ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/18
      10 ᠰᠠᠷ᠎ᠠ ᠶᠢᠨ 17 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 16 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠮᠥᠩᠭᠦᠨ ᠨᠠᠰᠤᠨ ᠤ ᠠᠵᠢᠯᠯᠠᠭ᠎ᠠ︾ ᠶᠢᠨ ᠨᠠᠰᠤᠲᠠᠶᠢᠴᠤᠳ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠶᠢᠨ ᠲᠣᠭᠤᠷᠢᠨ ᠳᠤ᠂ ᠦᠴᠦᠸᠠᠨ ᠰᠢᠶᠠᠨ ᠤ ᠡᠯᠪᠡᠭ ᠪᠠᠶᠠᠯᠢᠭ ᠲᠡᠦᠬᠡ ᠰᠣᠶᠣᠯ ᠪᠣᠯᠣᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ᠂ ᠳᠠᠯᠠᠨ ᠬᠠᠷ᠎ᠠ ᠠᠭᠤᠯᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ᠂ ᠦᠴᠦᠸᠠᠨ ᠤ ᠮᠦᠽᠧᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠵᠢᠭᠰᠠᠭᠠᠯ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠰᠣᠶᠣᠯ ᠤᠨ ᠰᠣᠳᠣᠨ ᠪᠦᠲᠦᠭᠡᠯ ᠢ ᠨᠡᠩ ᠤᠯᠠᠨ ᠴᠢᠷᠮᠠᠶᠢᠨ ᠡᠭᠦᠳᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠴᠢᠨᠡᠭᠡᠯᠢᠭᠵᠢᠬᠦ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠥᠷᠭᠡᠨ ᠳᠡᠯᠭᠡᠷ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠮᠥᠩᠭᠦᠨ ᠨᠠᠰᠤᠨ ᠤ ᠠᠵᠢᠯᠯᠠᠭ᠎ᠠ︾ ᠶᠢᠨ ᠨᠠᠰᠤᠲᠠᠶᠢᠴᠤᠳ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠳᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠢᠶᠠᠷ ᠲᠦᠰᠢᠭ ᠪᠣᠯᠭᠠᠵᠤ᠂ ᠲᠥᠪᠯᠡᠷᠡᠭᠦᠯᠦᠨ ᠠᠰᠠᠷᠠᠬᠤ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠳᠡᠭᠡᠭᠰᠢᠯᠡᠯᠲᠡ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠨᠠᠰᠤᠲᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号