ᠶᠠᠩ ᠰᠢᠩ ᠱᠧᠩ ᠮᠠᠰᠢᠨ ᠲᠡᠷᠭᠡᠨ ᠤ ᠰᠡᠯᠪᠢᠭ ᠲᠣᠨᠤᠭ ᠤᠨ ᠬᠤᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠪᠠ ᠵᠢᠭᠤᠯᠴᠢᠯᠠᠯ ᠤᠨ ᠵᠠᠮ ᠱᠤᠭᠤᠮ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/16
      10 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠥᠬᠡ ᠡᠷᠭᠢ ᠪᠠᠯᠭᠠᠰᠤ ᠪᠣᠯᠣᠨ ᠬᠠᠷᠠᠭᠤᠯ ᠪᠠᠯᠭᠠᠰᠤᠨ ᠳᠤ ᠭᠦᠨᠵᠡᠭᠡᠶᠢᠷᠡᠵᠦ᠂ ᠮᠠᠰᠢᠨ ᠲᠡᠷᠭᠡᠨ ᠤ ᠰᠡᠯᠪᠢᠭ ᠲᠤᠨᠤᠭ ᠤᠨ ᠬᠤᠳᠠ ᠶᠢᠨ ᠲᠦᠷᠦᠯ ᠵᠦᠢᠯ ᠤᠨ ᠭᠠᠵᠠᠷ ᠰᠣᠩᠭᠤᠬᠤ ᠪᠣᠯᠣᠨ ᠵᠢᠭᠤᠯᠴᠢᠯᠠᠯ ᠤᠨ ᠵᠠᠮ ᠱᠤᠭᠤᠮ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠦᠴᠦᠸᠠᠨ ᠰᠢᠶᠠᠨ ᠤ ᠬᠢᠯᠢ ᠳᠣᠲᠣᠷ᠎ᠠ ᠣᠯᠠᠨ ᠤᠯᠤᠰ ᠮᠤᠵᠢ ᠶᠢᠨ ᠭᠤᠣᠯ ᠵᠠᠮ ᠪᠠᠶᠢᠵᠤ᠂ ᠵᠠᠮ ᠬᠠᠷᠢᠯᠴᠠᠭᠠᠨ ᠤ ᠲᠣᠣᠷ ᠰᠦᠯᠵᠢᠶ᠎ᠡ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠵᠠᠮ ᠨᠡᠪᠲᠡᠷᠡᠯᠭᠡ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠬᠢᠯᠢ ᠥᠩᠭᠡᠷᠡᠬᠦ ᠲᠡᠷᠭᠡ ᠬᠥᠰᠬᠡ ᠵᠢᠯ ᠳᠠᠷᠠᠭᠠᠯᠠᠨ ᠨᠡᠮᠡᠭᠳᠡᠵᠦ᠂ ᠣᠳᠣᠬᠢᠴᠢᠯᠠᠭᠰᠠᠨ ᠮᠠᠰᠢᠨ ᠲᠡᠷᠭᠡᠨ ᠤ ᠰᠡᠯᠪᠢᠭ ᠲᠣᠨᠤᠭ ᠤᠨ ᠬᠤᠲᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠣᠯ ᠵᠠᠪᠠᠯ ᠬᠢᠬᠦ ᠶᠠᠪᠤᠳᠠᠯ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠷᠠᠳ ᠲᠦᠮᠡᠨ ᠳᠤ ᠦᠢᠯᠡᠴᠢᠯᠡᠬᠦ ᠣᠨᠣᠯᠵᠢᠬᠤᠨ ᠢ ᠪᠠᠷᠢᠮᠲᠠᠯᠠᠵᠤ᠂ ᠲᠥᠷᠥᠯ ᠵᠦᠢᠯ ᠤᠨ ᠭᠠᠵᠠᠷ ᠢ ᠰᠣᠩᠭᠤᠬᠤ ᠳᠠᠭᠠᠨ ᠵᠠᠮ ᠬᠠᠷᠢᠯᠴᠠᠭᠠᠨ ᠤ ᠴᠢᠬᠤᠯᠠ ᠵᠠᠮ ᠲᠠᠢ ᠣᠶᠢᠷᠠᠲᠤᠭᠤᠯᠬᠤ᠂ ᠲᠡᠷᠭᠡ ᠬᠥᠰᠬᠡ ᠶᠢᠨ ᠣᠷᠣᠵᠤ ᠭᠠᠷᠬᠤ ᠳᠤ ᠲᠥᠬᠦᠮ ᠦᠵᠡᠭᠦᠯᠬᠦ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠤᠷᠢᠳᠠᠪᠠᠷ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠬᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠪᠡᠶᠡᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠠᠵᠢᠯᠯᠠᠭᠤᠯᠬᠤ ᠶᠢ ᠰᠦᠪᠡᠭᠴᠢᠯᠡᠵᠦ᠂ ᠮᠠᠰᠢᠨ ᠲᠡᠷᠭᠡᠨ ᠤ ᠰᠡᠯᠪᠢᠭ ᠲᠤᠨᠤᠭ ᠤᠨ ᠬᠤᠳᠠ ᠶᠢᠨ ᠲᠦᠷᠦᠯ ᠵᠦᠢᠯ ᠢ ᠡᠷᠲᠡᠬᠡᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠦᠴᠦᠸᠠᠨ ᠰᠢᠶᠠᠨ ᠤ ᠠᠮᠢ ᠠᠬᠤᠢ ᠣᠷᠴᠢᠨ ᠲᠣᠭᠤᠷᠢᠨ ᠭᠤᠶᠢᠳᠠ ᠰᠠᠶᠢᠬᠠᠨ᠂ ᠵᠤᠭᠠᠴᠠᠯ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ᠂ ᠳᠤᠭᠤᠢ ᠤᠨᠤᠵᠤ ᠵᠤᠭᠠᠴᠠᠬᠤ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ ᠶᠤᠮ᠃ ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ᠂ ᠳ᠋ᠧ ᠱᠧᠩ ᠶᠢᠩ ᠮᠠᠰᠢᠨ ᠲᠡᠷᠭᠡᠨ ᠤ ᠵᠢᠵᠢᠭ ᠪᠠᠯᠭᠠᠰᠤ ᠵᠡᠷᠭᠡ ᠦᠵᠡᠮᠵᠢ ᠶᠢᠨ ᠣᠷᠣᠨ ᠳᠤ ᠲᠦᠰᠢᠭᠯᠡᠨ᠂ ᠵᠠᠮ ᠱᠤᠭᠤᠮ ᠢ ᠬᠤᠯᠪᠣᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠵᠤ᠂ ᠦᠵᠡᠮᠵᠢ ᠶᠢᠨ ᠣᠷᠣᠨ ᠦᠵᠡᠮᠵᠢ ᠶᠢᠨ ᠴᠡᠭ ᠤᠨ ᠬᠤᠭᠤᠷᠣᠨᠳᠣᠬᠢ ᠬᠤᠯᠪᠣᠯᠳᠤᠯ ᠢ ᠰᠢᠯᠤᠭᠤᠳᠬᠠᠵᠤ᠂ ᠵᠠᠮ ᠳᠠᠭᠠᠤ ᠶᠢᠨ ᠤᠯᠠᠨ ᠴᠢᠳᠠᠪᠬᠢᠲᠤ ᠶᠡᠷᠦᠩᠬᠡᠶᠢᠯᠡᠭᠰᠡᠨ ᠵᠢᠭᠤᠯᠴᠢᠯᠠᠯ ᠤᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ᠂ ᠡᠷᠬᠢᠨ ᠲᠣᠭᠤᠷᠢᠨ ᠤ ᠬᠥᠳᠡᠭᠡ ᠲᠣᠰᠬᠤᠨ ᠤ ᠠᠵᠤ ᠠᠬᠤᠢ ᠶᠢᠨ ᠴᠡᠴᠡᠭᠯᠡᠯᠲᠡ ᠪᠣᠯᠣᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠵᠢᠭᠤᠯᠴᠢᠯᠠᠯ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠦᠴᠦᠸᠠᠨ ᠤ ᠵᠢᠭᠤᠯᠴᠢᠯᠠᠯ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠣᠯᠣᠨ ᠠᠯᠳᠠᠷᠰᠢᠯ ᠢ ᠦᠷᠭᠦᠯᠵᠢᠯᠡᠨ ᠥᠷᠭᠡᠳᠬᠡᠬᠦ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ᠂ ᡁᠢ ᠵᠢᠶᠠᠨ ᠭᠠᠩ᠂ ᠵᠠᠩ ᠵᠢᠶᠧ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠲᠤᠰ ᠲᠤᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ︵ᠰᠤᠷᠪᠤᠯᠵᠢᠯᠠᠭᠴᠢ᠄ ᠵᠣᠣ ᠯᠢᠩ ᠾᠦᠢ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号