2024 ᠣᠨ ᠠᠴᠠ ᠨᠠᠭᠠᠰᠢ᠂ ᠭᠦᠭᠡᠬᠤᠲᠠ ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ᠂ | ᠰᠤᠷᠭᠠᠭᠤᠯᠢ ᠳᠤ ᠠᠵᠢᠯ ᠤᠨ ᠪᠠᠶᠢᠷᠢ ᠬᠦᠷᠭᠡᠬᠦ᠂ ᠦᠢᠯᠡᠰ ᠪᠣᠰᠬᠠᠬᠤ ᠳᠤ ᠬᠠᠪᠰᠤᠷᠤᠨ ᠲᠤᠰᠠᠯᠠᠬᠤ ᠵᠡᠷᠭᠡ ᠨᠠᠢᠮᠠᠨ | ᠶᠡᠭᠡ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ ᠣᠯᠬᠤ | ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ 8 ᠰᠠᠷ᠎ᠠ ᠶᠢᠨ ᠰᠡᠭᠦᠯᠴᠢ ᠪᠤᠯᠲᠠᠯ᠎ᠠ ᠭᠦᠭᠡᠬᠤᠲᠠ 4.12 | ᠲᠦᠮᠡᠨ ᠣᠶᠤᠲᠠᠨ ᠢ ᠦᠯᠡᠳᠡᠭᠡᠨ ᠠᠵᠢᠯ ᠣᠯᠭᠤᠵᠤ ᠦᠢᠯᠡᠰ ᠪᠣᠰᠬᠠᠭᠤᠯᠪᠠ᠃ | ᠣᠶᠢᠯᠠᠭᠠᠭᠰᠠᠨ ᠢᠶᠠᠷ᠂ ᠭᠦᠭᠡᠬᠤᠲᠠ ᠥᠨᠳᠥᠷ ᠲᠦᠪᠰᠢᠨ ᠪᠦᠬᠦᠢ ᠣᠯᠠᠨ ᠨᠡᠶᠢᠲᠡ ᠶᠢᠨ ᠠᠵᠢᠯ ᠣᠯᠭᠤᠵᠤ | ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠭᠦᠭᠡᠬᠤᠲᠠ ᠶᠢᠨ ᠤᠯᠤᠰ ᠤᠨ | ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠭᠦ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠬᠦᠴᠦᠲᠡᠢ ᠠᠵᠠ ᠲᠣᠭᠢᠶᠠᠯ ᠢ ᠠᠰᠢᠭᠯᠠᠨ᠂ ᠶᠢᠨ ᠴᠢᠶᠣᠤ ᠶᠢᠨ ︽ᠬᠤᠣᠰ ᠡᠭᠦᠳᠦᠯᠲᠡ︾ ᠶᠢᠨ ᠵᠢᠱᠢᠶ᠎ᠡ | ᠦᠵᠡᠭᠦᠯᠭᠦ ᠲᠣᠭᠤᠷᠢᠭ ᠲᠤ ︽ᠭᠤᠣᠯᠲᠤ ᠪᠣᠷᠣ︾ ᠣᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠱᠢᠶ᠎ᠡ | ᠦᠵᠡᠭᠦᠯᠭᠦ ᠰᠠᠭᠤᠷᠢᠨ ᠢ ᠪᠠᠶᠢᠭᠤᠯᠪᠠ᠃ ᠬᠤᠷᠢᠨᠭᠡᠷ ᠰᠢᠨ᠎ᠡ ᠲᠣᠭᠤᠷᠢᠭ ᠲᠤ ᠲᠣᠭᠠᠴᠢᠯᠠᠭᠰᠠᠨ ᠠᠵᠤ ᠦᠢᠯᠡᠰ ᠪᠠ | ᠰᠤᠷᠭᠠᠨ ᠬᠥᠮᠦᠵᠢᠯ ᠢ ᠠᠭᠤᠰᠤᠯᠴᠠᠭᠤᠯᠬᠤ ᠪᠣᠳᠠᠲᠠᠢ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠠᠢ᠃ ᠪᠦᠭᠦ | ᠣᠷᠣᠨ ᠤ ᠠᠩᠬᠠᠳᠠᠭᠴᠢ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠴᠢᠨᠠᠷ ᠰᠠᠶᠢᠲᠠᠢ | ᠭᠦᠢᠴᠡᠳ ᠠᠵᠢᠯ ᠣᠯᠭᠤᠯᠲᠠ ᠪᠠ ᠴᠢᠳᠠᠪᠤᠷᠢᠲᠠᠨ ᠢ ᠳᠠᠳᠠᠨ ᠠᠪᠴᠢᠷᠠᠬᠤ ᠶᠢ ᠠᠭᠢᠭᠤᠯᠪᠠ᠃1 ᠰᠠᠷ᠎ᠠ ᠠᠴᠠ 8 | ᠰᠠᠷ᠎ᠠ ᠪᠤᠯᠲᠠᠯ᠎ᠠ ᠬᠤᠲᠠ᠂ ᠲᠣᠭᠤᠷᠢᠭ ᠬᠤᠶᠠᠷ ᠱᠠᠲᠤᠨ ᠤ ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠪᠠᠶᠢᠭᠤᠯᠤᠮᠵᠢ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠤᠷᠢᠵᠤ | ᠡᠯᠰᠡᠬᠦ ᠵᠥᠪᠳᠡᠯᠴᠡᠭᠡᠨ ᠤ ᠠᠵᠢᠯᠯᠠᠭ᠎ᠠ ᠶᠢ ᠨᠡᠶᠢᠲᠡ 116 ᠤᠳᠠᠭ᠎ᠠ ᠡᠷᠭᠢᠯᠡᠵᠦ᠂ 16.65 ᠲᠦᠮᠡᠨ ᠠᠵᠢᠯ ᠤᠨ | ᠪᠠᠶᠢᠷᠢ ᠬᠠᠩᠭᠠᠵᠤ᠂ 4.92 ᠲᠦᠮᠡᠨ ᠬᠥᠮᠥᠨ ᠤᠳᠠᠭ᠎ᠠ ᠲᠠᠢ ᠠᠵᠢᠯ ᠣᠯᠭᠤᠬᠤ ᠰᠠᠨᠠᠮᠵᠢ ᠲᠣᠬᠲᠠᠵᠠᠢ᠃ ᠤᠷᠢᠳ | ᠬᠤᠵᠢᠳ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 34 ᠤᠳᠠᠭ᠎ᠠ ᠥᠷᠨᠢᠭᠦᠯᠵᠦ᠂ 611 ᠠᠵᠤ | ᠠᠬᠤᠶᠢᠯᠠᠯ ᠢ ᠵᠣᠬᠢᠶᠠᠨ ᠪᠠᠶᠢᠭᠤᠯᠵᠤ ᠶᠡᠭᠡ ᠳᠡᠭᠡᠳᠦ ᠰᠤᠷᠭᠠᠭᠤᠯᠢ ᠳᠤ ᠤᠷᠢᠨ ᠡᠯᠰᠡᠬᠦ ᠴᠤᠭᠯᠠᠭᠠᠨ ᠡᠷᠭᠢᠯᠡᠵᠤ᠂ 2. | 12 ᠲᠦᠮᠡᠨ ᠠᠵᠢᠯ ᠤᠨ ᠪᠠᠶᠢᠷᠢ ᠬᠠᠩᠭᠠᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ ᠵᠡᠷᠭᠡ 4 ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ᠂ ᠰᠤᠷᠭᠠᠭᠤᠯᠢ ᠶᠢᠨ ᠬᠦᠷᠢᠶᠡᠨ ᠳᠤ | ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ ᠣᠯᠬᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ | ᠲᠣᠳᠣᠷᠬᠠᠢ ᠬᠠᠭᠤᠳᠠᠰᠤ ᠶᠢ 27 ᠵᠤᠷᠪᠤᠰ ᠨᠠᠶᠢᠷᠠᠭᠤᠯᠤᠨ ᠵᠣᠬᠢᠶᠠᠵᠤ᠂ ︽ᠲᠥᠷᠥ ᠶᠢᠨ ᠪᠣᠳᠣᠯᠭ᠎ᠠ ᠬᠦᠷᠭᠡᠬᠦ᠂ | ᠠᠵᠢᠯ ᠤᠨ ᠪᠠᠶᠢᠷᠢ ᠬᠦᠷᠭᠡᠬᠦ᠂ ᠪᠣᠯᠪᠠᠰᠤᠷᠠᠯ ᠬᠦᠷᠭᠡᠬᠦ᠂ ᠦᠢᠯᠡᠴᠢᠯᠡᠭᠡ ᠬᠦᠷᠭᠡᠬᠦ︾ ᠠᠵᠢᠯᠯᠠᠭ᠎ᠠ ᠶᠢ ᠪᠠᠶᠢᠩᠭᠤ | ᠥᠷᠨᠢᠭᠦᠯᠵᠦ᠂ ᠭᠦᠭᠡᠬᠤᠲᠠ ᠶᠢᠨ ︽ᠠᠷᠪᠠᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾ | ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | ︽ᠭᠦᠭᠡᠬᠤᠳᠠ 2022 ᠣᠨ ᠳᠤ ︿ᠠᠷᠪᠠᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ | ᠢᠨᠵᠧᠨᠧᠷᠢᠩ﹀ ᠢ ᠡᠬᠢᠯᠡᠭᠦᠯᠦᠭᠰᠡᠨ ᠠᠴᠠ ᠨᠠᠭᠠᠰᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ︿ᠬᠥᠮᠥᠨ ᠤ ᠬᠦᠴᠦ ᠶᠢ ᠭᠦᠭᠡᠬᠤᠲᠠ ᠳᠤ ᠣᠷᠣᠭᠤᠯᠤᠨ᠂ ᠴᠢᠳᠠᠪᠤᠷᠢᠲᠠᠨ ᠢ | ᠴᠤᠭᠯᠠᠷᠠᠭᠤᠯᠤᠨ ᠦᠢᠯᠡᠰ ᠢ ᠬᠥᠭᠵᠢᠭᠦᠯᠬᠦ﹀ ᠪᠠᠷ ᠤᠳᠤᠷᠢᠳᠤᠮᠵᠢ ᠪᠤᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ | ᠬᠦᠷᠲᠡᠭᠡᠬᠦ᠂ ᠲᠠᠪᠴᠠᠩ ᠪᠠᠶᠢᠭᠤᠯᠬᠤ᠂ ᠦᠢᠯᠡᠴᠢᠯᠡᠭᠡ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ | ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ ᠣᠯᠬᠤ ᠦᠢᠯᠡᠰ ᠪᠣᠰᠬᠠᠬᠤ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ︾ ᠭᠡᠵᠦ ᠭᠦᠭᠡᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭᠠᠨ ᠤ | ᠳᠠᠷᠤᠭ᠎ᠠ ᠶᠠᠩ ᠵᠠᠨ ᠰᠢᠶᠦ᠋ᠩ ᠲᠠᠨᠢᠯᠴᠠᠭᠤᠯᠪᠠ᠃ | |