︽ᠵᠢᠷᠭᠤᠭᠠᠨ ᠢᠨᠵᠧᠨᠧᠷᠢᠩ︾ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠷᠤᠭᠰᠢᠲᠠᠢ ᠠᠬᠢᠵᠤ ᠪᠤᠢ
ᠨᠡᠶᠢᠲᠡᠯᠡᠭᠰᠡᠨ ᠴᠠᠭ᠄
2024/10/14
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠠᠴᠠ ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ ᠮᠠᠨ ᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ ᠭᠦᠢᠴᠡᠳᠬᠡᠬᠦ ᠶᠢᠨ ᠲᠣᠭᠤᠷᠢᠨ ᠳᠤ︽ᠵᠢᠷᠭᠤᠭᠠᠨ ᠢᠨᠵᠧᠨᠧᠷᠢᠩ︾ ᠢ ᠴᠢᠬᠤᠯᠠᠴᠢᠯᠠᠨ ᠠᠳᠬᠤᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠷᠴᠢᠮ ᠲᠠᠢ ᠠᠬᠢᠭᠤᠯᠪᠠ᠃      ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠪᠣᠯ ︽ᠵᠢᠷᠭᠤᠭᠠᠨ ᠢᠨᠵᠧᠨᠧᠷᠢᠩ︾ ᠤᠨ ᠲᠡᠷᠢᠭᠦᠨ ᠴᠢᠬᠤᠯᠠ ᠢᠨᠵᠧᠨᠧᠷᠢᠩ ᠪᠠᠶᠢᠵᠤ᠂ ᠣᠳᠣᠬᠠᠨ ᠳᠤ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠣᠷᠣᠭᠰᠠᠨ 679 ᠵᠦᠢᠯ ᠤᠨ ᠭᠤᠣᠯᠳᠠᠯᠭ᠎ᠠ ᠲᠠᠢ ᠠᠵᠢᠯ ᠴᠥᠮ ᠤᠷᠤᠭᠰᠢᠲᠠᠢ ᠠᠬᠢᠵᠤ ᠪᠠᠶᠢᠨ᠎ᠠ᠃ ᠡᠭᠦᠨ ᠳᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ  ᠶᠢᠨ ᠰᠠᠨᠠᠯ︾ ᠤᠨ ᠴᠢᠬᠤᠯᠠ ᠶᠡᠭᠡ ᠲᠦᠷᠦᠯ ᠵᠦᠢᠯ ᠤᠨ ᠨᠠᠷᠢᠨ ᠳᠠᠩᠰᠠ ᠳᠤ ᠪᠠᠶᠢᠷᠢᠯᠠᠭᠤᠯᠤᠭᠰᠠᠨ 5 ᠶᠡᠭᠡ ᠲᠦᠷᠦᠯ  ᠤᠨ 86 ᠴᠢᠬᠤᠯᠠ ᠶᠡᠭᠡ ᠲᠦᠷᠦᠯ ᠵᠦᠢᠯ ᠤᠨ 67 ᠲᠦᠷᠦᠯ ᠵᠦᠢᠯ ᠨᠢ ᠪᠠᠷᠢᠯᠭ᠎ᠠ ᠡᠬᠢᠯᠡᠵᠦ᠂ ᠨᠢᠭᠡᠨᠲᠡ 1565 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠮᠠᠯ ᠬᠤᠭᠤᠴᠠᠭ᠎ᠠ  ᠪᠠᠷ ᠮᠡᠳᠡᠭᠦᠯᠦᠯᠲᠡ ᠬᠢᠬᠦ᠂ ᠠᠰᠠᠭᠤᠳᠠᠯ ᠤᠨ ᠨᠠᠷᠢᠨ ᠳᠠᠩᠰᠠ ᠪᠠᠶᠢᠭᠤᠯᠬᠤ᠂ ᠦᠨᠡᠯᠡᠨ ᠵᠢᠱᠢᠵᠦ ᠳ᠋ᠦᠩᠨᠡᠬᠦ᠂ ᠤᠬᠠᠭᠤᠯᠤᠨ ᠳᠡᠯᠭᠡᠷᠡᠭᠦᠯᠬᠦ᠂ ᠱᠠᠯᠠᠪᠳᠠᠭᠤᠯᠤᠨ ᠵᠠᠷᠯᠠᠬᠤ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠵᠢᠷᠭᠤᠭᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠨ ᠲᠤᠬᠠᠢ 47 ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠡᠢ᠃      ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠦᠭᠦ ᠣᠷᠣᠨ ᠤ 8 ᠠᠶᠢᠮᠠᠭ ᠬᠤᠳᠠ ᠳᠤ ᠤᠷᠢᠳ ᠬᠤᠵᠢᠳ ᠪᠠᠷᠢᠯᠭ᠎ᠠ ᠡᠬᠢᠯᠡᠵᠦ᠂ 2030 ᠣᠨ ᠪᠤᠯᠬᠤ ᠳᠤ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠦᠷᠦᠯ ᠵᠦᠢᠯ  ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠶᠢ 1.19 ᠳ᠋ᠦᠩᠰᠢᠭᠤᠷ ᠺᠢᠯᠣᠸᠠᠲ ᠲᠤ ᠬᠦᠷᠭᠡᠨ᠂ 1151 ᠲᠦᠮᠡᠨ ᠮᠦ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠪᠣᠯᠣᠨ᠎ᠠ᠃ ᠳᠤᠯᠠᠭᠠᠯᠠᠭ᠎ᠠ ᠶᠢᠨ ᠢᠨᠵᠧᠨᠧᠷᠢᠩ ᠳᠤ ᠪᠦᠭᠦ ᠣᠷᠣᠨ ᠤ ᠡᠨᠡ ᠵᠢᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭᠰᠠᠨ 528 ᠲᠦᠷᠦᠯ ᠵᠦᠢᠯ ᠢ ᠦᠨᠳᠦᠰᠦᠨ ᠳᠡᠭᠡᠨ ᠪᠦᠭᠦᠨ ᠢ ᠪᠡᠶᠡᠯᠡᠭᠦᠯᠵᠦ᠂ 193 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠥᠪᠡᠷᠲᠡᠭᠡᠨ ᠵᠠᠰᠠᠬᠤ ᠣᠷᠣᠨ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠷᠡᠭᠯᠡᠭᠡ ᠪᠠᠷ ᠤᠳᠤᠷᠢᠳᠤᠮᠵᠢ ᠪᠤᠯᠭᠠᠬᠰᠠᠨ ᠪᠦᠭᠦ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠡᠷᠡᠭᠴᠡᠭᠡᠨ ᠤ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠨᠠᠵᠠᠭᠠᠢ ᠲᠠᠯ᠎ᠠ ᠶᠢᠨ ᠨᠠᠷᠢᠨ ᠳᠠᠩᠰᠠ ᠵᠡᠷᠭᠡ ᠭᠤᠷᠪᠠᠨ ᠨᠠᠷᠢᠨ ᠳᠠᠩᠰᠠ  ᠶᠢᠨ ᠲᠣᠭᠲᠠᠴᠠ ᠶᠢ ᠪᠠᠶᠢᠭᠤᠯᠤᠨ ᠬᠡᠷᠡᠭᠵᠢᠭᠦᠯᠪᠡ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ᠢᠨᠵᠧᠨᠧᠷᠢᠩ ᠳᠤ ᠥᠪᠡᠷᠲᠡᠭᠡᠨ ᠵᠠᠰᠠᠬᠤ ᠣᠷᠣᠨ ᠠᠴᠠ ᠴᠠᠭᠠᠨ ᠢᠳᠡᠭᠡᠨ᠂ ᠬᠤᠪᠣᠷ ᠰᠢᠷᠣᠢ᠂ ᠨᠥᠭᠡᠴᠡ ᠡᠨᠧᠷᠭᠢ᠂ ᠤᠰᠤᠳᠦ᠋ᠷᠦᠭᠴᠢ ᠡᠨᠧᠷᠭᠢ᠂ ᠲᠣᠮᠣ ᠰᠢᠨᠵᠢᠯᠡᠬᠦ ᠤᠬᠠᠭᠠᠨ ᠤ ᠲᠣᠨᠣᠭᠯᠠᠯ ᠵᠡᠷᠭᠡ ᠲᠦᠷᠦᠭᠦᠦ ᠪᠦᠯᠦᠭ ᠤᠨ 5 ᠰᠢᠪᠲᠤᠯᠤᠯᠲᠠ ᠶᠢᠨ ᠴᠡᠭ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠳᠠᠯ ᠳᠤ ᠵᠣᠬᠢᠴᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠴᠣᠭᠴᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠳᠠᠪᠠᠭᠤᠯᠢᠭᠲᠤ ᠠᠵᠤ ᠦᠢᠯᠡᠰ ᠲᠤ ᠬᠥᠳᠡᠯᠭᠡᠬᠦ ᠡᠨᠧᠷᠭᠢ ᠨᠡᠮᠡᠷᠢᠯᠡᠨ᠂ ᠠᠵᠤ ᠦᠢᠯᠡᠰ ᠤᠨ ᠥᠷᠢᠰᠦᠯᠳᠦᠬᠦ ᠬᠦᠴᠦᠨ  ᠢ ᠪᠠᠲᠤᠯᠠᠬᠤ ᠪᠠᠷ ᠴᠢᠷᠮᠠᠶᠢᠵᠤ ᠪᠠᠶᠢᠨ᠎ᠠ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ  ᠳᠤ ᠥᠪᠡᠷᠲᠡᠭᠡᠨ ᠵᠠᠰᠠᠬᠤ ᠣᠷᠣᠨ ᠠᠴᠠ ᠴᠢᠯᠦᠭᠡᠲᠦ ᠠᠷᠠᠯᠵᠢᠶᠠᠨ ᠤ ᠣᠷᠣᠨ ᠢ ᠡᠷᠡᠮᠡᠯᠵᠡᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠣᠷᠣᠨ ᠢ ᠡᠷᠡᠮᠡᠯᠵᠡᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号