ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠵᠣᠬᠢᠶᠠᠮᠠᠯ ᠤᠶᠤᠨ ᠴᠢᠳᠠᠪᠤᠷᠢ ᠶᠢᠨ ᠡᠷᠳᠡᠮ ᠰᠢᠨᠵᠢᠯᠡᠭᠡᠨ ᠤ ᠶᠡᠭᠡ ᠬᠤᠷᠠᠯ ᠭᠦᠭᠡᠬᠤᠳᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2024/10/17
     10 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠵᠣᠬᠢᠶᠠᠮᠠᠯ ᠤᠶᠤᠨ ᠴᠢᠳᠠᠪᠤᠷᠢ ᠶᠢᠨ ᠡᠷᠳᠡᠮ ᠰᠢᠨᠵᠢᠯᠡᠭᠡᠨ ᠤ ᠶᠡᠭᠡ ᠬᠤᠷᠠᠯ ᠭᠦᠭᠡᠬᠤᠳᠠ ᠳᠤ ᠶᠠᠪᠤᠭᠳᠠᠪᠠ᠃  ᠳᠤᠰ ᠡᠳᠦᠷ ᠪᠠᠰᠠ ᠳᠤᠮᠳᠠᠳᠤ ᠤᠯᠤᠰ ᠤᠨ ᠵᠣᠬᠢᠶᠠᠮᠠᠯ ᠤᠶᠤᠨ ᠴᠢᠳᠠᠪᠤᠷᠢ ᠶᠢᠨ ᠨᠡᠶᠢᠭᠡᠮᠯᠢᠭ ᠤᠨ ᠥᠪᠥᠷ ᠮᠣᠩᠭᠤᠯ ᠤᠨ ᠬᠤᠪᠢᠶᠠᠷᠢ ᠬᠡᠯᠲᠡᠰ᠂ ᠳᠤᠮᠳᠠᠳᠤ ᠤᠯᠤᠰ ᠤᠨ ᠤᠶᠤᠨ ᠴᠢᠳᠠᠪᠤᠷᠢ ᠶᠢᠨ ᠰᠢᠨᠵᠢᠯᠡᠭᠡᠨ ᠤ ᠨᠡᠶᠢᠭᠡᠮᠯᠢᠭ ᠤᠨ ᠵᠠᠯᠠᠭᠤ ᠰᠢᠨᠵᠢᠯᠡᠬᠦ ᠤᠬᠠᠭᠠᠨᠲᠠᠨ ᠤ ᠺᠯᠦ᠋ᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨ ᠴᠢᠳᠠᠪᠤᠷᠢ ᠶᠢᠨ ᠰᠢᠨᠵᠢᠯᠡᠭᠡᠨ ᠤ ᠨᠡᠶᠢᠭᠡᠮᠯᠢᠭ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠢᠷᠡᠭᠡᠳᠦᠢ ᠶᠢᠨ ᠰᠢᠨᠵᠢᠯᠡᠬᠦ ᠤᠬᠠᠭᠠᠨ ᠪᠠ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠴᠢᠬᠤᠯᠠ ᠰᠤᠷᠭᠠᠨ ᠬᠥᠮᠦᠵᠢᠯ ᠪᠠ ᠡᠷᠳᠡᠮ ᠰᠢᠨᠵᠢᠯᠡᠭᠡᠨ ᠤ ᠪᠠᠶᠢᠭᠤᠯᠤᠮᠵᠢ ᠫᠠᠶᠢᠰᠠ ᠡᠯᠭᠦᠨ ᠪᠠᠶᠢᠭᠤᠯᠤᠭᠳᠠᠵᠤ᠂ ᠥᠪᠥᠷ ᠮᠣᠩᠭᠤᠯ ᠤᠨ ᠵᠣᠬᠢᠶᠠᠮᠠᠯ ᠤᠶᠤᠨ ᠴᠢᠳᠠᠪᠤᠷᠢ ᠶᠢᠨ ᠡᠷᠳᠡᠮ ᠰᠢᠨᠵᠢᠯᠡᠭᠡᠨ ᠤ  ᠰᠢᠨ᠎ᠡ ᠪᠠᠶᠢᠳᠠᠯ ᠢ  ᠨᠡᠭᠡᠭᠡᠵᠡᠢ᠃      ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠰᠤᠳᠤᠯᠭᠠᠨ ᠤ ᠬᠦᠷᠢᠶᠡᠯᠡᠩ ᠵᠢᠴᠢ ᠬᠡᠳᠦᠨ ᠲᠣᠮᠣ ᠪᠠᠶᠢᠭᠤᠯᠤᠮᠵᠢ ᠶᠢᠨ ᠵᠡᠷᠭᠡ ᠪᠠᠷ ᠪᠠᠶᠢᠭᠤᠯᠤᠭᠳᠠᠭᠰᠠᠨ ᠨᠢ ᠵᠣᠬᠢᠶᠠᠮᠠᠯ ᠤᠶᠤᠨ ᠴᠢᠳᠠᠪᠤᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠪᠤᠷᠢ ᠣᠯᠭᠤᠬᠤ ᠰᠢᠰᠲ᠋ᠧᠮᠲᠦ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠪᠣᠯᠣᠨ᠎ᠠ᠃ ᠡᠷᠳᠡᠮ ᠰᠢᠨᠵᠢᠯᠡᠭᠡᠨ ᠤ ᠬᠤᠷᠠᠯ ᠤᠨ ᠭᠤᠣᠯ ᠵᠤᠷᠢᠯᠳᠠᠳᠤ ᠮᠡᠳᠡᠭᠦᠯᠦᠯᠲᠡ ᠶᠢᠨ ᠭᠤᠭᠴᠤᠭ᠎ᠠ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠲᠦᠩ ᠵᠢᠢ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠵᠧᠩ ᠴᠢᠩ ᠬᠤᠸᠠ ᠫᠷᠤᠹᠧᠰᠰᠤᠷ︽ᠵᠣᠬᠢᠶᠠᠮᠠᠯ ᠣᠶᠤᠨ ᠴᠢᠳᠠᠪᠤᠷᠢ ᠶᠢᠨ ᠰᠤᠷᠭᠠᠨ ᠬᠥᠮᠦᠵᠢᠯ ᠤᠨ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠪᠠ ᠰᠢᠨ᠎ᠡ ᠶᠢ ᠡᠭᠦᠳᠬᠦ ᠳᠤ ᠴᠢᠳᠠᠪᠤᠷᠢ ᠣᠯᠭᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠮᠡᠳᠡᠭᠦᠯᠦᠯᠲᠡ ᠭᠢᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠰᠢᠦᠢ ᠽᠥᠩ ᠪᠧᠨ︽ᠵᠣᠬᠢᠶᠠᠮᠠᠯ ᠤᠶᠤᠨ ᠴᠢᠳᠠᠪᠤᠷᠢ ᠪᠣᠯᠣᠨ ᠲᠣᠭᠠᠨ ᠤ ᠤᠬᠠᠭᠠᠨ᠄ ᠠᠭᠤᠰᠤᠯᠴᠠᠨ ᠨᠡᠪᠲᠡᠷᠡᠯᠴᠡᠵᠦ ᠬᠠᠮᠲᠤ ᠪᠠᠷ ᠤᠷᠤᠭᠰᠢᠯᠠᠬᠤ ᠴᠠᠭ ᠦᠶ᠎ᠡ︾ ᠭᠡᠬᠦ ᠭᠤᠣᠯ ᠵᠣᠷᠢᠯᠲᠠᠳᠤ ᠮᠡᠳᠡᠭᠦᠯᠦᠯᠲᠡ ᠬᠢᠪᠡ᠃ ᠬᠤᠷᠠᠯ ᠤᠨ ᠬᠤᠭᠤᠴᠠᠭᠠᠨ ᠳᠤ ᠪᠠᠰᠠ ᠬᠤᠯᠪᠣᠭᠳᠠᠯ ᠪᠦᠬᠦᠢ ᠭᠤᠣᠯ ᠰᠡᠳᠦᠪᠲᠦ ᠮᠡᠳᠡᠭᠦᠯᠦᠯᠲᠡ ᠪᠣᠯᠣᠨ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ 30 ᠭᠠᠷᠤᠢ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠤ ᠣᠷᠣᠶᠢᠯᠠᠭᠰᠠᠨ ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯ ᠲᠦᠷᠦᠯ ᠤᠨ ᠳᠠᠭᠠᠭᠤᠯᠤᠭᠴᠢ ᠵᠢᠴᠢ ᠠᠵᠤ ᠠᠬᠤᠶᠢᠯᠠᠯᠲᠠᠨ ᠣᠷᠣᠯᠴᠠᠵᠤ᠂ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠠᠵᠢᠭᠯᠠᠯᠲᠠ ᠬᠢᠵᠦ᠂ ᠦᠵᠡᠯᠲᠡ ᠲᠠᠨᠢᠯᠲᠠ ᠪᠠᠨ ᠭᠦᠨᠵᠡᠭᠡᠢ ᠬᠤᠪᠢᠶᠠᠯᠴᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号