ᠶᠠᠩ ᠰᠢᠩ ᠱᠧᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠠᠵᠢᠯ ᠬᠢᠭᠡᠳ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠳᠣᠲᠣᠷᠠᠬᠢ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠵᠡᠩᠨᠡᠯᠲᠡ ᠶᠢᠨ ᠪᠦᠲᠦᠭᠡᠨ ᠪᠠᠶᠢᠭᠤᠯᠤᠯᠲᠠ ᠬᠢᠭᠡᠳ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠠᠵᠢᠯ ᠤᠨ ᠠᠬᠢᠴᠠ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠶᠠᠩ ᠰᠢᠩ ᠱᠧᠩ ᠬᠡᠯᠡᠭᠰᠡᠨ ᠨᠢ᠂ ᠡᠨᠡ ᠵᠢᠯ ᠤᠨ ︽ᠠᠷᠪᠠᠨ ᠰᠠᠷ᠎ᠠ ᠶᠢᠨ ᠨᠢᠭᠡᠨ︾ ᠤ ᠤᠯᠤᠰ ᠤᠨ ᠪᠠᠶᠠᠷ ᠤᠨ ᠬᠤᠭᠤᠴᠠᠭᠠᠨ ᠳᠤ᠂ ᠬᠠᠳᠠᠲᠤ ᠬᠠᠭᠠᠯᠭ᠎ᠠ ᠵᠡᠷᠭᠡ ᠦᠵᠡᠮᠵᠢ ᠶᠢᠨ ᠣᠷᠣᠨ ᠤ ᠵᠢᠭᠤᠯᠴᠢᠯᠠᠯ ᠤᠨ ᠬᠥᠮᠥᠨ ᠤ ᠲᠤᠭ᠎ᠠ ᠲᠦᠷᠭᠡᠨ ᠨᠡᠮᠡᠭᠳᠡᠵᠦ᠂ ᠦᠵᠡᠭᠳᠡᠯᠲᠦ ᠵᠦᠴᠦᠭᠡ ᠶᠢᠨ ᠲᠣᠭᠯᠠᠯᠲᠠ ︽ᠦᠴᠦᠸᠠᠨ ᠤ ᠬᠦᠰᠡᠯ ᠤᠨ ᠵᠤᠨ︾ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠭᠤᠶᠢᠳᠠ ᠰᠠᠶᠢᠬᠠᠨ ᠪᠠᠶᠢᠵᠤ᠂ ᠪᠥᠬᠦ ᠰᠢᠶᠠᠨ ᠤ ᠡᠯ᠎ᠡ ᠦᠵᠡᠮᠵᠢ ᠶᠢᠨ ᠣᠷᠣᠨ ᠳᠤ ᠥᠷᠨᠢᠭᠦᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠷᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠦᠴᠦᠸᠠᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠲᠤᠯᠭᠠᠭᠤᠷᠢ ᠠᠵᠤ ᠦᠢᠯᠡᠰ ᠮᠥᠨ ᠭᠡᠳᠡᠭ ᠢ ᠳᠠᠬᠢᠨᠲᠠ ᠲᠤᠰᠬᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠦᠷᠭᠡᠬᠡᠨ ᠲᠣᠭᠲᠠᠭᠠᠨ ᠲᠡᠭᠦᠯᠳᠡᠷᠵᠢᠭᠦᠯᠵᠦ᠂ 3A ᠲᠠᠰ᠂ 4A ᠲᠠᠰ᠂ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠵᠣᠬᠢᠶᠠᠨ ᠪᠠᠶᠢᠭᠤᠯᠤᠨ ᠲᠥᠰᠥᠪᠯᠡᠵᠦ᠂ ᠦᠴᠦᠸᠠᠨ ᠤ ᠰᠣᠶᠣᠯ ᠵᠢᠭᠤᠯᠴᠢᠯᠠᠯ ᠢ ᠲᠠᠨᠢᠯᠴᠠᠭᠤᠯᠬᠤ ᠤᠷᠢᠶ᠎ᠠ ᠶᠢ ᠰᠦᠪᠡᠭᠴᠢᠯᠡᠨ ᠭᠠᠷᠭᠠᠵᠤ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠰᠠᠶᠢᠵᠢᠷᠠᠭᠤᠯᠵᠤ᠂ ᠵᠢᠭᠤᠯᠴᠢᠯᠠᠯ ᠤᠨ ᠭᠥᠯᠢᠶᠡᠨ ᠠᠪᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠴᠦᠸᠠᠨ ᠢ ᠣᠷᠣᠨ ᠤ ᠳᠣᠲᠣᠷ᠎ᠠ ᠭᠠᠳᠠᠨᠠᠬᠢ ᠨᠠᠷᠠᠲᠤ ᠰᠣᠶᠣᠯ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠦᠴᠦᠸᠠᠨ ᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠪᠦᠬᠦ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠬᠤᠯᠠ ᠲᠠᠪᠴᠠᠩ ᠪᠣᠯᠣᠨ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠰᠠᠶᠢᠵᠢᠷᠠᠭᠤᠯᠤᠨ ᠳᠡᠭᠡᠭᠰᠢᠯᠡᠭᠦᠯᠬᠦ ᠨᠢ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠤᠶᠢᠯ ᠤᠨ ᠴᠢᠬᠤᠯᠠ ᠦᠢᠯᠡᠳᠦᠯ ᠲᠠᠢ ᠶᠤᠮ᠃ ᠬᠠᠮᠢᠶ᠎ᠠ ᠪᠦᠬᠦᠢ ᠬᠠᠷᠢᠭᠤᠴᠠᠯᠭᠠᠲᠤ ᠤᠳᠤᠷᠢᠳᠤᠯᠭ᠎ᠠ ᠬᠢᠭᠡᠳ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠨᠡᠩ ᠤᠯᠠᠨ ᠰᠢᠯᠢᠳᠡᠭ ᠠᠵᠤ ᠠᠬᠤᠶᠢᠯᠠᠯ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ ᠬᠦᠷᠢᠶᠡᠯᠡᠩ ᠲᠣᠭᠤᠷᠢᠭ ᠲᠤ ᠨᠤᠲᠤᠭᠰᠢᠭᠤᠯᠬᠤ ᠬᠡᠷᠡᠭᠲᠡᠢ᠃      ᠷᠧᠨ ᠶᠠᠨ ᠰᠢᠶᠠᠩ᠂ ᠰᠢᠶᠧ ᠴᠢᠦᠢ ᠫᠢᠩ᠂ ᠶᠠᠩ ᠶᠦᠩ ᠭᠠᠩ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃  ︵ᠰᠣᠷᠪᠤᠯᠵᠢᠯᠠᠬᠴᠢ᠄ ᠵᠣᠤ ᠯᠢᠩ ᠾᠦᠢ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号