠ᠃    6. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 11952 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 691 ᠲᠦᠮᠡᠨ ᠲᠥᠭᠦᠷᠢᠭ ᠨᠡᠮᠡᠭᠳᠡᠵᠦ᠂ 6.14% ᠪᠠᠷ ᠨᠡᠮᠡᠭᠳᠡᠪᠡ᠃    7. ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠲᠠ ᠶᠢᠨ ᠵᠠᠷᠤᠯᠭ᠎ᠠ 49836 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5713 ᠲᠦᠮᠡᠨ ᠲᠥᠭᠦᠷᠢᠭ ᠪᠠᠭᠠᠰᠴᠤ᠂ 10.28% ᠪᠠᠷ ᠪᠠᠭᠤᠷᠠᠪᠠ᠃    8. ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 2041 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 690 ᠲᠦᠮᠡᠨ ᠲᠥᠭᠦᠷᠢᠭ ᠨᠡᠮᠡᠭᠳᠡᠵᠦ᠂ 51.07% ᠨᠡᠮᠡᠭᠳᠡᠪᠡ᠃    9. ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 4844 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 119 ᠲᠦᠮᠡᠨ ᠲᠥᠭᠦᠷᠢᠭ ᠨᠡᠮᠡᠭᠳᠡᠵᠦ᠂ 2.52% ᠨᠡᠮᠡᠭᠳᠡᠪᠡ᠃    ᠭᠤᠷᠪᠠ᠂ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ    ︵ᠨᠢᠭᠡ︶ ᠣᠷᠣᠯᠭ᠎ᠠ ᠶᠢᠨ ᠬᠠᠷᠠᠯᠲᠠ ᠶᠢ ᠴᠢᠩᠭ᠎ᠠ ᠠᠩᠬᠠᠷᠴᠤ᠂ ᠣᠷᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠳ᠋ ᠤᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠳᠤ ᠡᠯ᠎ᠡ ᠭᠠᠶᠢᠯᠢ ᠶᠢᠨ ᠪᠤᠰᠤ ᠣᠷᠣᠯᠭ᠎ᠠ ᠶᠢᠨ ᠬᠤᠷᠢᠶᠠᠬᠤ ᠪᠠ ᠲᠣᠷᠭᠠᠬᠤ ᠨᠢᠭᠡᠴᠢ ᠶᠢ ᠰᠢᠮᠳᠠᠭᠤᠯᠵᠤ᠂ ᠣᠷᠣᠯᠭ᠎ᠠ ᠶᠢᠨ ᠢᠷᠡᠯᠲᠡ ᠶᠢ ᠴᠢᠩᠭ᠎ᠠ ᠠᠩᠬᠠᠷᠴᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠢ ᠳᠤᠨᠢ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠨ᠎ᠠ︔ ᠬᠤᠶᠠᠷ ᠲᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠵᠢᠯᠴᠠᠵᠤ᠂ ᠴᠠᠭ ᠲᠤᠬᠠᠢ ᠳᠤᠨᠢ ᠮᠥᠷᠳᠡᠨ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠰᠠᠯᠭᠠᠨ ᠥᠭᠬᠦ ᠪᠠ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠭᠠᠶᠢᠯᠢ ᠲᠠᠲᠠᠪᠤᠷᠢ ᠶᠢᠨ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠶᠢ ᠦᠨᠡᠨᠬᠦ ᠪᠠᠲᠤᠯᠠᠨ᠎ᠠ︔ ᠭᠤᠷᠪᠠ ᠳᠤ ᠨᠢᠭᠡᠨᠲᠡ ᠬᠡᠷᠡᠭᠵᠢᠭᠦᠯᠦᠭᠰᠡᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠰᠢᠯᠭᠠᠨ ᠠᠪᠬᠤ ᠠᠬᠢᠴᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠵᠠᠷ ᠰᠢᠷᠣᠢ ᠶᠢ ᠬᠤᠳᠠᠯᠳᠤᠬᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ ᠦᠷᠭᠦᠯᠵᠢᠯᠡᠨ ᠴᠢᠷᠮᠠᠶᠢᠨ ᠣᠯᠣᠨ᠎ᠠ︔ ᠳᠥᠷᠪᠡ ᠳᠤ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠪᠠᠷ ᠴᠢᠷᠮᠠᠶᠢᠨ ᠣᠯᠣᠨ᠎ᠠ᠃ ᠤᠯᠤᠰ ᠤᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠡᠳ᠋ ᠤᠨ ᠬᠦᠴᠦᠨ ᠤ ᠨᠥᠬᠦᠪᠦᠷᠢ ᠪᠡᠯᠡ ᠮᠥᠩᠭᠦ ᠶᠢ ᠲᠡᠮᠡᠴᠡᠨ ᠣᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠰᠢᠶᠠᠨ ᠤ ᠡᠳ᠋ ᠤᠨ ᠵᠠᠰᠠᠭ ᠤᠨ ᠬᠦᠴᠢᠷᠳᠡᠯ ᠲᠠᠢ ᠪᠠᠶᠢᠳᠠᠯ ᠢ ᠨᠠᠮᠳᠠᠭᠤᠯᠬᠤ ᠳᠤ ᠪᠠᠲᠤᠯᠠᠭ᠎ᠠ ᠬᠠᠩᠭᠠᠨ᠎ᠠ᠃    ︵ᠬᠤᠶᠠᠷ︶ ᠵᠠᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠰᠠᠬᠢᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠎ᠠ᠃ ᠨᠢᠭᠡ ᠳᠤ ︽ᠭᠤᠷᠪᠠ ᠶᠢ ᠪᠠᠲᠤᠯᠠᠬᠤ︾ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠴᠠᠯᠢᠩ ᠢ ᠤᠷᠢᠳ ᠢᠶᠠᠷ ᠪᠠᠲᠤᠯᠠᠬᠤ᠂ ᠥᠨᠳᠥᠷ ᠨᠠᠰᠤᠨ ᠤ ᠨᠥᠬᠦᠪᠦᠷᠢ᠂ ᠵᠡᠮᠳᠡᠭᠴᠦᠳ ᠤᠨ ᠨᠥᠬᠦᠪᠦᠷᠢ᠂ ᠠᠮᠢᠳᠤᠷᠠᠯ ᠤᠨ ᠨᠥᠬᠦᠪᠦᠷᠢ᠂ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠤᠷᠢᠳᠠᠪᠠᠷ ᠪᠠᠲᠤᠯᠠᠨ᠎ᠠ︔ ᠬᠤᠶᠠᠷ ᠲᠤ ᠰᠢᠭᠤᠳ ᠬᠦᠷᠬᠦ ᠪᠡᠯᠡ ᠮᠥᠩᠭᠦ ᠶᠢᠨ ᠠᠬᠢᠴᠠ ᠶᠢ ᠲᠦᠷᠭᠡᠳᠬᠡᠵᠦ᠂ ᠰᠢᠭᠤᠳ ᠬᠦᠷᠬᠦ ᠪᠡᠯᠡ ᠮᠥᠩᠭᠦ ᠶᠢ ᠬᠤᠪᠢᠶᠠᠷᠢᠯᠠᠬᠤ᠂ ᠥᠭᠬᠦ᠂ ᠵᠣᠯᠭᠠᠭᠤᠯᠬᠤ ᠪᠠ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ︔ ᠭᠤᠷᠪᠠ ᠳᠤ ᠵᠠᠪᠠᠯ ᠪᠤᠰᠤ᠂ ᠭᠤᠣᠯᠳᠠᠯᠭ᠎ᠠ ᠲᠠᠢ ᠪᠤᠰᠤ ᠵᠦᠢᠯᠡᠰ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠨ᠎ᠠ᠃                                 ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ                                   2024 ᠣᠨ ᠤ 10 ᠰᠠᠷ᠎ᠠ ᠶᠢᠨ 8 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号