ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠦᠬᠦ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠪᠣᠯᠪᠠᠰᠤᠷᠠᠭᠤᠯᠤᠯ ᠵᠢᠴᠢ ᠬᠠᠤᠯᠢ ᠶᠣᠰᠣᠭᠠᠷ ᠲᠤᠭ᠎ᠠ ᠪᠦᠷᠢᠳᠬᠡᠬᠦ ᠶᠢ ᠴᠢᠩᠭᠠᠳᠬᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/14
      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠣᠶᠢᠷ᠎ᠠ ᠳᠤ᠂ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠪᠣᠯᠪᠠᠰᠤᠷᠠᠭᠤᠯᠤᠯ ᠵᠢᠴᠢ ᠬᠠᠤᠯᠢ ᠶᠣᠰᠣᠭᠠᠷ ᠲᠤᠭ᠎ᠠ ᠪᠦᠷᠢᠳᠬᠡᠬᠦ ᠶᠢ ᠴᠢᠩᠭᠠᠳᠬᠠᠬᠤ ᠬᠤᠷᠠᠯ ᠬᠤᠷᠠᠯᠳᠤᠭᠤᠯᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠬᠦᠰᠦᠨᠦᠭᠲᠦ ᠮᠡᠳᠡᠭᠦᠯᠬᠦ ᠠᠵᠤ ᠠᠬᠤᠶᠢᠯᠠᠯ ᠪᠠ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠳ ᠲᠣᠰ ᠤᠳᠠᠭᠠᠨ ᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠬᠠᠢ ᠮᠡᠷᠭᠡᠵᠢᠯ ᠤᠨ ᠠᠵᠢᠯᠲᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠬᠡᠪᠴᠢᠶ᠎ᠡ᠂ ᠭᠦᠢᠴᠡᠳᠬᠡᠯ ᠲᠤᠭ᠎ᠠ ᠶᠢᠨ ᠰᠢᠰᠲ᠋ᠧᠮ᠂ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠵᠢᠴᠢ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠵᠢᠷᠤᠮᠵᠢᠯ ᠵᠡᠷᠭᠡ ᠭᠤᠣᠯ ᠠᠭᠤᠯᠭ᠎ᠠ ᠶᠢ ᠭᠦᠨᠵᠡᠭᠡᠢ ᠲᠠᠶᠢᠯᠪᠤᠷᠢᠯᠠᠬᠤ ᠶᠢᠨ ᠬᠠᠮᠲᠤ ᠲᠠᠭᠯᠠᠨ ᠮᠡᠳᠡᠭᠦᠯᠬᠦ ᠭᠡᠷᠡᠴᠢ ᠪᠠᠷᠢᠮᠲᠠ ᠶᠢᠨ ᠵᠢᠷᠤᠮᠵᠢᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠠᠶᠢᠯᠤᠮᠵᠢ ᠬᠢᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠄ ᠨᠢᠭᠡ ᠳᠤ ᠪᠡᠯᠡ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠬᠢᠨᠠᠨ ᠬᠠᠷᠭᠤᠭᠤᠯᠤᠯᠲᠠ ᠶᠢ ᠴᠢᠩᠭᠠᠳᠬᠠᠬᠤ ᠬᠡᠷᠡᠭᠲᠡᠢ︔ ᠬᠤᠶᠠᠷ ᠲᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠡᠬᠡ ᠲᠠᠩᠰᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠲᠤᠭ᠎ᠠ ᠪᠠᠷᠢᠮᠲᠠ ᠦᠨᠳᠦᠰᠦᠯᠡᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃      ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠵᠣᠣ ᠯᠢᠶᠠᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︵ᠰᠢᠨ᠎ᠡ ᠪᠠᠷ ᠵᠠᠰᠠᠪᠤᠷᠢ ᠣᠷᠣᠭᠤᠯᠤᠭᠰᠠᠨ︶ ᠳᠤᠮᠳᠠᠬᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠬᠠᠮᠢᠶ᠎ᠠ ᠪᠦᠬᠦᠢ ᠬᠠᠤᠯᠢ ᠴᠠᠭᠠᠵᠠ ᠳᠤ ᠲᠠᠶᠢᠯᠤᠮᠵᠢ ᠬᠢᠭᠰᠡᠨ ᠪᠥᠭᠡᠳ ︽ᠲᠤᠭ᠎ᠠ ᠪᠦᠷᠢᠳᠬᠡᠯ ᠳᠤ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠲᠠᠢ ᠤᠶᠠᠯᠳᠤᠭᠤᠯᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠪᠡ᠂ ᠪᠣᠯᠪᠠᠰᠤᠷᠠᠭᠤᠯᠤᠯ ᠤᠨ ᠠᠭᠤᠯᠭ᠎ᠠ ᠨᠢ ᠪᠤᠰᠤᠳᠴᠢ ᠪᠥᠭᠡᠳ ᠠᠮᠢᠳᠤᠯᠢᠭ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯᠲᠡ ᠪᠠ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠯᠬᠠᠭᠠᠬᠤ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃
    ᠬᠤᠷᠠᠯ ᠠᠴᠠ ᠪᠠᠰᠠ ᠲᠤᠬᠠᠢ ᠶᠢᠨ ᠲᠠᠯᠠᠪᠠᠢ ᠳᠤ ᠮᠠᠳᠠᠭ ᠲᠠᠢ ᠠᠰᠠᠭᠤᠳᠠᠯ ᠢ ᠬᠠᠷᠢᠭᠤᠯᠵᠤ ᠶᠠᠷᠢᠯᠴᠠᠨ ᠰᠣᠯᠢᠯᠴᠠᠪᠠ᠃ ᠲᠣᠰ ᠤᠳᠠᠭᠠᠨ ᠤ ᠬᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠠᠷᠭ᠎ᠠ ᠪᠠ ᠭᠤᠣᠯᠳᠠᠯᠭ᠎ᠠ ᠶᠢ ᠰᠢᠰᠲ᠋ᠧᠮ ᠲᠠᠢ ᠡᠵᠡᠮᠰᠢᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号