ᠣᠶᠢᠷ᠎ᠠ ᠶᠢᠨ ᠬᠤᠭᠤᠴᠠᠭᠠᠨ ᠳᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ | ᠨᠡᠶᠢᠲᠡᠯᠡᠪᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5 | ᠵᠠᠭᠤᠨ ᠤ ᠴᠡᠭ ᠢᠶᠠᠷ ᠪᠠᠭᠤᠷᠠᠭᠤᠯᠪᠠ | ᠳᠤᠮᠳᠠᠳᠤ ᠤᠯᠤᠰ ᠤᠨ ᠠᠷᠠᠳ ᠤᠨ ᠪᠠᠩᠬᠢ 27 ᠤ ᠡᠳᠦᠷ ᠲᠤ ᠨᠡᠶᠢᠲᠡᠯᠡᠭᠰᠡᠨ ᠢᠶᠠᠷ᠂ 2024 ᠣᠨ ᠤ 9 | ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ | ᠪᠡᠯᠡᠳᠬᠡᠯ ᠮᠥᠩᠭᠦᠨ ᠤ ᠨᠤᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠬᠤ ᠪᠠᠷ ᠲᠣᠭᠲᠠᠪᠠ | ᠤᠷᠲᠤ ᠬᠤᠭᠤᠴᠠᠭᠠᠨ ᠤ ᠬᠥᠳᠡᠯᠦᠩᠭᠦᠢ ᠴᠢᠨᠠᠷ ᠢ ᠪᠠᠷᠤᠭ 1 ᠲᠦᠮᠡᠨ ᠳ᠋ᠦᠩᠰᠢᠭᠤᠷ ᠲᠥᠭᠦᠷᠢᠭ | ᠰᠤᠯᠠᠯᠠᠬᠤ ᠪᠠᠷ ᠵᠢᠱᠢᠵᠦ ᠪᠣᠢ | ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ | ᠠᠵᠢᠯᠯᠠᠭ᠎ᠠ ᠶᠢᠨ ᠬᠦᠦ ᠶᠢᠨ ᠨᠤᠷᠮ᠎ᠠ 20 ᠰᠠᠭᠤᠷᠢ ᠴᠡᠭ ᠪᠠᠭᠤᠷᠠᠪᠠ | 9 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠢᠯᠡ ᠵᠠᠬ᠎ᠠ ᠳᠡᠯᠭᠡᠭᠦᠷ ᠤᠨ 7 ᠡᠳᠦᠷ ᠤᠨ | ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠣᠷᠮ᠎ᠠ ᠶᠢ | ᠤᠤᠯ ᠤᠨ 1.70% ᠪᠠᠶᠢᠭᠰᠠᠨ ᠠᠴᠠ 1.50% ᠪᠣᠯᠭᠠᠨ ᠲᠣᠬᠢᠷᠠᠭᠤᠯᠵᠤ᠂ 20 ᠰᠠᠭᠤᠷᠢ ᠴᠡᠭ ᠪᠠᠭᠤᠷᠠᠭᠤᠯᠪᠠ | ᠲᠤᠰ ᠤᠳᠠᠭᠠᠨ ᠤ ᠲᠦᠷᠦ ᠶᠢᠨ ᠪᠣᠳᠣᠯᠭ᠎ᠠ ᠶᠢᠨ ᠬᠦᠦ ᠶᠢᠨ ᠨᠤᠷᠮ᠎ᠠ ᠶᠢᠨ ᠳᠣᠷᠣᠭᠰᠢᠯᠠᠭᠤᠯᠤᠭᠰᠠᠨ ᠬᠡᠮᠵᠢᠶ᠎ᠡ | ᠨᠢ ᠣᠶᠢᠷ᠎ᠠ ᠶᠢᠨ ᠳᠦᠷᠪᠡᠨ ᠵᠢᠯ ᠳᠠᠬᠢ ᠬᠠᠮᠤᠭ ᠤᠨ ᠶᠡᠭᠡ ᠨᠢᠭᠡ ᠤᠳᠠᠭᠠᠨ ᠤ ᠲᠣᠬᠢᠷᠠᠭᠤᠯᠤᠯᠲᠠ ᠪᠣᠯᠪᠠ | ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ | ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ ᠬᠦᠷᠲᠡᠯ᠎ᠡ ᠪᠠᠭᠤᠷᠠᠭᠤᠯᠤᠨ᠎ᠠ | ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ | ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠦᠯᠡᠳᠡᠭᠡᠯ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ | ᠬᠦᠷᠲᠡᠯ᠎ᠡ ᠪᠠᠭᠤᠷᠠᠭᠤᠯᠵᠤ᠂ ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ | ᠡᠨᠡ ᠬᠦ ᠳᠦᠷᠤ ᠶᠢᠨ ᠪᠣᠳᠣᠯᠭ᠎ᠠ ᠨᠢ 5000 ᠲᠦᠮᠡᠨ ᠡᠷᠣᠭᠡ ᠭᠡᠷ ᠪᠦᠯᠢ᠂ 1.5 ᠳ᠋ᠦᠩᠰᠢᠭᠤᠷ ᠬᠥᠮᠥᠨ | ᠠᠮᠠ ᠳᠤ ᠠᠰᠢᠭ ᠬᠦᠷᠲᠡᠭᠡᠵᠦ᠂ ᠭᠡᠷ ᠪᠦᠯᠢ ᠶᠢᠨ ᠬᠦᠦ ᠮᠥᠩᠭᠦᠨ ᠤ ᠵᠠᠷᠤᠯᠭ᠎ᠠ ᠶᠢᠨ ᠶᠡᠷᠦᠩᠬᠡᠢ ᠲᠤᠭ᠎ᠠ ᠶᠢ | ᠳᠤᠮᠳᠠᠴᠢ ᠪᠠᠷ ᠵᠢᠯ ᠪᠦᠷᠢ 1500 ᠳ᠋ᠦᠩᠰᠢᠭᠤᠷ ᠲᠥᠭᠦᠷᠢᠭ ᠣᠷᠴᠢᠮ ᠪᠠᠭᠠᠰᠬᠠᠬᠤ ᠪᠠᠷ ᠵᠢᠱᠢᠵᠦ ᠪᠣᠢ | ᠠᠩᠬᠠᠳᠠᠭᠴᠢ ᠢᠵᠢ ᠣᠷᠣᠨ ᠰᠠᠭᠤᠴᠠ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ | ᠦᠭᠡᠢ | ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ15% ᠠᠴᠠ ᠳᠣᠣᠷ᠎ᠠ | ᠪᠠᠶᠢᠯᠭᠠᠬᠤ ᠦᠭᠡᠢ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ | ᠬᠠᠮᠤᠭ ᠤᠨ ᠳᠣᠣᠷ᠎ᠠ ᠪᠠᠶᠢᠯᠭᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠤᠬᠠᠢ ᠳᠤᠮᠳᠠᠳᠤ ᠤᠯᠤᠰ ᠤᠨ | ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ | ᠮᠡᠳᠡᠭᠳᠡᠯ ᠳᠤ᠂ ᠵᠢᠭᠡᠯᠡᠯᠭᠡ ᠪᠠᠷ ᠣᠷᠣᠨ ᠰᠠᠭᠤᠴᠠ ᠬᠤᠳᠠᠯᠳᠤᠨ ᠠᠪᠤᠭᠰᠠᠨ ᠰᠠᠭᠤᠭᠠᠯᠢ ᠠᠷᠠᠳ ᠤᠨ ᠭᠡᠷ ᠪᠦᠯᠢ ᠳᠤ᠂ | ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠠᠩᠬᠠᠳᠠᠭᠴᠢ ᠢᠵᠢ ᠪᠠ | ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ ᠦᠭᠡᠢ ᠪᠠᠷ ᠠᠩᠬ᠎ᠠ ᠲᠤᠰᠢᠶᠠᠬᠤ ᠵᠣᠭᠤᠰ ᠤᠨ | ᠬᠠᠷᠢᠴᠠᠯ ᠢ ᠬᠠᠮᠤᠭ ᠤᠨ ᠳᠣᠣᠷ᠎ᠠ ᠳᠤ ᠪᠠᠨ 15% ᠠᠴᠠ ᠳᠣᠣᠷ᠎ᠠ ᠪᠠᠶᠢᠯᠭᠠᠬᠤ ᠦᠭᠡᠢ ᠭᠡᠵᠡᠢ | ᠭᠡᠷ ᠪᠠᠶᠢᠰᠢᠩ ᠭᠠᠵᠠᠷ ᠬᠥᠷᠥᠩᠭᠡ ᠳᠤ ᠬᠤᠯᠪᠣᠭᠳᠠᠬᠤ ᠬᠤᠶᠠᠷ ᠵᠦᠢᠯ ᠤᠨ ᠮᠥᠩᠭᠦᠨ ᠭᠦᠢᠯᠭᠡᠭᠡᠨ ᠤ | ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠪᠠ | ᠡᠨᠡ ᠵᠢᠯ ᠤᠨ ᠰᠡᠭᠦᠯᠴᠢ ᠠᠴᠠ ᠡᠮᠦᠨ᠎ᠡ ᠬᠤᠭᠤᠴᠠᠭ᠎ᠠ ᠨᠢ ᠳᠠᠭᠤᠰᠬᠤ ᠡᠵᠡᠩᠨᠡᠯᠲᠡ ᠶᠢᠨ ᠴᠢᠨᠠᠷᠲᠠᠢ ᠠᠳᠠᠯ | ᠠᠬᠤᠢ ᠶᠢᠨ ᠵᠢᠭᠡᠯᠡᠯᠭᠡ ᠪᠠ ︽ᠮᠥᠩᠭᠦᠨ ᠭᠦᠢᠯᠭᠡᠭᠡᠨ ᠤ 16 ᠵᠤᠷᠪᠤᠰ︾ ᠡᠨᠡ ᠬᠤᠶᠠᠷ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠢ 2026 ᠣᠨ ᠤ ᠡᠴᠦᠰ ᠪᠣᠯᠲᠠᠯ᠎ᠠ ᠤᠷᠲᠤᠳᠬᠠᠨ᠎ᠠ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠲᠦᠷᠦ ᠶᠢᠨ ᠪᠣᠳᠣᠯᠭ᠎ᠠ ᠶᠢ | ᠰᠢᠯᠢᠳᠡᠭᠵᠢᠭᠦᠯᠦᠨ᠎ᠡ | 5 ᠳ᠋ᠤᠭᠠᠷ ᠰᠠᠷ᠎ᠠ ᠳᠤ ᠠᠷᠠᠳ ᠤᠨ ᠪᠠᠩᠬᠢ ᠶᠢᠨ ᠪᠠᠶᠢᠭᠤᠯᠤᠭᠰᠠᠨ 3000 ᠳ᠋ᠦᠩᠰᠢᠭᠤᠷ ᠲᠥᠭᠦᠷᠢᠭ ᠤᠨ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠳᠤ ᠲᠥᠪ ᠤᠨ ᠪᠠᠩᠬᠢ ᠶᠢᠨ | ᠪᠡᠯᠡ ᠮᠥᠩᠭᠦᠨ ᠤ ᠳᠡᠮᠵᠢᠯᠭᠡ ᠶᠢᠨ ᠬᠠᠷᠢᠴᠠᠯ ᠢ ᠤᠤᠯ ᠤᠨ 60% ᠪᠠᠶᠢᠭᠰᠠᠨ ᠠᠴᠠ 100% ᠳᠤ ᠬᠦᠷᠲᠡᠯ᠎ᠡ | ᠳᠡᠭᠡᠭᠰᠢᠯᠡᠭᠦᠯᠦᠨ᠎ᠡ | ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠦᠯᠡᠳᠡᠭᠡᠯ ᠭᠠᠵᠠᠷ ᠰᠢᠷᠣᠢ ᠶᠢ ᠬᠤᠳᠠᠯᠳᠤᠨ | ᠠᠪᠬᠤ ᠶᠢ ᠳᠡᠮᠵᠢᠨ᠎ᠡ | ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠪᠠ ᠬᠤᠳᠠᠯᠳᠤᠭᠠᠨ ᠤ ᠪᠠᠩᠬᠢ ᠨᠢ ᠨᠥᠬᠦᠴᠡᠯ ᠲᠠᠢ ᠠᠵᠤ | ᠠᠬᠤᠶᠢᠯᠠᠯ ᠤᠳ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠠᠵᠠᠷ ᠰᠢᠷᠣᠢ ᠶᠢ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠳᠤ ᠵᠢᠭᠡᠯᠡᠯᠭᠡ ᠪᠠᠷ ᠳᠡᠮᠵᠢᠬᠦ ᠶᠢ ᠰᠤᠳᠤᠯᠤᠨ ᠵᠥᠪᠰᠢᠶᠡᠷᠡᠵᠦ᠂ ᠦᠯᠡᠳᠡᠭᠡᠯ | ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠵᠦ᠂ ᠭᠡᠷ ᠪᠠᠶᠢᠰᠢᠩ ᠤᠨ ᠠᠵᠤ ᠠᠬᠤᠶᠢᠯᠠᠯ ᠤᠨ ᠪᠡᠯᠡ ᠮᠥᠩᠭᠦᠨ ᠤ | ᠳᠠᠷᠤᠭᠠᠰᠤ ᠶᠢ ᠨᠢ ᠬᠥᠩᠭᠡᠷᠡᠭᠦᠯᠦᠨ᠎ᠡ | ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠬᠤᠭᠤᠷᠣᠨᠳᠤ ᠪᠠᠨ ᠳᠥᠭᠦᠮᠯᠡᠵᠦ | ᠰᠣᠯᠢᠯᠴᠠᠬᠤ ᠶᠢ ᠨᠢ ᠴᠣᠭᠴᠠᠯᠠᠨ ᠪᠠᠶᠢᠭᠤᠯᠤᠨ᠎ᠠ | ᠨᠥᠬᠦᠴᠡᠯ ᠳᠤ ᠨᠡᠶᠢᠴᠡᠬᠦ ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠶᠢᠨ ᠡᠳ᠋ | ᠬᠥᠷᠥᠩᠭᠡ ᠳᠠᠨᠵᠢᠯᠠᠬᠤ ᠪᠠᠷ ᠳᠠᠮᠵᠢᠨ᠂ ᠲᠥᠪ ᠤᠨ ᠪᠠᠩᠬᠢ ᠠᠴᠠ ᠬᠥᠳᠡᠯᠦᠩᠭᠦᠢ ᠴᠢᠨᠠᠷ ᠣᠯᠵᠤ ᠠᠪᠬᠤ ᠶᠢ ᠨᠢ | ᠳᠡᠮᠵᠢᠨ᠎ᠡ | ᠠᠩᠬᠠᠨ ᠤ ᠬᠤᠭᠤᠴᠠᠭᠠᠨ ᠤ ᠠᠵᠢᠯᠯᠠᠭᠠᠨ ᠤ ᠬᠡᠪᠴᠢᠶ᠎ᠡ ᠨᠢ 5000 ᠳ᠋ᠦᠩᠰᠢᠭᠤᠷ ᠲᠥᠭᠦᠷᠢᠭ ᠪᠣᠯᠣᠨ᠎ᠠ | ᠰᠲ᠋ᠣᠺ ᠢ ᠡᠭᠡᠭᠦᠯᠦᠨ ᠬᠤᠳᠠᠯᠳᠤᠨ ᠠᠪᠬᠤ ᠶᠢ ᠴᠣᠭᠴᠠᠯᠠᠨ ᠪᠠᠶᠢᠭᠤᠯᠤᠨ᠂ ᠲᠤᠰᠬᠠᠢ ᠵᠦᠢᠯ ᠢᠶᠠᠷ ᠳᠠᠬᠢᠨᠲᠠ | ᠵᠢᠭᠡᠯᠡᠯᠭᠡ ᠲᠠᠯᠪᠢᠬᠤ ᠶᠢ ᠨᠢ ᠨᠡᠮᠡᠭᠳᠡᠭᠦᠯᠪᠡ | ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠰᠲ᠋ᠣᠺ ᠤᠨ ᠵᠠᠬ᠎ᠠ ᠳᠤ ᠭᠠᠷᠤᠭᠰᠠᠨ | ᠺᠣᠮᠫᠠᠨᠢ ᠪᠣᠯᠣᠨ ᠭᠤᠣᠯ ᠬᠤᠪᠢ ᠣᠷᠣᠭᠤᠯᠤᠭᠴᠢ ᠳᠤ ᠵᠢᠭᠡᠯᠡᠯᠭᠡ ᠬᠠᠩᠭᠠᠵᠤ᠂ ᠰᠲ᠋ᠣᠺ ᠤᠨ ᠵᠠᠬ᠎ᠠ ᠳᠤ ᠭᠠᠷᠤᠭᠰᠠᠨ | ᠺᠣᠮᠫᠠᠨᠢ ᠶᠢᠨ ᠰᠲ᠋ᠣᠺ ᠢ ᠡᠭᠡᠭᠦᠯᠦᠨ ᠬᠤᠳᠠᠯᠳᠤᠨ ᠠᠪᠬᠤ ᠪᠠ ᠨᠡᠮᠡᠵᠦ ᠠᠪᠬᠤ ᠳᠤ ᠬᠡᠷᠡᠭᠯᠡᠨ᠎ᠡ | ᠠᠩᠬᠠᠨ ᠤ ᠬᠤᠭᠤᠴᠠᠭᠠᠨ ᠤ ᠵᠣᠭᠤᠰ ᠤᠨ ᠲᠤᠭ᠎ᠠ ᠨᠢ 3000 ᠳ᠋ᠦᠩᠰᠢᠭᠤᠷ ᠲᠥᠭᠦᠷᠢᠭ | ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠤᠭᠤᠯᠬᠤ ᠶᠢ ᠶᠡᠭᠡ ᠪᠠᠷ | ᠬᠥᠲᠥᠯᠥᠨ ᠵᠢᠯᠣᠭᠤᠳᠤᠨ᠎ᠠ | 9 ᠳ᠋ᠦ᠋ᠭᠡᠷ ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠢᠶᠠᠷ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ | ᠬᠥᠭᠵᠢᠭᠡᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠶᠡᠭᠡ ᠪᠠᠷ | ᠬᠥᠲᠥᠯᠥᠨ ᠵᠢᠯᠤᠭᠤᠳᠴᠤ᠂ ᠨᠡᠶᠢᠭᠡᠮ ᠤᠨ ᠪᠠᠲᠤᠯᠠᠭ᠎ᠠ᠂ ᠳᠠᠭᠠᠳᠬᠠᠯ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠡᠯᠡ | ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠢ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠡᠪᠯᠡᠯ ᠯᠦᠭᠡ ᠬᠤᠯᠪᠤᠭᠠᠯᠠᠨ ︽ᠳᠤᠮᠳᠠ ᠤᠷᠲᠤ ᠬᠤᠭᠤᠴᠠᠭᠠᠨ ᠤ | ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠪᠠ | ᠤᠷᠲᠤ ᠬᠤᠭᠤᠴᠠᠭᠠᠨ ᠤ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠬᠥᠷᠥᠩᠭᠡ ᠶᠢᠨ ᠵᠠᠬ᠎ᠠ ᠳᠡᠯᠭᠡᠭᠦᠷ ᠤᠨ | ᠠᠮᠢ ᠠᠬᠤᠢ ᠶᠢ ᠪᠦᠲᠦᠭᠡᠨ ᠪᠠᠶᠢᠭᠤᠯᠵᠤ ᠪᠣᠶᠢᠵᠢᠭᠤᠯᠤᠨ᠎ᠠ | ᠡᠷᠬᠡ ᠠᠰᠢᠭ ᠤᠨ ᠲᠥᠷᠥᠯ ᠤᠨ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢ ᠶᠡᠭᠡ ᠪᠠᠷ ᠬᠥᠭᠵᠢᠭᠦᠯᠵᠦ᠂ | ᠬᠤᠪᠢ ᠪᠠᠷ ᠢᠶᠠᠨ ᠴᠤᠭᠯᠠᠭᠤᠯᠬᠤ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ | ᠲᠣᠭᠲᠠᠭᠤᠨ ᠢᠶᠠᠷ ᠬᠥᠭᠵᠢᠬᠦ ᠶᠢ ᠳᠡᠮᠵᠢᠨ᠎ᠡ | ᠡᠯ᠎ᠡ ᠲᠥᠷᠥᠯ ᠤᠨ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦᠨ ᠤ ᠵᠠᠬ᠎ᠠ ᠳᠡᠯᠭᠡᠭᠦᠷ ᠲᠤ ᠣᠷᠣᠬᠤ ᠢᠵᠢ | ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠦᠨ᠎ᠡ | ᠵᠢᠵᠢᠭ ᠪᠢᠴᠢᠯ ᠠᠵᠤ ᠠᠬᠤᠶᠢᠯᠠᠯ ᠤᠨ ᠭᠠᠷᠳᠠᠮ ᠤᠨ ᠰᠦᠢᠳᠬᠡᠯ ᠢ ᠪᠠᠭᠤᠷᠠᠭᠤᠯᠬᠤ ᠶᠢ ᠵᠣᠷᠢᠭᠵᠢᠭᠤᠯᠤᠨ᠎ᠠ | 9 ᠳ᠋ᠦ᠋ᠭᠡᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠲᠣᠭᠠᠴᠠᠭ᠎ᠠ ᠬᠢᠬᠦ ᠢᠯᠭᠠᠷᠠᠭᠤᠯᠤᠨ ᠪᠤᠳᠤᠬᠤ | ᠨᠡᠶᠢᠭᠡᠮᠯᠢᠭ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ︽ᠵᠢᠵᠢᠭ ᠪᠢᠴᠢᠯ ᠠᠵᠤ ᠠᠬᠤᠶᠢᠯᠠᠯ ᠤᠨ | ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠰᠦᠢᠳᠬᠡᠯ ᠢ ᠪᠠᠭᠤᠷᠠᠭᠤᠯᠬᠤ ᠶᠢ ᠵᠣᠷᠢᠭᠵᠢᠭᠤᠯᠬᠤ ᠲᠤᠬᠠᠢ | ᠰᠠᠨᠠᠭᠠᠴᠢᠯᠠᠭ᠎ᠠ︾ ᠶᠢ ᠨᠡᠶᠢᠲᠡᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ | ᠵᠠᠷᠤᠳᠠᠯ ᠢ ᠪᠠᠭᠤᠷᠠᠭᠤᠯᠬᠤ ᠶᠢ ᠵᠣᠷᠢᠭᠵᠢᠭᠤᠯᠪᠠ | 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ ᠠᠮᠤ | ᠪᠤᠳᠠᠭ᠎ᠠ ᠬᠤᠳᠠᠯᠳᠤᠨ ᠠᠪᠬᠤ ᠳᠤ ᠬᠡᠷᠡᠭᠯᠡᠭᠦᠯᠦᠨ᠎ᠡ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠪᠦᠬᠦ ᠬᠦᠴᠦ ᠪᠠᠷ ᠪᠠᠲᠤᠯᠠᠬᠤ ᠶᠢᠨ | ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠤᠷᠢᠳ ᠢᠶᠠᠷ 2000 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ ᠠᠮᠤ ᠪᠤᠳᠠᠭ᠎ᠠ | ᠬᠤᠳᠠᠯᠳᠤᠨ ᠠᠪᠬᠤ ᠳᠤ ᠬᠡᠷᠡᠭᠯᠡᠭᠦᠯᠬᠦ ᠪᠠᠷ ᠲᠣᠬᠢᠷᠠᠭᠤᠯᠵᠤ᠂ ᠳᠠᠷᠠᠭ᠎ᠠ ᠪᠠᠷ ᠬᠤᠳᠠᠯᠳᠤᠨ ᠠᠪᠬᠤ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠨ ᠴᠠᠭ ᠲᠤᠬᠠᠢ ᠳᠤ ᠨᠢ ᠪᠡᠯᠡ ᠮᠥᠩᠭᠦ ᠲᠣᠬᠢᠷᠠᠭᠤᠯᠵᠤ᠂ ᠲᠠᠷᠢᠶᠠᠴᠢᠳ ᠤᠨ ︽ᠠᠮᠤ | ᠪᠤᠳᠠᠭ᠎ᠠ ᠶᠢ ᠨᠢ ᠬᠤᠳᠠᠯᠳᠤᠵᠤ ᠭᠠᠷᠭᠠᠬᠤ᠂ ᠵᠣᠭᠤᠰ ᠢ ᠨᠢ ᠭᠠᠷ ᠲᠤ ᠨᠢ ᠠᠳᠬᠤᠭᠤᠯᠬᠤ︾ ᠶᠢ ᠨᠢ ᠪᠠᠲᠤᠯᠠᠨ᠎ᠠ | ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠤᠷᠲᠤ ᠬᠤᠭᠤᠴᠠᠭᠠᠨ ᠤ | ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ | 9 ᠳ᠋ᠦ᠋ᠭᠡᠷ ᠰᠠᠷ᠎ᠠ ᠶᠢᠨ 30 ᠤ ᠡᠳᠦᠷ᠂ ᠡᠳ᠋ ᠤᠨ ᠵᠠᠰᠠᠭ ᠤᠨ ᠶᠠᠮᠤᠨ 2024 ᠣᠨ ᠤ ᠳᠥᠷᠪᠡᠳᠦᠭᠡᠷ | ᠤᠯᠠᠷᠢᠯ ᠤᠨ ᠤᠯᠤᠰ ᠤᠨ ᠵᠢᠭᠡᠯᠡᠯᠭᠡ ᠶᠢ ᠲᠠᠷᠬᠠᠭᠠᠬᠤ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠨᠡᠶᠢᠲᠡᠯᠡᠵᠦ᠂ | ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠣᠷᠳᠣ ᠬᠤᠭᠤᠴᠠᠭᠠᠨ ᠤ | ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ | ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ | ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠲᠣᠭᠲᠠᠭᠰᠠᠨ ᠲᠤᠭ᠎ᠠ ᠭᠡᠵᠦ ᠦᠭᠡᠢ | ᠪᠣᠭᠤᠮᠲᠠ ᠶᠢᠨ ᠶᠡᠷᠦᠩᠬᠡᠢ ᠵᠠᠬᠢᠷᠭ᠎ᠠ ᠣᠷᠴᠢᠮᠬᠠᠨ ︽ᠪᠦᠭᠦᠲᠡ ᠨᠠᠶᠢᠷᠠᠮᠳᠠᠬᠤ ᠲᠤᠮᠲᠠᠲᠤ ᠠᠷᠠᠳ ᠤᠯᠤᠰ ᠤᠨ | ᠪᠣᠭᠤᠮᠲᠠ ᠬᠤᠲᠠ ᠶᠢᠨ ᠳᠣᠲᠣᠷᠠᠬᠢ ᠭᠠᠶᠢᠯᠢ ᠠᠴᠠ ᠬᠡᠯᠲᠦᠷᠢᠭᠦᠯᠬᠦ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠶᠢ ᠨᠡᠶᠢᠲᠡᠯᠡᠪᠡ᠃ ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ | ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠨᠢ ᠪᠠᠷᠠᠭ᠎ᠠ ᠬᠤᠳᠠᠯᠳᠤᠨ ᠠᠪᠬᠤ | ᠲᠣᠭᠲᠠᠭᠰᠠᠨ ᠲᠤᠭ᠎ᠠ ᠲᠣᠭᠲᠠᠭᠠᠬᠤ ᠦᠭᠡᠢ᠂ ᠭᠡᠪᠡᠴᠦ ᠠᠶᠠᠨᠴᠢᠳ ᠤᠨ ᠠᠪᠴᠤ ᠶᠠᠪᠤᠭ᠎ᠠ ᠡᠳ᠋ ᠪᠠᠷᠠᠭ᠎ᠠ ᠨᠢ ᠬᠢᠯᠢ ᠪᠠᠷ | ᠣᠷᠣᠭᠤᠯᠵᠤ ᠭᠠᠷᠭᠠᠬᠤ ᠳᠤ ᠥᠪᠡᠷᠲᠡᠭᠡᠨ ᠬᠡᠷᠡᠭᠯᠡᠬᠦ᠂ ᠵᠦᠢ ᠵᠣᠬᠢᠰᠲᠠᠢ ᠲᠤᠭ᠎ᠠ ᠪᠠᠷ ᠬᠢᠵᠠᠭᠠᠷᠯᠠᠬᠤ ᠪᠣᠭᠤᠳᠠᠯ | ᠪᠠᠭᠯᠠᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ | ᠪᠡᠭᠡᠵᠢᠩ | ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠲᠣᠬᠢᠷᠠᠭᠤᠯᠪᠠ | ᠬᠤᠶᠠᠳᠤᠭᠠᠷ ᠢᠵᠢ ᠭᠡᠷ ᠪᠠᠶᠢᠰᠢᠩ ᠤᠨ ᠬᠤᠳᠠᠯᠳᠤᠭᠠᠨ ᠤ ᠵᠢᠭᠡᠯᠡᠯᠭᠡ ᠶᠢᠨ ᠠᠩᠬ᠎ᠠ ᠲᠤᠰᠢᠶᠠᠬᠤ ᠮᠥᠩᠭᠦ ᠶᠢ | ᠬᠠᠮᠤᠭ ᠤᠨ ᠳᠣᠣᠷ᠎ᠠ ᠳᠤ ᠪᠠᠨ 20% ᠠᠴᠠ ᠳᠣᠣᠷ᠎ᠠ ᠪᠠᠶᠢᠯᠭᠠᠬᠤ ᠦᠭᠡᠢ | ᠪᠡᠭᠡᠵᠢᠩ ᠠᠴᠠ ᠪᠤᠰᠤᠳ ᠡᠷᠦᠬᠡ ᠠᠮᠠ ᠲᠠᠢ ᠬᠥᠮᠥᠨ ᠭᠡᠷ ᠪᠠᠶᠢᠰᠢᠩ ᠬᠤᠳᠠᠯᠳᠤᠨ ᠠᠪᠬᠤ ᠳᠤ ᠨᠡᠶᠢᠭᠡᠮ ᠤᠨ | ᠪᠠᠲᠤᠯᠠᠭ᠎ᠠ ᠲᠤᠰᠢᠶᠠᠬᠤ ᠬᠤᠭᠤᠴᠠᠭ᠎ᠠ ᠶᠢ ᠨᠢ ᠳᠣᠷᠣᠭᠰᠢᠯᠠᠭᠤᠯᠪᠠ | ᠪᠡᠭᠡᠵᠢᠩ ᠤᠨ ᠡᠷᠦᠬᠡ ᠠᠮᠠ ᠲᠠᠢ ᠬᠤᠶᠠᠷ ᠠᠴᠠ ᠳᠡᠭᠡᠭᠰᠢ ᠬᠡᠦᠬᠡᠳ ᠲᠠᠢ ᠭᠡᠷ ᠪᠦᠯᠢ ᠨᠢ ᠭᠡᠷ ᠪᠠᠶᠢᠰᠢᠩ | ᠬᠤᠳᠠᠯᠳᠤᠨ ᠠᠪᠬᠤ ᠳᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠥᠭᠬᠦ ᠬᠡᠮᠵᠢᠶ᠎ᠡ ᠶᠢ 40 | ᠲᠦᠮᠡᠨ ᠲᠥᠭᠦᠷᠢᠭ ᠥᠰᠬᠡᠪᠡ | 1000 ᠲᠦᠮᠡᠨ ᠲᠥᠭᠦᠷᠢᠭ ᠤᠨ ᠺᠢᠨᠣ᠋ ᠦᠵᠡᠬᠦ ᠨᠥᠬᠦᠪᠦᠷᠢ ᠣᠯᠭᠤᠨ᠎ᠠ | ᠪᠦᠬᠦ ᠬᠤᠲᠠ ᠶᠢᠨ 250 ᠭᠠᠷᠤᠢ ᠡᠵᠡᠩᠨᠡᠵᠦ ᠪᠠᠶᠢᠭ᠎ᠠ ᠺᠢᠨᠣ᠋ ᠲᠢᠶᠠᠲᠷ ᠢ ᠬᠠᠮᠤᠷᠴᠤ᠂ 100 ᠲᠦᠮᠡ ᠰᠢᠬᠠᠮ | ᠬᠥᠮᠥᠨ ᠤᠳᠠᠭ᠎ᠠ ᠳᠤ ᠠᠰᠢᠭ ᠬᠦᠷᠲᠡᠭᠡᠬᠦ ᠪᠠᠷ ᠵᠢᠱᠢᠵᠦ ᠪᠣᠢ | ᠱᠠᠩᠬᠠᠢ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠪᠡ | ᠱᠠᠩᠬᠠᠢ ᠠᠴᠠ ᠪᠤᠰᠤᠳ ᠡᠷᠦᠬᠡ ᠠᠮᠠ ᠲᠠᠢ ᠰᠠᠭᠤᠭᠠᠯᠢ ᠠᠷᠠᠳ ᠭᠠᠳᠠᠷ ᠴᠠᠭᠠᠷᠢᠭ ᠠᠴᠠ ᠭᠠᠳᠠᠨᠠᠬᠢ ᠣᠷᠣᠨ | ᠰᠠᠭᠤᠴᠠ ᠶᠢ ᠬᠤᠳᠠᠯᠳᠤᠨ ᠠᠪᠬᠤ ᠳᠤ ᠬᠡᠷᠡᠭᠰᠡᠬᠦ ᠨᠡᠶᠢᠭᠡᠮ ᠤᠨ ᠪᠠᠲᠤᠯᠠᠭ᠎ᠠ ᠪᠤᠶᠤ ᠬᠤᠪᠢ ᠬᠥᠮᠥᠨ ᠤ | ᠣᠯᠵᠠᠪᠤᠷᠢ ᠶᠢᠨ ᠭᠠᠶᠢᠯᠢ ᠶᠢᠨ ᠣᠨ ᠤ ᠬᠢᠵᠠᠭᠠᠷ ᠢ ᠨᠢ ᠪᠣᠭᠤᠨᠢᠰᠬᠠᠪᠠ | ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ | ︽25% ᠠᠴᠠ ᠳᠣᠣᠷ᠎ᠠ ᠪᠠᠶᠢᠯᠭᠠᠬᠤ ᠦᠭᠡᠢ︾ ᠭᠡᠵᠦ ᠲᠣᠬᠢᠷᠠᠭᠤᠯᠪᠠ | ᠬᠤᠪᠢ ᠬᠥᠮᠥᠨ ᠤ ᠭᠠᠳᠠᠭᠰᠢ ᠪᠣᠷᠣᠯᠠᠭᠤᠯᠤᠭᠰᠠᠨ ᠣᠷᠣᠨ ᠰᠠᠭᠤᠴᠠ ᠶᠢᠨ ᠥᠷᠲᠡᠭ ᠨᠡᠮᠡᠭᠳᠡᠯ ᠤᠨ ᠭᠠᠶᠢᠯᠢ | ᠲᠠᠲᠠᠪᠤᠷᠢᠯᠠᠬᠤ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ | ᠲᠣᠰ ᠬᠤᠲᠠ ᠶᠢᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠬᠦᠴᠦᠯᠡᠨ ᠳᠡᠮᠵᠢᠨ᠎ᠡ | ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠲᠠᠮᠵᠢᠵᠤ᠂ ᠬᠠᠮᠤᠭ ᠤᠨ ᠥᠨᠳᠥᠷ ᠲᠤ ᠪᠠᠨ 2 | ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ | ᠬᠥᠬᠡᠨᠠᠭᠤᠷ ᠮᠤᠵᠢ | ᠡᠯ᠎ᠡ ᠬᠤᠲᠠ ᠶᠢᠨ ᠵᠠᠰᠠᠭ ᠤᠨ ᠣᠷᠳᠣᠨ ᠤ ᠭᠤᠣᠯ ᠴᠣᠭᠴᠠ ᠭᠡᠷ ᠪᠠᠶᠢᠰᠢᠩ ᠬᠤᠳᠠᠯᠳᠤᠨ ᠠᠪᠬᠤ ᠳᠤ | ᠨᠥᠬᠦᠪᠦᠷᠢ ᠣᠯᠭᠤᠬᠤ ᠲᠦᠷᠦ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠭᠡᠷ ᠪᠦᠯᠢ ᠳᠤ ᠨᠥᠬᠦᠪᠦᠷᠢ ᠣᠯᠭᠤᠨ᠎ᠠ | ᠹᠦᠵᠢᠶᠠᠨ ᠮᠤᠵᠢ | ᠡᠯ᠎ᠡ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ | ᠦᠨ᠎ᠡ ᠶᠢ ᠬᠢᠵᠠᠭᠠᠷᠯᠠᠬᠤ ᠶᠢ ᠴᠤᠴᠠᠯᠬᠤ ᠶᠢ ᠳᠡᠮᠵᠢᠵᠦ᠂ ᠨᠢᠭᠡᠨᠲᠡ ᠴᠤᠴᠠᠯᠤᠭᠰᠠᠨ ᠢ ᠨᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠴᠤᠴᠠᠯᠤᠭᠠᠳᠤᠢ ᠶᠢ ᠨᠢ ᠰᠢᠮᠳᠠᠭᠤᠯᠤᠨ ᠦᠨᠡᠯᠡᠨ᠎ᠡ | ᠨᠥᠬᠦᠴᠡᠯ ᠲᠠᠢ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠨᠥᠬᠦᠪᠦᠷᠢ ᠣᠯᠭᠤᠬᠤ ᠶᠢ ᠨᠢ ᠳᠡᠮᠵᠢᠵᠦ᠂ | ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠪᠦᠯᠬᠦᠮ ᠢᠶᠠᠷ ᠬᠤᠳᠠᠯᠳᠤᠨ ᠠᠪᠬᠤ ᠳᠤ | ᠬᠠᠷᠠᠭᠠᠯᠵᠠᠯ ᠦᠵᠡᠭᠦᠯᠬᠦ ᠶᠢ ᠨᠢ ᠵᠣᠷᠢᠭᠵᠢᠭᠤᠯᠤᠨ᠎ᠠ | ᠰᠢᠶᠠᠮᠧᠨ | ᠣᠷᠣᠨ ᠰᠠᠭᠤᠴᠠ ᠬᠤᠳᠠᠯᠳᠤᠬᠤ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠪᠠ | ᠣᠷᠣᠨ ᠰᠠᠭᠤᠴᠠ ᠶᠢᠨ ᠢᠵᠢ ᠲᠤᠭ᠎ᠠ ᠶᠢ ᠣᠷᠣᠨ ᠰᠠᠭᠤᠴᠠ ᠬᠤᠳᠠᠯᠳᠤᠨ ᠠᠪᠬᠤ ᠪᠠᠷ ᠪᠠᠶᠢᠭ᠎ᠠ ᠭᠠᠵᠠᠷ ᠤᠨ | ᠲᠣᠭᠤᠷᠢᠭ ᠤᠨ ᠬᠡᠪᠴᠢᠶᠡᠨ ᠳᠤ ᠦᠨᠡᠮᠰᠢᠨ᠎ᠡ | ᠾᠧᠨᠠᠨ ᠮᠤᠵᠢ | ᠬᠤᠳᠠᠯᠳᠤᠨ ᠠᠪᠬᠤ ᠬᠢᠵᠠᠭᠠᠷᠯᠠᠯ ᠢ ᠪᠥᠬᠦ ᠲᠠᠯ᠎ᠠ ᠪᠠᠷ ᠴᠤᠴᠠᠯᠪᠠ | ᠡᠯ᠎ᠡ ᠭᠠᠵᠠᠷ ᠤᠨ ᠬᠢᠨ ᠪᠡᠶ᠎ᠡ ᠪᠠᠨ ᠳᠠᠭᠠᠭᠠᠵᠤ ᠨᠥᠬᠦᠪᠦᠷᠢ ᠣᠯᠭᠤᠬᠤ ᠠᠷᠭ᠎ᠠ ᠬᠡᠮᠵᠢᠶ᠎ᠡ ᠲᠣᠭᠲᠠᠭᠠᠬᠤ ᠶᠢ ᠨᠢ | ᠵᠣᠷᠢᠭᠵᠢᠭᠤᠯᠵᠤ᠂ ᠬᠠᠭᠤᠴᠢᠨ ᠭᠡᠷ ᠪᠠᠶᠢᠰᠢᠩ ᠢ ᠵᠠᠰᠠᠵᠤ ᠴᠢᠮᠡᠬᠦ᠂ ᠲᠣᠭᠤᠭᠠᠨ ᠭᠡᠷ ᠵᠣᠷᠯᠣᠩ ᠵᠡᠷᠭᠡ ᠬᠡᠰᠡᠭ ᠭᠠᠵᠠᠷ ᠢ | ᠥᠭᠡᠷᠡᠴᠢᠯᠡᠨ ᠵᠠᠰᠠᠬᠤ ᠪᠠ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠨ ᠵᠠᠰᠠᠬᠤ ᠵᠡᠷᠭᠡ ᠳᠤ ᠬᠡᠷᠡᠭᠰᠡᠬᠦ ᠡᠳ᠋ | ᠪᠣᠳᠠᠰ ᠪᠣᠯᠣᠨ ᠮᠠᠲ᠋ᠧᠷᠢᠶᠠᠯ ᠳᠤ ᠨᠥᠬᠦᠪᠦᠷᠢ ᠣᠯᠭᠤᠵᠤ᠂ ᠢᠵᠢ ᠪᠦᠷᠢ ᠳᠤ ᠬᠠᠮᠤᠭ ᠤᠨ ᠥᠨᠳᠥᠷ ᠲᠤ ᠪᠠᠨ 2 | ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ | ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠵᠢᠭᠡᠯᠡᠯᠭᠡ ᠶᠢᠨ | ᠲᠤᠭ᠎ᠠ ᠶᠢᠨ ᠳᠡᠭᠡᠳᠦ ᠬᠢᠵᠠᠭᠠᠷ ᠢ ᠵᠦᠢ ᠵᠣᠬᠢᠰᠲᠠᠢ ᠳᠡᠭᠡᠭᠰᠢᠯᠡᠭᠦᠯᠬᠦ ᠶᠢ ᠨᠢ ᠳᠡᠮᠵᠢᠵᠦ᠂ ᠣᠯᠠᠨ ᠬᠡᠦᠬᠡᠳ ᠲᠠᠢ ᠭᠡᠷ | ᠪᠦᠯᠢ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠵᠡᠷᠭᠡ ᠳᠤ 20% ᠪᠠᠷ | ᠵᠢᠭᠡᠯᠡᠯᠭᠡ ᠶᠢᠨ ᠲᠤᠭ᠎ᠠ ᠶᠢ ᠨᠢ ᠳᠡᠭᠡᠭᠰᠢᠯᠡᠭᠦᠯᠵᠦ ᠪᠣᠯᠣᠨ᠎ᠠ | ᠭᠤᠸᠠᠩᠳᠦ᠋ᠩ ᠮᠤᠵᠢ | ᠭᠤᠸᠠᠩᠵᠧᠦ | ᠪᠦᠬᠦ ᠬᠤᠲᠠ ᠶᠢᠨ ᠬᠡᠪᠴᠢᠶᠡᠨ ᠳᠤ ᠣᠷᠣᠨ ᠰᠠᠭᠤᠴᠠ ᠬᠤᠳᠠᠯᠳᠤᠨ ᠠᠪᠬᠤ ᠳᠤ ᠭᠡᠷ ᠪᠠᠶᠢᠰᠢᠩ ᠬᠤᠳᠠᠯᠳᠤᠨ | ᠠᠪᠬᠤ ᠬᠢᠷᠢ ᠬᠡᠮ ᠢ ᠨᠢ ᠳᠠᠬᠢᠵᠤ ᠬᠢᠨᠠᠨ ᠬᠠᠷᠭᠤᠭᠤᠯᠬᠤ ᠦᠭᠡᠢ ᠪᠣᠯᠵᠤ᠂ ᠭᠡᠷ ᠪᠠᠶᠢᠰᠢᠩ ᠬᠤᠳᠠᠯᠳᠤᠨ ᠠᠪᠬᠤ | ᠲᠤᠭ᠎ᠠ ᠶᠢ ᠨᠢ ᠳᠠᠬᠢᠵᠤ ᠬᠢᠵᠠᠭᠠᠷᠯᠠᠬᠤ ᠦᠭᠡᠢ ᠪᠣᠯᠪᠠ | ᠱᠧᠨᠵᠧᠨ | ᠲᠣᠭᠤᠷᠢᠭ ᠬᠤᠪᠢᠶᠠᠨ ᠣᠷᠣᠨ ᠰᠠᠭᠤᠴᠠ ᠬᠤᠳᠠᠯᠳᠤᠨ ᠠᠪᠬᠤ ᠶᠢ ᠨᠢ ᠬᠢᠵᠠᠭᠠᠷᠯᠠᠬᠤ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠪᠡ | ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠰᠢᠯᠵᠢᠭᠦᠯᠦᠨ | ᠥᠭᠬᠦ ᠬᠢᠵᠠᠭᠠᠷᠯᠠᠯ ᠢ ᠴᠤᠴᠠᠯᠪᠠ | ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠦᠨ᠎ᠡ | ᠬᠠᠩᠰᠢ ᠶᠢ ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠪᠡ | ᠬᠤᠪᠢ ᠬᠥᠮᠥᠨ ᠤ ᠣᠷᠣᠨ ᠰᠠᠭᠤᠴᠠ ᠶᠢᠨ ᠰᠢᠯᠵᠢᠭᠦᠯᠦᠨ ᠥᠭᠬᠦ ᠥᠷᠲᠡᠭ ᠨᠡᠮᠡᠭᠳᠡᠯ ᠤᠨ ᠭᠠᠶᠢᠯᠢ ᠶᠢᠨ | ᠲᠠᠲᠠᠪᠤᠷᠢᠯᠠᠬᠤ ᠠᠴᠠ ᠬᠡᠯᠲᠦᠷᠢᠭᠦᠯᠬᠦ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ | ᠹᠥᠸᠧ ᠱᠠᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠭᠠᠷᠭᠠᠨ ᠠᠪᠴᠤ ᠣᠷᠣᠨ ᠰᠠᠭᠤᠴᠠ | ᠬᠤᠳᠠᠯᠳᠤᠨ ᠠᠪᠬᠤ ᠠᠩᠬ᠎ᠠ ᠲᠤᠰᠢᠶᠠᠬᠤ ᠵᠣᠭᠤᠰ ᠲᠥᠯᠥᠬᠦ ᠶᠢ ᠨᠢ ᠵᠥᠪᠰᠢᠶᠡᠷᠡᠨ᠎ᠡ | ᠵᠢᠶᠠᠩᠰᠤ ᠮᠤᠵᠢ | ᠨᠠᠨᠵᠢᠩ | 20 ᠳ᠋ᠦᠩᠰᠢᠭᠤᠷ ᠲᠥᠭᠦᠷᠢᠭ ᠣᠷᠴᠢᠮ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠬᠡᠵᠦ ᠮᠠᠰᠢᠨ | ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ 9 ᠲᠠᠯ᠎ᠠ ᠶᠢᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠨᠢ ᠳᠡᠮᠵᠢᠨ᠎ᠡ | ᠦ᠋ ᠰᠢ | ᠪᠠᠶᠢᠭ᠎ᠠ ᠲᠣᠭᠤᠷᠢᠭ ᠢᠶᠠᠷ ᠨᠢ ᠠᠩᠬᠠᠳᠠᠭᠴᠢ ᠢᠵᠢ ᠣᠷᠣᠨ ᠰᠠᠭᠤᠴᠠ ᠶᠢ ᠨᠢ ᠦᠨᠡᠮᠰᠢᠨ᠎ᠡ | ᠲᠤᠷᠰᠢᠯᠲᠠ ᠶᠢᠨ ᠴᠡᠭ ᠨᠢ ᠬᠠᠮᠲᠤ ᠪᠠᠷ ᠥᠮᠴᠢᠯᠡᠬᠦ ᠡᠷᠬᠡ ᠶᠢᠨ ᠬᠡᠯᠪᠡᠷᠢ ᠪᠠᠷ ᠣᠨᠴᠠ ᠲᠣᠭᠲᠠᠭᠰᠠᠨ | ᠬᠥᠮᠥᠰ ᠲᠤ ᠲᠠᠸᠠᠷ ᠤᠨ ᠣᠷᠣᠨ ᠰᠠᠭᠤᠴᠠ ᠬᠤᠳᠠᠯᠳᠤᠨ᠎ᠠ | ᠬᠤᠪᠧᠢ ᠮᠤᠵᠢ | ᠦᠬᠠᠨ | 10 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ | ᠬᠤᠭᠤᠴᠠᠭᠠᠨ ᠳᠤ ᠣᠷᠣᠨ ᠰᠠᠭᠤᠴᠠ ᠬᠤᠳᠠᠯᠳᠤᠨ ᠠᠪᠬᠤ ᠬᠠᠷᠠᠭᠠᠯᠵᠠᠯ ᠤᠨ ᠳᠡᠮᠵᠢᠯᠭᠡ ᠦᠵᠡᠭᠦᠯᠵᠦ᠂ ᠠᠩᠬᠠᠳᠠᠭᠴᠢ | ᠢᠵᠢ ᠣᠷᠣᠨ ᠰᠠᠭᠤᠴᠠ ᠳᠤ ᠣᠷᠣᠨ ᠰᠠᠭᠤᠴᠠ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢ ᠬᠠᠮᠤᠭ ᠤᠨ | ᠥᠨᠳᠥᠷ ᠲᠤ ᠪᠠᠨ ᠪᠥᠬᠦ ᠲᠤᠭ᠎ᠠ ᠪᠠᠷ ᠨᠢ ᠨᠥᠬᠦᠪᠦᠷᠢᠯᠡᠵᠦ ᠪᠣᠯᠣᠨ᠎ᠠ | ᠡᠩ ᠤᠨ ᠣᠷᠣᠨ ᠰᠠᠭᠤᠴᠠ ᠪᠣᠯᠣᠨ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ | ᠴᠤᠴᠠᠯᠪᠠ | ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠳ ᠢᠵᠢ ᠳᠣᠲᠣᠷᠠᠬᠢ ᠳᠡᠯᠡᠪᠡᠢ ᠪᠤᠶᠤ ᠢᠵᠢ ᠪᠠᠷ ᠦᠨ᠎ᠡ ᠪᠤᠳᠣᠬᠤ | ᠠᠷᠭ᠎ᠠ ᠮᠠᠶ᠋ᠢᠭ ᠢ ᠰᠣᠩᠭᠤᠵᠤ ᠲᠠᠸᠠᠷ ᠤᠨ ᠣᠷᠣᠨ ᠰᠠᠭᠤᠴᠠ ᠪᠠᠨ ᠪᠣᠷᠣᠯᠠᠭᠤᠯᠬᠤ ᠶᠢ ᠨᠢ ᠵᠣᠷᠢᠭᠵᠢᠭᠤᠯᠤᠨ᠎ᠠ | ᠱᠠᠨᠳᠦ᠋ᠩ ᠮᠤᠵᠢ | ᠵᠢᠨᠠᠨ | ᠬᠤᠶᠠᠷ ᠵᠢᠴᠢ ᠲᠡᠭᠦᠨ ᠠᠴᠠ ᠳᠡᠭᠡᠭᠰᠢᠬᠢ ᠬᠡᠦᠬᠡᠳ ᠲᠠᠢ ᠭᠡᠷ ᠪᠦᠯᠢ ᠨᠢ ᠵᠢᠨᠠᠨ ᠬᠤᠲᠠ ᠠᠴᠠ ᠥᠪᠡᠰᠦᠪᠡᠨ | ᠰᠠᠭᠤᠬᠤ ᠡᠩ ᠤᠨ ᠣᠷᠣᠨ ᠰᠠᠭᠤᠴᠠ ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠵᠢᠭᠡᠯᠡᠯᠭᠡ ᠭᠤᠶᠤᠴᠢᠯᠠᠭᠰᠠᠨ ᠪᠣᠯ᠂ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢ ᠭᠡᠷ ᠪᠦᠯᠢ ᠶᠢᠨ ᠲᠤᠰ | ᠬᠤᠭᠤᠴᠠᠭᠠᠨ ᠤ ᠬᠠᠮᠤᠭ ᠤᠨ ᠥᠨᠳᠥᠷ ᠵᠢᠭᠡᠯᠡᠯᠭᠡ ᠶᠢᠨ ᠬᠢᠵᠠᠭᠠᠷ ᠲᠤᠭ᠎ᠠ ᠶᠢ ᠦᠨᠳᠦᠰᠦᠯᠡᠨ 30% ᠪᠠᠷ ᠥᠰᠬᠡᠨ᠎ᠡ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠬᠡᠷᠡᠭᠯᠡᠵᠦ ᠥᠩᠭᠡᠷᠡᠭᠰᠡᠨ ᠦᠭᠡᠢ ᠲᠤᠰᠢᠶᠠᠨ | ᠬᠠᠳᠠᠭᠠᠯᠠᠭᠤᠯᠬᠤ ᠠᠵᠢᠯᠲᠠᠨ ᠠᠵᠢᠯᠴᠢᠨ ᠤ ᠭᠡᠷ ᠪᠦᠯᠢ ᠨᠢ ᠬᠤᠶᠠᠳᠤᠭᠠᠷ ᠢᠵᠢ ᠣᠷᠣᠨ ᠰᠠᠭᠤᠴᠠ ᠬᠤᠳᠠᠯᠳᠤᠨ | ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ ᠪᠣᠯ᠂ ᠠᠩᠬᠠᠳᠠᠭᠴᠢ | ᠣᠷᠣᠨ ᠰᠠᠭᠤᠴᠠ ᠪᠠᠷ ᠦᠨᠡᠮᠰᠢᠨ᠎ᠡ | | |