ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠪ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/15
      ᠦᠴᠦᠸᠠᠨ ᠰᠢᠶᠠᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ ᠢ ᠲᠦᠷᠭᠡᠨ ᠲᠣᠭᠲᠠᠭᠠᠬᠤ ᠶᠢᠨ ᠲᠥᠯᠥᠭᠡ᠂ ᠣᠶᠢᠷ᠎ᠠ ᠳᠤ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠪ ᠠᠴᠠ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠦᠨᠵᠡᠭᠡᠶᠢᠷᠡᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢᠨ ᠬᠠᠮᠲᠤ ᠬᠠᠮᠢᠶ᠎ᠠ ᠪᠦᠬᠦᠢ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠰᠢᠶᠠᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠭᠦᠢᠴᠡᠳ ᠣᠶᠢᠯᠠᠭᠠᠪᠠ᠃
     ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠪ ᠠᠴᠠ ᠮᠠᠨ ᠤ ᠰᠢᠶᠠᠨ ᠤ ᠡᠯ᠎ᠡ ᠠᠵᠢᠯ ᠲᠥᠷᠥᠯ ᠤᠨ ᠬᠦᠷᠢᠶᠡᠨ ᠳᠤ ᠬᠤᠯᠪᠣᠭᠳᠠᠬᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠪᠴᠢᠶ᠎ᠡ᠂ ᠦᠢᠯᠡᠳᠪᠦᠷᠢᠯᠡᠯ ᠤᠨ ᠲᠥᠯᠦᠪᠵᠢᠭᠦᠯᠭᠡ᠂ ᠬᠥᠭᠵᠢᠯᠲᠡ ᠶᠢᠨ ᠲᠥᠯᠥᠪᠯᠡᠭᠡ᠂ ᠠᠰᠢᠭ ᠣᠯᠵᠠᠪᠤᠷᠢ ᠶᠢᠨ ᠪᠠᠶᠢᠳᠠᠯ ᠵᠡᠷᠭᠡ ᠴᠢᠬᠤᠯᠠ ᠮᠡᠳᠡᠭᠡ ᠵᠠᠩᠭᠢ ᠶᠢᠨ ᠲᠤᠬᠠᠢ ᠨᠠᠩ ᠲᠣᠳᠣᠷᠬᠠᠢ ᠲᠠᠨᠢᠯᠲᠠ ᠲᠠᠢ ᠪᠣᠯᠵᠤ᠂ ᠬᠤᠶᠢᠰᠢᠳᠠ ᠶᠢᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠡᠳᠬᠦᠬᠦ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠪᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠪ ᠠᠴᠠ ᠮᠠᠨ ᠤ ᠰᠢᠶᠠᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠵᠣᠬᠢᠴᠠᠩᠭᠤᠢ ᠮᠥᠷᠳᠡᠯᠲᠡ ᠶᠢᠨ ᠳᠠᠩᠰᠠ ᠡᠪᠬᠡᠮᠡᠯ ᠪᠠᠶᠢᠭᠤᠯᠵᠤ᠂ ᠦᠷᠭᠦᠯᠵᠢᠯᠡᠨ ᠮᠠᠨ ᠤ ᠰᠢᠶᠠᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠮᠠᠨ ᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠢ ᠡᠷᠲᠡ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号