ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠶᠠᠩ ᠰᠢᠩ ᠱᠧᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/10/17
      10 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ 9 ᠰᠠᠷ᠎ᠠ ᠶᠢᠨ 26 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠦᠯᠦᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠲᠡᠯᠡᠭᠰᠡᠨ ᠴᠢᠬᠤᠯᠠ ᠵᠣᠬᠢᠶᠠᠯ ︽ᠠᠭᠤᠤ ᠶᠡᠭᠡ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢᠯᠠᠭᠤᠯᠤᠶ᠎ᠠ︾᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠬᠠᠷᠢᠭᠤ ᠵᠠᠬᠢᠳᠠᠯ᠂ ᠵᠠᠬᠢᠳᠠᠯ ᠢᠯᠡᠭᠡᠬᠦ ᠵᠣᠷᠢᠭ ᠰᠠᠨᠠᠭ᠎ᠠ ᠶᠢ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠣᠯᠵᠤ᠂ ᠢᠷᠡᠬᠦ ᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠪᠣᠯᠣᠨ ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠵᠢᠭᠦᠯᠬᠦ ᠬᠡᠷᠡᠭᠲᠡᠢ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠢᠨᠠᠨ ᠬᠠᠮᠢᠶᠠᠷᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠳᠥᠷᠪᠡᠳᠦᠭᠡᠷ ᠤᠯᠠᠷᠢᠯ ᠢ ᠴᠢᠩᠭ᠎ᠠ ᠠᠩᠬᠠᠷᠴᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢ ᠱᠠᠯᠠᠪᠳᠠᠨ ᠠᠬᠢᠭᠤᠯᠵᠤ᠂ ᠲᠣᠭᠲᠠᠭᠰᠠᠨ ᠴᠠᠭ ᠲᠠᠭᠠᠨ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠨᠲᠡ ᠳᠠᠭᠤᠰᠤᠭᠰᠠᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠨᠡᠶᠢᠲᠡᠯᠢᠭ ᠵᠢᠱᠢᠶ᠎ᠡ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠨ ᠤᠬᠠᠭᠤᠯᠵᠤ᠂ ᠮᠠᠨ ᠤ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠢᠯᠡᠰ ᠪᠣᠰᠬᠠᠵᠤ ᠠᠵᠢᠯ ᠣᠯᠭᠤᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠭᠤᠯᠬᠤ ᠵᠡᠷᠭᠡ ᠬᠦᠷᠢᠶᠡᠨ ᠳᠠᠬᠢ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠷᠠᠮ ᠦᠭᠡᠢ ᠵᠣᠷᠢᠭᠤᠯᠬᠤ ᠨᠡᠶᠢᠲᠡᠯᠢᠭ ᠬᠥᠮᠥᠨ ᠪᠣᠯᠣᠨ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠤᠨ ᠤᠬᠠᠭᠤᠯᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠲᠡᠷᠢᠭᠦᠨ ᠤ ᠬᠢ ᠠᠴᠠ ᠰᠤᠷᠤᠯᠴᠠᠵᠤ᠂ ᠨᠡᠶᠢᠲᠡᠯᠢᠭ ᠵᠢᠱᠢᠶ᠎ᠡ ᠪᠣᠯᠭᠠᠬᠤ ᠪᠠᠷ ᠴᠢᠷᠮᠠᠶᠢᠵᠤ᠂ ᠰᠠᠶᠢᠨ ᠰᠠᠶᠢᠬᠠᠨ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠣᠭᠰᠠᠨ ᠲᠤᠷᠰᠢᠯᠭ᠎ᠠ ᠪᠣᠯᠣᠨ ᠰᠠᠶᠢᠨ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠪᠠᠬᠢᠵᠢᠭᠦᠯᠵᠦ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠤᠨ ᠰᠦᠪᠡᠭᠴᠢ ᠶᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠣᠷᠪᠤᠯᠵᠢᠯᠠᠬᠴᠢ᠄ ᠵᠣᠤ ᠯᠢᠩ ᠾᠦᠢ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号