ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠪᠠ | | | | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳ᠋ᠠᠶᠢᠲ᠋ᠠ ᠶᠢᠨ ᠰᠠᠭᠤᠷᠢ ᠳᠦᠷᠢᠮ ᠢ ᠪᠠᠶᠢᠭᠤᠯᠵᠤ ᠳ᠋ᠠᠶᠢᠲ᠋ᠠ ᠶᠢᠨ | ᠡᠯᠧᠮᠧᠨ᠋ᠲ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ | ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠃ | | | | ᠳ᠋ᠠᠶᠢᠲ᠋ᠠ ᠶᠢᠨ ᠰᠠᠭᠤᠷᠢ ᠳᠦᠷᠢᠮ ᠢ ᠪᠠᠶᠢᠭᠤᠯᠵᠤ ᠳ᠋ᠠᠶᠢᠲ᠋ᠠ ᠶᠢᠨ ᠡᠯᠧᠮᠧᠨ᠋ᠲ ᠤᠨ ᠦᠢᠯᠡᠳᠦᠯ ᠢ ᠨᠠᠩ ᠰᠠᠶᠢᠲᠤᠷ | ᠪᠠᠳᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ | | | | ︽ᠳ᠋ᠠᠶᠢᠲ᠋ᠠ ᠶᠢᠨ ᠰᠠᠭᠤᠷᠢ ᠳᠦᠷᠢᠮ ᠢ ᠪᠠᠶᠢᠭᠤᠯᠵᠤ ᠳ᠋ᠠᠶᠢᠲ᠋ᠠ ᠶᠢᠨ ᠡᠯᠧᠮᠧᠨ᠋ᠲ ᠤᠨ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳ᠋ᠠᠶᠢᠲ᠋ᠠ ᠶᠢᠨ ᠡᠯᠧᠮᠧᠨ᠋ᠲ ᠤᠨ | ᠳᠠᠯᠳᠠ ᠴᠢᠳᠠᠪᠤᠷᠢ ᠶᠢ ᠬᠥᠭᠵᠢᠭᠡᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠴᠢᠩᠭᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠥ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳ᠋ᠠᠶᠢᠲ᠋ᠠ ᠶᠢᠨ ᠲᠣᠭᠲᠠᠭᠠᠯ ᠳᠤ ᠨᠡᠶᠢᠴᠡᠭᠦᠯᠦᠨ | ᠥᠨᠳᠥᠷ ᠪᠦᠲᠦᠮᠵᠢᠲᠡᠶ ᠭᠦᠢᠯᠭᠡᠭᠡᠨ ᠬᠡᠷᠡᠭᠯᠡᠬᠦ ᠶᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠳᠤ ᠬᠦᠴᠦᠨ | ᠣᠯᠭᠤᠬᠤ ᠪᠠᠷ ᠭᠤᠣᠯ ᠰᠢᠵᠢᠮ ᠪᠤᠯᠭᠠᠵᠥ᠂ ᠳ᠋ᠠᠶᠢᠲ᠋ᠠ ᠶᠢᠨ ᠥᠮᠴᠢᠯᠡᠬᠦ ᠡᠷᠬᠡ᠂ ᠭᠦᠢᠯᠭᠡᠭᠡᠨ ᠤ ᠠᠷᠠᠯᠵᠢᠶ᠎ᠠ᠂ ᠠᠰᠢᠭ | ᠣᠷᠣᠯᠭ᠎ᠠ ᠶᠢᠨ ᠬᠤᠪᠢᠶᠠᠷᠢᠯᠠᠯᠲᠠ᠂ ᠠᠮᠤᠷ ᠲᠦᠪᠰᠢᠨ ᠤ ᠵᠠᠰᠠᠯᠲᠠ ᠪᠠᠷ ᠭᠤᠣᠯᠳᠠᠯᠭ᠎ᠠ ᠪᠣᠯᠭᠠᠨ᠂ ᠵᠢᠮ᠎ᠡ ᠶᠣᠰᠣ ᠶᠢ | ᠵᠢᠷᠤᠮᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠰᠲ᠋ᠧᠮ ᠲᠠᠢ ᠲᠥᠰᠥᠪᠯᠡᠬᠦ᠂ | ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ᠂ | ᠭᠦᠢᠯᠭᠡᠭᠡ ᠶᠢ ᠠᠬᠢᠭᠤᠯᠬᠤ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠲᠡᠭᠦ ᠶᠢ ᠪᠠᠷᠢᠮᠲᠠᠯᠠᠵᠤ᠂ ᠳ᠋ᠠᠶᠢᠲ᠋ᠠ ᠶᠢᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠳ᠋ᠠᠶᠢᠲ᠋ᠠ ᠶᠢᠨ ᠡᠯᠧᠮᠧᠨ᠋ᠲ ᠤᠨ ᠥᠷᠲᠡᠭ ᠤᠨ ᠴᠡᠪᠡᠷ ᠠᠰᠢᠭ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠠᠵᠤ | ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | 2025 ᠣᠨ ᠪᠤᠯᠬᠤ ᠳᠤ᠂ ᠨᠢᠭᠡ ᠪᠦᠯᠦᠭ ᠥᠪᠥᠷ ᠮᠣᠩᠭᠤᠯ ᠤᠨ ᠣᠨᠴᠠᠯᠢᠭ ᠲᠠᠢ ᠳ᠋ᠠᠶᠢᠲ᠋ᠠ ᠶᠢᠨ ᠳᠦᠷᠢᠮ | ᠪᠠ ᠵᠢᠷᠤᠮᠵᠢᠯ ᠢ ᠠᠩᠬ᠎ᠠ ᠠᠯᠬᠤᠮ ᠪᠦᠷᠢᠯᠳᠦᠭᠦᠯᠵᠦ᠂ ᠳ᠋ᠠᠶᠢᠲ᠋ᠠ ᠶᠢᠨ ᠢᠷᠡᠯᠲᠡ ᠶᠢ ᠨᠤᠲᠠᠯᠠᠵᠤ ᠪᠤᠯᠬᠤ᠂ ᠬᠡᠷᠡᠭᠯᠡᠬᠦ | ᠬᠡᠪᠴᠢᠶ᠎ᠡ ᠶᠢ ᠵᠠᠭᠠᠭᠯᠠᠨ ᠲᠣᠭᠲᠠᠭᠠᠵᠤ ᠪᠤᠯᠬᠤ᠂ ᠭᠦᠢᠯᠭᠡᠭᠡᠨ ᠤ ᠶᠠᠪᠤᠴᠠ ᠶᠢ ᠮᠥᠷᠳᠡᠵᠦ ᠪᠤᠯᠬᠤ᠂ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠵᠦ ᠪᠣᠯᠬᠤᠶᠢᠴᠠ ᠣᠯᠠᠨ ᠲᠠᠰ ᠳᠠᠪᠬᠤᠷᠭ᠎ᠠ ᠶᠢᠨ ᠳ᠋ᠠᠶᠢᠲ᠋ᠠ ᠶᠢᠨ ᠨᠠᠶᠢᠳᠠᠪᠤᠷᠢᠲᠠᠢ | ᠭᠦᠢᠯᠭᠡᠭᠡᠨ ᠤ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠳ᠋ᠠᠶᠢᠲ᠋ᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠣᠯᠭᠤᠭᠰᠠᠨ ᠨᠢᠭᠡ ᠪᠦᠯᠦᠭ ᠰᠢᠨ᠎ᠡ ᠶᠢ ᠡᠭᠦᠳᠦᠭᠰᠡᠨ ᠬᠡᠷᠡᠭᠯᠡᠭᠡᠨ ᠤ ᠪᠠᠶᠢᠳᠠᠯ ᠢ | ᠬᠤᠷᠠᠮᠳᠤᠭᠤᠯᠤᠨ᠂ ᠨᠢᠭᠡ ᠪᠦᠯᠦᠭ ᠲᠤᠰᠬᠠᠢ ᠮᠡᠷᠭᠡᠵᠢᠭᠰᠡᠨ ᠳ᠋ᠠᠶᠢᠲ᠋ᠠ ᠶᠢᠨ ᠡᠯᠧᠮᠧᠨ᠋ᠲ ᠤᠨ ᠭᠡᠯᠪᠡᠷᠢ ᠶᠢᠨ ᠠᠵᠤ | ᠠᠬᠤᠶᠢᠯᠠᠯ ᠢ ᠴᠤᠭᠯᠠᠷᠠᠭᠤᠯᠤᠨ᠎ᠠ᠃ | ᠬᠤᠶᠠᠷ᠂ ᠳ᠋ᠠᠶᠢᠲ᠋ᠠ ᠶᠢᠨ ᠡᠬᠢ ᠪᠠᠶᠠᠯᠢᠭ ᠤᠨ ᠰᠠᠭᠤᠷᠢ ᠶᠢ ᠪᠠᠬᠢᠵᠢᠭᠦᠯᠦᠨ᠎ᠡ | ︵ᠨᠢᠭᠡ︶ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮ ᠢ ᠪᠠᠶᠢᠭᠤᠯᠤᠨ᠎ᠠ᠃ ᠪᠦᠭᠦ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠳᠤ ᠲᠦᠰᠢᠭᠯᠡᠨ᠂ | ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠰᠢᠰᠲ᠋ᠧᠮ ᠪᠠ ᠳ᠋ᠠᠶᠢᠲ᠋ᠠ ᠶᠢᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠎ᠠ᠃ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠡᠬᠡ | ᠲᠠᠩᠰᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠢ ᠬᠠᠮᠤᠷᠤᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠨᠠᠷᠢᠨ ᠲᠠᠩᠰᠠ᠂ ᠳ᠋ᠠᠶᠢᠲ᠋ᠠ ᠶᠢᠨ ᠨᠠᠷᠢᠨ ᠲᠠᠩᠰᠠ ᠶᠢ | ᠪᠦᠷᠢᠯᠳᠦᠭᠦᠯᠦᠨ᠎ᠡ᠃ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠴᠤᠭᠯᠠᠭᠤᠯᠬᠤ ᠪᠠ ᠵᠠᠰᠠᠬᠤ ᠶᠢ ᠲᠦᠷᠭᠡᠳᠬᠡᠵᠦ᠂ | ᠬᠥᠮᠥᠨ ᠠᠮᠠ᠂ ᠬᠠᠤᠯᠢ ᠶᠢᠨ ᠡᠷᠬᠡᠲᠡᠨ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠵᠠᠢ ᠭᠠᠵᠠᠷ ᠵᠦᠢ᠂ ᠢᠲᠡᠭᠡᠮᠵᠢ᠂ | ᠬᠤᠷᠸ᠎ᠠ ᠠᠵᠤ ᠠᠬᠤᠢ ᠵᠡᠷᠭᠡ ᠰᠠᠭᠤᠷᠢ ᠳ᠋ᠠᠶᠢᠲ᠋ᠠ ᠬᠥᠮᠥᠷᠭᠡ ᠪᠠ ᠬᠠᠮᠢᠶ᠎ᠠ ᠪᠦᠬᠦᠢ ᠭᠤᠣᠯ ᠰᠡᠳᠦᠪᠲᠦ ︵ᠲᠤᠰᠬᠠᠢ | ᠰᠡᠳᠦᠪᠲᠦ︶ ᠳ᠋ᠠᠶᠢᠲ᠋ᠠ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠶᠢ ᠭᠠᠵᠠᠷ ᠣᠷᠣᠨ᠂ ᠰᠠᠯᠠᠭ᠎ᠠ | ᠮᠥᠴᠢᠷ᠂ ᠠᠵᠢᠯ ᠲᠥᠷᠥᠯ ᠤᠨ ᠬᠤᠭᠤᠷᠣᠨᠳᠤ ᠬᠠᠤᠯᠢ ᠶᠣᠰᠣᠭᠠᠷ ᠡᠮᠬᠢ ᠵᠢᠷᠤᠮ ᠲᠠᠢ ᠡᠷᠴᠢᠮᠵᠢᠭᠦᠯᠦᠨ ᠥᠨᠳᠥᠷ | ᠦᠷ᠎ᠡ ᠪᠦᠲᠦᠮᠵᠢᠲᠡᠶ ᠪᠠᠷ ᠬᠠᠮᠲᠤ ᠪᠠᠷ ᠡᠳ᠋ᠯᠡᠬᠦ ᠶᠢ ᠠᠬᠢᠭᠤᠯᠵᠤ᠂ ︽ᠮᠡᠳᠡᠭᠡ ᠵᠠᠩᠭᠢ ᠶᠢᠨ ᠥᠨᠥᠴᠢᠨ ᠠᠷᠠᠯ︾ ᠢ | ᠡᠪᠳᠡᠵᠦ᠂ ︽ᠳ᠋ᠠᠶᠢᠲ᠋ᠠ ᠶᠢᠨ ᠬᠤᠷᠢᠭ᠎ᠠ ᠪᠠᠬᠢᠯᠡᠯᠲᠡ︾ ᠶᠢ ᠠᠷᠢᠯᠭᠠᠨ᠎ᠠ᠃ ᠵᠠᠰᠠᠭ ᠤᠨ ᠣᠷᠳᠣᠨ ᠤ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ | ᠶᠢ ᠡᠷᠴᠢᠮᠵᠢᠭᠦᠯᠦᠨ ᠪᠠᠶᠢᠭᠤᠯᠬᠤ ᠶᠢ ᠠᠬᠢᠭᠤᠯᠤᠨ᠎ᠠ᠃ | ︵ᠬᠤᠶᠠᠷ︶ ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠪᠦᠭᠦ ᠣᠷᠣᠨ ᠤ ᠪᠣᠳᠣᠯᠲᠠ | ᠶᠢᠨ ᠬᠦᠴᠦᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠬᠤᠷᠢᠨᠭᠡᠷ ᠤᠨ ᠤᠯᠤᠰ ᠤᠨ ︽ᠵᠡᠭᠦᠨᠳᠡᠬᠢ ᠳ᠋ᠠᠶᠢᠲ᠋ᠠ ᠶᠢ ᠪᠠᠷᠠᠭᠤᠨᠳᠡᠬᠢ ᠪᠣᠳᠣᠯᠲᠠ ᠶᠢᠨ ᠬᠦᠴᠦᠨ | ᠢᠶᠠᠷ ᠲᠤᠯᠭᠠᠭᠤᠷᠢᠯᠠᠬᠤ︾ ᠪᠣᠬᠢᠷᠳᠤᠯ ᠦᠭᠡᠢ ᠪᠣᠳᠣᠯᠲᠠ ᠶᠢᠨ ᠬᠦᠴᠦᠨ ᠤ ᠲᠥᠪ ᠢ ᠭᠤᠣᠯᠳᠠᠯᠭ᠎ᠠ ᠲᠠᠢ ᠪᠦᠲᠦᠭᠡᠨ | ᠪᠠᠶᠢᠭᠤᠯᠵᠤ᠂ ᠪᠦᠭᠦ ᠤᠯᠤᠰ ᠤᠨ ᠪᠣᠬᠢᠷᠳᠤᠯ ᠦᠭᠡᠢ ᠪᠣᠳᠣᠯᠲᠠ ᠶᠢᠨ ᠬᠦᠴᠦᠨ ᠤ ᠪᠠᠲᠤᠯᠠᠭ᠎ᠠ ᠶᠢᠨ ᠰᠠᠭᠤᠷᠢᠨ ᠢ | ᠬᠦᠴᠦᠯᠡᠨ ᠪᠠᠶᠢᠭᠤᠯᠤᠨ᠎ᠠ᠃ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠲᠠ ᠶᠢᠨ ᠬᠦᠴᠦᠨ ᠤ ᠲᠣᠣᠷ | ᠤᠨ ᠥᠪᠥᠷ ᠮᠣᠩᠭᠤᠯ ᠤᠨ ᠬᠦᠢᠰᠦ ᠴᠡᠭ ᠪᠣᠯᠣᠨ ᠲᠣᠮᠣ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠳᠣᠯᠲᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠬᠤ ᠴᠢᠳᠠᠪᠤᠷᠢ᠂ ᠳ᠋ᠠᠶᠢᠲ᠋ᠠ ᠬᠠᠳᠠᠭᠠᠯᠠᠬᠤ ᠪᠠ ᠪᠣᠳᠣᠯᠲᠠ ᠶᠢᠨ ᠬᠦᠴᠦᠨ ᠢᠶᠠᠷ ᠲᠤᠯᠭᠠᠭᠤᠷᠢᠯᠠᠬᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠳ᠋ᠠᠶᠢᠲ᠋ᠠ ᠶᠢᠨ ᠲᠥᠪ ᠤᠨ ᠬᠡᠪᠴᠢᠶᠡᠵᠢᠯ ᠤᠨ ᠳᠠᠪᠠᠭᠤᠯᠢᠭ ᠢ | ᠳ᠋ᠠᠶᠢᠲ᠋ᠠ ᠶᠢᠨ ᠡᠬᠢ ᠪᠠᠶᠠᠯᠢᠭ ᠤᠨ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | ᠠᠵᠤ ᠦᠢᠯᠡᠳᠪᠦᠷᠢ᠂ ᠡᠨᠧᠷᠭᠢ᠂ ᠠᠭᠤᠷᠬᠠᠢ ᠶᠢᠨ ᠭᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠵᠢᠭᠤᠯᠴᠢᠯᠠᠯ᠂ | ᠲᠠᠷᠢᠶᠠᠯᠠᠩ ᠮᠠᠯ ᠠᠵᠤ ᠠᠬᠤᠢ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠣᠶᠤᠨᠴᠢ ᠪᠠᠷ ᠴᠤᠭᠯᠠᠭᠤᠯᠬᠤ | ᠦᠵᠦᠭᠦᠷᠯᠢᠭ ᠤᠨ ᠪᠠᠶᠢᠷᠢᠯᠠᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠳ᠋ᠠᠶᠢᠲ᠋ᠠ ᠶᠢ ᠠᠦ᠋ᠲ᠋ᠣ᠋ ᠪᠠᠷ | ᠴᠤᠭᠯᠠᠭᠤᠯᠬᠤ ᠶᠢ ᠪᠡᠶᠡᠯᠡᠭᠦᠯᠦᠨ᠎ᠡ᠃ ᠲᠠᠪᠤᠳᠤᠭᠠᠷ ᠦᠶ᠎ᠡ ᠶᠢᠨ ᠰᠢᠯᠵᠢᠮᠡᠯ ᠴᠢᠮᠡᠭᠡ ᠬᠤᠯᠪᠤᠭ᠎ᠠ ᠶᠢᠨ ᠲᠣᠣᠷ ᠰᠦᠯᠵᠢᠶ᠎ᠡ | ︵5G︶᠂ ᠪᠠᠷᠠᠭᠠᠨ ᠤ ᠰᠦᠯᠵᠢᠶ᠎ᠡ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠲᠣᠣᠷ | ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠺᠸᠠᠨ᠋ᠲ ᠴᠢᠮᠡᠭᠡ ᠬᠤᠯᠪᠤᠭ᠎ᠠ ᠶᠢᠨ ᠲᠣᠣᠷ | ᠰᠦᠯᠵᠢᠶ᠎ᠡ᠂ ᠴᠥᠷᠬᠡᠯᠡᠭᠡ ᠳ᠋ᠠᠶᠢᠲ᠋ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠢᠳᠡᠪᠬᠢᠲᠡᠢ ᠪᠠᠷ ᠪᠠᠶᠢᠭᠤᠯᠵᠤ᠂ | ᠳᠠᠭᠠᠭᠤᠯᠢ ᠣᠳᠣᠨ ᠤ ᠢᠨᠲ᠋ᠧᠷ ᠰᠦᠯᠵᠢᠶ᠎ᠡ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠭᠤᠯᠤᠨ᠎ᠠ᠃ ᠪᠦᠭᠦ | ᠣᠷᠣᠨ ᠤ ᠪᠣᠳᠣᠯᠲᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠪᠣᠳᠣᠯᠲᠠ ᠶᠢᠨ ᠬᠦᠴᠦᠨ ᠤ | ᠪᠦᠷᠢᠯᠳᠦᠯ ᠢ ᠲᠣᠳᠣᠷᠬᠠᠢ ᠪᠣᠯᠭᠠᠨ᠎ᠠ᠃ ᠳ᠋ᠠᠶᠢᠲ᠋ᠠ ᠶᠢᠨ ᠭᠠᠮᠰᠢᠭ ᠠᠴᠠ ᠰᠡᠷᠭᠡᠶᠢᠯᠡᠬᠦ ᠲᠥᠪ ᠤᠨ ᠪᠠᠶᠢᠭᠤᠯᠤᠯᠲᠠ ᠶᠢ | ᠴᠢᠩᠭᠠᠳᠬᠠᠵᠤ᠂ ᠭᠠᠮᠰᠢᠭ ᠠᠴᠠ ᠰᠡᠷᠭᠡᠶᠢᠯᠡᠬᠦ ᠪᠡᠯᠡᠳᠬᠡᠯ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠢᠲᠡᠭᠡᠮᠵᠢᠲᠦ ᠳ᠋ᠠᠶᠢᠲ᠋ᠠ ᠶᠢᠨ ᠣᠷᠣᠨ ᠵᠠᠢ᠂ ᠨᠢᠭᠤᠴᠠᠯᠠᠨ ᠪᠤᠳᠤᠬᠤ ᠵᠡᠷᠭᠡ ᠵᠠᠩᠭᠢᠯᠠᠭ᠎ᠠ ᠶᠢᠨ ᠳ᠋ᠠᠶᠢᠲ᠋ᠠ ᠮᠡᠷᠭᠡᠵᠢᠯ ᠳᠤ | ᠰᠠᠭᠤᠷᠢᠯᠠᠭᠰᠠᠨ ᠢᠲᠡᠭᠡᠮᠵᠢᠲᠦ ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | ᠭᠤᠷᠪᠠ᠂ ᠳ᠋ᠠᠶᠢᠲ᠋ᠠ ᠶᠢᠨ ᠡᠷᠬᠡ ᠶᠢ ᠨᠤᠲᠠᠯᠠᠨ ᠡᠷᠬᠡ ᠣᠯᠭᠤᠵᠤ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ | ︵ᠭᠤᠷᠪᠠ︶ ᠣᠯᠠᠨ ᠨᠡᠶᠢᠲᠡ ᠶᠢᠨ ᠳ᠋ᠠᠶᠢᠲ᠋ᠠ ᠶᠢᠨ ᠡᠷᠬᠡ ᠶᠢ ᠨᠤᠲᠠᠯᠠᠨ ᠲᠣᠭᠲᠠᠭᠠᠵᠤ ᠡᠷᠬᠡ ᠣᠯᠭᠤᠬᠤ | ᠲᠣᠭᠲᠠᠴᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠ | ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳ᠋ᠠᠶᠢᠲ᠋ᠠ ᠴᠤᠭᠯᠠᠭᠤᠯᠬᠤ᠂ | ᠬᠤᠷᠠᠮᠳᠤᠭᠤᠯᠬᠤ᠂ ᠬᠠᠮᠲᠤ ᠪᠠᠷ ᠭᠦᠷᠳᠡᠭᠦ᠂ ᠨᠡᠭᠡᠭᠡᠯᠲᠡ ᠬᠢᠬᠦ᠂ ᠡᠷᠬᠡ ᠣᠯᠭᠤᠨ ᠠᠵᠢᠯᠯᠠᠭᠤᠯᠬᠤ᠂ ᠬᠡᠷᠡᠭᠯᠡᠬᠦ᠂ ᠬᠠᠮᠢᠶᠠᠷᠬᠤ | ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠳ᠋ᠠᠶᠢᠲ᠋ᠠ ᠶᠢ ᠴᠢᠯᠦᠭᠡᠲᠡᠢ ᠪᠤᠯᠭᠠᠬᠤ ᠪᠠ ᠡᠷᠬᠡ | ᠣᠯᠭᠤᠨ ᠠᠵᠢᠯᠯᠠᠭᠤᠯᠬᠤ ᠶᠢ ᠢᠳᠡᠪᠬᠢᠲᠡᠢ ᠠᠬᠢᠭᠤᠯᠵᠤ᠂ ᠣᠯᠠᠨ ᠨᠡᠶᠢᠲᠡ ᠶᠢᠨ ᠳ᠋ᠠᠶᠢᠲ᠋ᠠ ᠶᠢ ᠡᠷᠬᠡ ᠣᠯᠭᠤᠨ | ᠠᠵᠢᠯᠯᠠᠭᠤᠯᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠣᠯᠠᠨ ᠨᠡᠶᠢᠲᠡ ᠶᠢᠨ ᠳ᠋ᠠᠶᠢᠲ᠋ᠠ ᠶᠢ ᠬᠠᠨᠳᠤᠯᠭ᠎ᠠ | ᠲᠠᠢ ᠪᠠᠷ ᠨᠡᠭᠡᠭᠡᠯᠲᠡ ᠬᠢᠬᠦ᠂ ᠡᠷᠬᠡ ᠣᠯᠭᠤᠨ ᠨᠡᠭᠡᠭᠡᠯᠲᠡ ᠬᠢᠬᠦ ᠵᠡᠷᠭᠡ ᠭᠤᠶᠤᠴᠢᠯᠠᠨ ᠬᠢᠨᠠᠨ ᠵᠥᠪᠰᠢᠶᠡᠷᠡᠬᠦ ᠳᠦᠷᠢᠮ ᠢ | ᠪᠠᠶᠢᠭᠤᠯᠵᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠬᠰᠠᠨ᠂ ᠲᠥᠷᠥᠯ ᠲᠠᠰ ᠬᠤᠪᠢᠶᠠᠭᠰᠠᠨ᠂ ᠠᠮᠤᠷ | ᠲᠦᠪᠰᠢᠨ ᠡᠵᠡᠮᠳᠡᠵᠦ ᠪᠤᠯᠬᠤ᠂ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠣᠯᠠᠨ ᠨᠡᠶᠢᠲᠡ ᠶᠢᠨ ᠳ᠋ᠠᠶᠢᠲ᠋ᠠ ᠶᠢ | ᠨᠡᠭᠡᠭᠡᠯᠲᠡ ᠬᠢᠬᠦ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠪᠡᠶᠡᠯᠡᠭᠦᠯᠦᠨ᠂ ︽ᠳ᠋ᠠᠶᠢᠲ᠋ᠠ ᠶᠢᠨ ᠥᠨᠥᠴᠢᠨ ᠠᠷᠠᠯ︾ ᠢ ᠡᠪᠳᠡᠨ᠎ᠡ᠃ | ︵ᠳᠥᠷᠪᠡ︶ ᠠᠵᠤ ᠠᠬᠤᠶᠢᠯᠠᠯ ᠤᠨ ᠳ᠋ᠠᠶᠢᠲ᠋ᠠ ᠶᠢᠨ ᠡᠷᠬᠡ ᠶᠢ ᠨᠤᠲᠠᠯᠠᠨ ᠡᠷᠬᠡ ᠣᠯᠭᠤᠬᠤ ᠲᠣᠭᠲᠠᠴᠠ | ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠳ᠋ᠠᠶᠢᠲ᠋ᠠ ᠶᠢ ᠲᠥᠷᠥᠯ ᠲᠠᠰ ᠬᠤᠪᠢᠶᠠᠵᠤ ᠡᠷᠬᠡ ᠶᠢ ᠨᠤᠲᠠᠯᠠᠨ | ᠡᠷᠬᠡ ᠣᠯᠭᠤᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠳᠡᠮᠵᠢᠵᠦ᠂ ᠠᠵᠤ ᠠᠬᠤᠶᠢᠯᠠᠯ ᠤᠨ ᠬᠠᠤᠯᠢ | ᠲᠣᠭᠲᠠᠭᠠᠯ ᠶᠣᠰᠣᠭᠠᠷ ᠳ᠋ᠠᠶᠢᠲ᠋ᠠ ᠠᠴᠠ ᠠᠰᠢᠭ ᠣᠯᠬᠤ ᠡᠷᠬᠡ ᠠᠰᠢᠭ ᠢ ᠣᠯᠬᠤ᠂ ᠬᠡᠷᠡᠭᠯᠡᠬᠦ᠂ ᠭᠦᠷᠳᠡᠭᠦ ᠶᠢ ᠪᠠᠲᠤᠯᠠᠵᠤ᠂ | ᠡᠯ᠎ᠡ ᠲᠥᠷᠥᠯ ᠤᠨ ᠠᠵᠤ ᠠᠬᠤᠶᠢᠯᠠᠯ ᠤᠨ ᠳ᠋ᠠᠶᠢᠲ᠋ᠠ ᠶᠢᠨ ᠡᠯᠧᠮᠧᠨ᠋ᠲ ᠤᠨ ᠬᠠᠩᠭᠠᠯᠭ᠎ᠠ ᠶᠢ ᠴᠢᠩᠭᠠᠳᠬᠠᠨ᠂ ᠳ᠋ᠠᠶᠢᠲ᠋ᠠ ᠶᠢ | ᠠᠭᠤᠰᠤᠯᠴᠠᠭᠤᠯᠤᠨ ᠰᠢᠨ᠎ᠡ ᠶᠢ ᠡᠭᠦᠳᠬᠦ ᠶᠢ ᠥᠷᠨᠢᠭᠦᠯᠵᠦ᠂ ᠲᠡᠳᠡᠨ ᠤ ᠣᠷᠣᠭᠤᠯᠤᠭᠰᠠᠨ ᠭᠦᠳᠡᠯᠮᠦᠷᠢ ᠪᠠ ᠪᠤᠰᠤᠳ | ᠡᠯᠧᠮᠧᠨ᠋ᠲ ᠤᠨ ᠬᠤᠪᠢ ᠨᠡᠮᠡᠷᠢ ᠶᠢᠨ ᠵᠦᠢ ᠵᠣᠬᠢᠰᠲᠠᠢ ᠬᠠᠷᠢᠭᠤ ᠣᠯᠭᠤᠮᠵᠢ ᠣᠯᠬᠤ ᠶᠢ ᠪᠠᠲᠤᠯᠠᠨ᠎ᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡ᠂ ᠡᠨᠧᠷᠭᠢ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ | ᠠᠬᠤᠢ ᠵᠡᠷᠭᠡ ᠠᠵᠢᠯ ᠲᠥᠷᠥᠯ ᠤᠨ ᠬᠦᠷᠢᠶ᠎ᠡ ᠪᠠᠷ ᠭᠤᠣᠯᠳᠠᠯᠭ᠎ᠠ ᠪᠣᠯᠭᠠᠨ᠂ ᠠᠵᠤ ᠠᠬᠤᠶᠢᠯᠠᠯ ᠤᠨ ᠳ᠋ᠠᠶᠢᠲ᠋ᠠ ᠳᠤ ᠡᠷᠬᠡ | ᠣᠯᠭᠤᠨ ᠬᠡᠷᠡᠭᠯᠡᠭᠦᠯᠬᠦ ᠰᠢᠨ᠎ᠡ ᠲᠣᠭᠲᠠᠴᠠ ᠪᠠ ᠰᠢᠨ᠎ᠡ ᠵᠠᠭᠪᠤᠷ ᠢ ᠪᠠᠶᠢᠭᠤᠯᠤᠨ᠎ᠠ᠃ ᠲᠣᠮᠣ ᠭᠡᠯᠪᠡᠷᠢ ᠶᠢᠨ ᠠᠵᠤ | ᠠᠬᠤᠶᠢᠯᠠᠯ᠂ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠤᠨ ᠳᠤᠮᠳᠠ ᠪᠠᠭ᠎ᠠ ᠵᠢᠵᠢᠭ ᠠᠵᠤ | ᠠᠬᠤᠶᠢᠯᠠᠯ ᠯᠤᠭ᠎ᠠ ᠡᠷᠬᠡ ᠲᠡᠭᠰᠢ ᠬᠤᠣᠰ ᠴᠢᠭᠯᠡᠯ ᠢᠶᠠᠷ ᠡᠷᠬᠡ ᠣᠯᠭᠤᠵᠤ᠂ ᠳ᠋ᠠᠶᠢᠲ᠋ᠠ ᠶᠢ ᠬᠠᠮᠲᠤ ᠪᠠᠷ ᠵᠦᠢ ᠵᠣᠬᠢᠰᠲᠠᠢ | ᠬᠡᠷᠡᠭᠯᠡᠬᠦ ᠶᠢ ᠳᠠᠮᠵᠢᠨ᠎ᠡ᠃ ︽ᠡᠭᠦᠯᠡᠨ ᠪᠣᠳᠣᠯᠲᠠ ᠶᠢ ᠠᠰᠢᠭᠯᠠᠵᠤ ᠲᠣᠮᠣ ᠳ᠋ᠠᠶᠢᠲ᠋ᠠ ᠮᠡᠷᠭᠡᠵᠢᠯ ᠢ ᠬᠡᠷᠡᠭᠯᠡᠵᠦ ᠣᠶᠤᠨᠴᠢ | ᠴᠢᠳᠠᠪᠬᠢ ᠨᠡᠮᠡᠷᠢᠯᠡᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ | ᠣᠶᠤᠨ ᠴᠢᠳᠠᠪᠤᠷᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ | ᠳ᠋ᠠᠶᠢᠲ᠋ᠠ ᠵᠠᠳᠠᠯᠤᠯᠲᠠ᠂ ᠳ᠋ᠠᠶᠢᠲ᠋ᠠ ᠬᠡᠷᠡᠭᠯᠡᠯᠲᠡ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠲᠣᠭᠠᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ︵ᠲᠠᠪᠤ︶ ᠬᠤᠪᠢ ᠬᠥᠮᠥᠨ ᠤ ᠮᠡᠳᠡᠭᠡ ᠵᠠᠩᠭᠢ ᠶᠢᠨ ᠳ᠋ᠠᠶᠢᠲ᠋ᠠ ᠶᠢᠨ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠨ᠎ᠠ᠃ ᠬᠤᠪᠢ ᠬᠥᠮᠥᠨ ᠤ ᠥᠪᠡᠷ ᠤᠨ ᠮᠡᠳᠡᠭᠡ ᠵᠠᠩᠭᠢ ᠶᠢᠨ ᠳ᠋ᠠᠶᠢᠲ᠋ᠠ ᠪᠠᠨ ᠭᠤᠷᠪᠠᠳᠠᠭᠢ ᠡᠲᠡᠭᠡᠳ ᠲᠤ | ᠡᠷᠬᠡ ᠣᠯᠭᠤᠨ ᠨᠠᠶᠢᠳᠠᠨ ᠬᠠᠮᠢᠶᠠᠷᠤᠭᠤᠯᠬᠤ ᠶᠢ ᠵᠣᠷᠢᠭᠵᠢᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢᠨ | ᠳ᠋ᠠᠶᠢᠲ᠋ᠠ ᠶᠢᠨ ᠡᠷᠬᠡ ᠠᠰᠢᠭ ᠢ ᠴᠢᠩᠭ᠎ᠠ ᠬᠠᠮᠠᠭᠠᠯᠠᠭᠰᠠᠨ ᠤᠷᠢᠲᠠᠯ ᠳᠣᠣᠷ᠎ᠠ᠂ ᠳ᠋ᠠᠶᠢᠲ᠋ᠠ ᠰᠢᠢᠳᠪᠦᠷᠢᠯᠡᠭᠴᠢ ᠠᠴᠠ | ᠬᠤᠪᠢ ᠬᠥᠮᠥᠨ ᠤ ᠡᠷᠬᠡ ᠣᠯᠭᠤᠭᠰᠠᠨ ᠬᠡᠪᠴᠢᠶ᠎ᠡ ᠶᠣᠰᠣᠭᠠᠷ ᠳ᠋ᠠᠶᠢᠲ᠋ᠠ ᠶᠢ ᠬᠠᠤᠯᠢ ᠲᠣᠭᠲᠠᠭᠠᠯ ᠶᠣᠰᠣᠭᠠᠷ | ᠴᠤᠭᠯᠠᠭᠤᠯᠬᠤ᠂ ᠡᠵᠡᠮᠰᠢᠬᠦ᠂ ᠨᠠᠶᠢᠳᠠᠨ ᠬᠠᠮᠢᠶᠠᠷᠤᠭᠤᠯᠬᠤ ᠪᠠ ᠬᠡᠷᠡᠭᠯᠡᠬᠦ ᠶᠢ ᠡᠮᠬᠢ ᠵᠢᠷᠤᠮ ᠲᠠᠢ ᠠᠬᠢᠭᠤᠯᠤᠨ᠎ᠠ᠃ ᠠᠵᠤ | ᠠᠬᠤᠶᠢᠯᠠᠯ ᠤᠨ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ | ᠬᠤᠪᠢ ᠬᠥᠮᠥᠨ ᠤ ᠮᠡᠳᠡᠭᠡ ᠵᠠᠩᠭᠢ ᠶᠢ ᠨᠡᠷ᠎ᠡ ᠪᠤᠷᠤᠭᠤᠯᠠᠨ ᠰᠢᠢᠳᠪᠦᠷᠢᠯᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃ | ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠤᠪᠢ ᠬᠥᠮᠥᠨ ᠤ ᠮᠡᠳᠡᠭᠡ | ᠵᠠᠩᠭᠢ ᠶᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠵᠢᠷᠭᠤᠭ᠎ᠠ︶ ᠳ᠋ᠠᠶᠢᠲ᠋ᠠ ᠶᠢᠨ ᠡᠳ᠋ ᠬᠥᠷᠥᠩᠭᠡ ᠶᠢ ᠳᠡᠩᠰᠡᠯᠡᠨ ᠦᠨᠡᠯᠡᠬᠦ ᠰᠢᠰᠲ᠋ᠧᠮ ᠢ ᠪᠠᠶᠢᠭᠤᠯᠤᠨ | ᠪᠦᠷᠢᠨᠰᠢᠭᠦᠯᠦᠨ᠎ᠡ᠃ ᠳ᠋ᠠᠶᠢᠲ᠋ᠠ ᠶᠢᠨ ᠡᠳ᠋ ᠬᠥᠷᠥᠩᠭᠡ ᠶᠢ ᠳᠡᠩᠰᠡᠯᠡᠨ ᠬᠠᠮᠢᠶᠠᠷᠬᠤ ᠠᠷᠭ᠎ᠠ ᠶᠢ ᠲᠣᠭᠲᠠᠭᠠᠵᠤ᠂ | ᠳ᠋ᠠᠶᠢᠲ᠋ᠠ ᠶᠢᠨ ᠡᠳ᠋ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠳᠦᠷᠢᠮ ᠢ ᠪᠠᠶᠢᠭᠤᠯᠤᠨ᠂ ᠳ᠋ᠠᠶᠢᠲ᠋ᠠ ᠶᠢᠨ ᠡᠳ᠋ | ᠬᠥᠷᠥᠩᠭᠡ ᠶᠢᠨ ᠳᠡᠩᠰᠡᠯᠡᠨ ᠲᠡᠮᠳᠡᠭᠯᠡᠭᠰᠡᠨ ᠦᠨᠡᠮᠯᠡᠯ ᠢ ᠪᠤᠶ ᠪᠤᠯᠭᠠᠬᠤ᠂ ᠬᠠᠳᠠᠭᠠᠯᠠᠬᠤ᠂ ᠴᠤᠭᠯᠠᠭᠤᠯᠤᠨ ᠨᠡᠶᠢᠯᠡᠭᠦᠯᠬᠦ᠂ | ᠡᠷᠭᠢᠯᠳᠦᠭᠦᠯᠬᠦ ᠪᠠ ᠬᠡᠷᠡᠭᠯᠡᠬᠦ ᠵᠡᠷᠭᠡ ᠭᠤᠭᠴᠤᠭ᠎ᠠ ᠳᠤ ᠪᠦᠭᠦ ᠴᠤᠪᠤᠷᠠᠯ ᠤᠨ ᠬᠠᠮᠢᠶᠠᠷᠤᠯᠲᠠ ᠬᠢᠨ᠎ᠡ᠃ ᠳ᠋ᠠᠶᠢᠲ᠋ᠠ ᠶᠢᠨ | ᠡᠳ᠋ ᠬᠥᠷᠥᠩᠭᠡ ᠶᠢ ᠳᠡᠩᠰᠡᠯᠡᠨ ᠲᠡᠮᠳᠡᠭᠯᠡᠬᠦ ᠭᠠᠷᠴᠠᠭ ᠢ ᠪᠠᠶᠢᠭᠤᠯᠵᠤ᠂ ᠳ᠋ᠠᠶᠢᠲ᠋ᠠ ᠶᠢᠨ ᠡᠳ᠋ ᠬᠥᠷᠥᠩᠭᠡ ᠶᠢ ᠳᠡᠩᠰᠡᠯᠡᠨ | ᠲᠡᠮᠳᠡᠭᠯᠡᠬᠦ ᠲᠠᠪᠴᠠᠩ ᠢ ᠪᠠᠶᠢᠭᠤᠯᠤᠨ᠂ ᠪᠦᠭᠦ ᠣᠷᠣᠨ ᠤ ᠳ᠋ᠠᠶᠢᠲ᠋ᠠ ᠶᠢᠨ ᠡᠳ᠋ ᠬᠥᠷᠥᠩᠭᠡ ᠶᠢ ᠨᠢᠭᠡᠳᠦᠯᠲᠡᠢ ᠳᠡᠩᠰᠡᠯᠡᠨ | ᠲᠡᠮᠳᠡᠭᠯᠡᠵᠦ ᠣᠷᠣᠭᠤᠯᠬᠤ ᠶᠢ ᠪᠡᠶᠡᠯᠡᠭᠦᠯᠦᠨ᠎ᠡ᠃ ᠨᠢᠭᠡ ᠪᠦᠯᠦᠭ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ | ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠲᠤᠬᠠᠶᠢᠯᠠᠭᠰᠠᠨ ᠠᠵᠢᠯ ᠤᠨ ᠠᠬᠤᠢ ᠪᠠᠶᠢᠳᠠᠯ ᠢ | ᠰᠣᠩᠭᠤᠵᠤ᠂ ᠳ᠋ᠠᠶᠢᠲ᠋ᠠ ᠶᠢᠨ ᠡᠳ᠋ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠤᠷᠰᠢᠯᠲᠠ ᠶᠢᠨ ᠴᠡᠭ ᠢ ᠤᠷᠢᠳ ᠢᠶᠠᠷ | ᠥᠷᠨᠢᠭᠦᠯᠦᠨ᠎ᠡ᠃ ᠳ᠋ᠠᠶᠢᠲ᠋ᠠ ᠶᠢᠨ ᠡᠳ᠋ ᠬᠥᠷᠥᠩᠭᠡ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠳ᠋ᠠᠶᠢᠲ᠋ᠠ ᠶᠢᠨ ᠡᠳ᠋ ᠬᠥᠷᠥᠩᠭᠡ ᠶᠢ ᠦᠨᠡᠯᠡᠨ ᠵᠢᠱᠢᠬᠦ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠶᠢ ᠠᠬᠢᠭᠤᠯᠤᠨ᠂ | ᠳ᠋ᠠᠶᠢᠲ᠋ᠠ ᠶᠢᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠵᠠᠭᠪᠤᠷ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ | ᠳ᠋ᠠᠶᠢᠲ᠋ᠠ ᠶᠢᠨ ᠡᠳ᠋ ᠬᠥᠷᠥᠩᠭᠡ ᠶᠢᠨ ᠶᠠᠰᠤ ᠴᠢᠨᠠᠷ ᠪᠠ ᠥᠷᠲᠡᠭ ᠢ ᠦᠨᠡᠯᠡᠨ ᠵᠢᠱᠢᠬᠦ ᠶᠢ ᠥᠷᠨᠢᠭᠦᠯᠦᠨ᠎ᠡ᠃ ᠮᠥᠩᠭᠦᠨ | ᠭᠦᠢᠯᠭᠡᠭᠡ᠂ ᠴᠢᠮᠡᠭᠡ ᠬᠤᠯᠪᠤᠭ᠎ᠠ᠂ ᠵᠠᠮ ᠬᠠᠷᠢᠯᠴᠠᠭ᠎ᠠ᠂ ᠡᠨᠧᠷᠭᠢ ᠵᠡᠷᠭᠡ ᠬᠦᠷᠢᠶ᠎ᠡ ᠶᠢᠨ ᠳ᠋ᠠᠶᠢᠲ᠋ᠠ ᠶᠢᠨ ᠵᠠᠰᠠᠯᠲᠠ ᠶᠢᠨ | ᠰᠠᠭᠤᠷᠢ ᠪᠠᠷ ᠨᠡᠯᠢᠶᠡᠳ ᠰᠠᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠠᠵᠤ ᠠᠬᠤᠶᠢᠯᠠᠯ ᠤᠨ ᠳ᠋ᠠᠶᠢᠲ᠋ᠠ ᠶᠢᠨ ᠡᠳ᠋ | ᠬᠥᠷᠥᠩᠭᠡ ᠳᠤ ᠵᠣᠭᠤᠰ ᠤᠨ ᠬᠡᠮᠵᠢᠯᠲᠡ ᠶᠢᠨ ᠦᠨᠡᠯᠡᠨ ᠵᠢᠱᠢᠯᠲᠡ ᠭᠢᠯᠭᠡᠵᠦ᠂ ᠳ᠋ᠠᠶᠢᠲ᠋ᠠ ᠶᠢᠨ ᠡᠳ᠋ ᠬᠥᠷᠥᠩᠭᠡ ᠶᠢ | ᠬᠦᠰᠦᠨᠦᠭ ᠲᠤ ᠣᠷᠣᠭᠤᠯᠬᠤ ᠪᠠ ᠳ᠋ᠠᠶᠢᠲ᠋ᠠ ᠶᠢᠨ ᠦᠢᠯᠡᠳᠪᠦᠷᠢᠯᠡᠯ ᠤᠨ ᠬᠦᠴᠦᠨ ᠵᠦᠢᠯ ᠢ ᠬᠥᠷᠥᠩᠭᠡᠵᠢᠭᠦᠯᠦᠨ | ᠲᠣᠭᠠᠴᠠᠭ᠎ᠠ ᠬᠢᠬᠦ ᠶᠢ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠵᠢᠭᠤᠯᠵᠤ ᠪᠠᠶᠢᠭᠠᠳ | ᠲᠦᠭᠰᠢᠭᠦᠷᠢ ᠶᠢ ᠡᠵᠡᠮᠳᠡᠵᠦ ᠳᠡᠶᠢᠯᠭᠦ ᠤᠷᠢᠲᠠᠯ ᠳᠣᠣᠷ᠎ᠠ ᠳ᠋ᠠᠶᠢᠲ᠋ᠠ ᠶᠢᠨ ᠡᠳ᠋ ᠬᠥᠷᠥᠩᠭᠡ ᠶᠢ ᠳᠠᠨᠵᠢᠯᠠᠵᠤ ᠪᠡᠯᠡ | ᠲᠣᠬᠢᠷᠠᠭᠤᠯᠬᠤ᠂ ᠳ᠋ᠠᠶᠢᠲ᠋ᠠ ᠶᠢᠨ ᠢᠲᠡᠭᠡᠮᠵᠢ᠂ ᠳ᠋ᠠᠶᠢᠲ᠋ᠠ ᠶᠢᠨ ᠡᠳ᠋ ᠬᠥᠷᠥᠩᠭᠡ ᠶᠢ ᠦᠨᠡᠲᠦ ᠲᠡᠮᠳᠡᠭᠵᠢᠭᠦᠯᠬᠦ ᠵᠡᠷᠭᠡ | ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠦᠢᠯᠡᠴᠢᠯᠡᠭᠡᠨ ᠢ ᠰᠦᠪᠡᠭᠴᠢᠯᠡᠨ ᠥᠷᠨᠢᠭᠦᠯᠵᠦ᠂ ᠳ᠋ᠠᠶᠢᠲ᠋ᠠ ᠶᠢᠨ | ᠳᠠᠨᠵᠢᠯᠠᠭᠰᠠᠨ ᠬᠠᠷᠠᠯᠲᠠ ᠶᠢ ᠰᠢᠢᠳᠪᠦᠷᠢᠯᠡᠨ ᠪᠡᠯᠡᠨ ᠵᠣᠭᠤᠰ ᠪᠤᠯᠭᠠᠬᠤ᠂ ᠲᠦᠭᠰᠢᠭᠦᠷᠢ ᠶᠢ ᠣᠷᠣᠯᠠᠨ ᠲᠥᠯᠥᠬᠦ ᠪᠠ | ᠦᠨᠡᠯᠡᠵᠦ ᠵᠢᠱᠢᠭᠰᠡᠨ ᠥᠷᠲᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠳᠥᠷᠪᠡ᠂ ᠳ᠋ᠠᠶᠢᠲ᠋ᠠ ᠶᠢᠨ ᠡᠯᠧᠮᠧᠨ᠋ᠲ ᠤᠨ ᠭᠦᠢᠯᠭᠡᠭᠡᠨ ᠤ ᠠᠷᠠᠯᠵᠢᠶᠠᠨ ᠤ ᠰᠢᠰᠲ᠋ᠧᠮ ᠢ ᠪᠠᠶᠢᠭᠤᠯᠤᠨ᠎ᠠ | ︵ᠳᠣᠯᠤᠭ᠎ᠠ︶ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠭᠦᠨᠵᠡᠭᠡᠢ ᠠᠭᠤᠳᠠᠯᠤᠨ᠎ᠠ᠃ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ | ᠪᠠᠶᠢᠴᠠᠭᠠᠯᠲᠠ ᠶᠢ ᠥᠷᠨᠢᠭᠦᠯᠵᠦ᠂ ᠵᠠᠰᠠᠭ ᠤᠨ ᠣᠷᠳᠣᠨ ᠤ ᠲᠠᠯ᠎ᠠ ᠶᠢᠨ ᠨᠡᠶᠢᠭᠡᠮ ᠤᠨ ᠳ᠋ᠠᠶᠢᠲ᠋ᠠ ᠶᠢᠨ ᠬᠡᠷᠡᠭᠴᠡᠭᠡ | ᠱᠠᠭᠠᠷᠳᠠᠯᠭ᠎ᠠ ᠪᠠ ᠨᠡᠶᠢᠭᠡᠮ ᠤᠨ ᠲᠠᠯ᠎ᠠ ᠶᠢᠨ ᠣᠯᠠᠨ ᠨᠡᠶᠢᠲᠡ ᠶᠢᠨ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢ | ᠴᠤᠭᠯᠠᠭᠤᠯᠤᠨ᠂ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠦᠷᠢᠯᠳᠦᠭᠦᠯᠵᠦ᠂ ᠣᠯᠠᠨ | ᠨᠡᠶᠢᠲᠡ ᠶᠢᠨ ᠳ᠋ᠠᠶᠢᠲ᠋ᠠ ᠶᠢᠨ ᠬᠤᠷᠠᠮᠳᠤᠭᠤᠯᠤᠨ ᠠᠰᠢᠭᠯᠠᠬᠤ ᠪᠠ ᠬᠤᠳᠠᠯᠳᠤᠭᠠᠨ ᠤ ᠳ᠋ᠠᠶᠢᠲ᠋ᠠ ᠶᠢᠨ ᠥᠷᠲᠡᠭ ᠤᠨ | ᠳᠠᠯᠳᠠ ᠴᠢᠳᠠᠪᠤᠷᠢ ᠶᠢ ᠪᠠᠳᠠᠷᠠᠭᠤᠯᠬᠤ ᠶᠢ ᠠᠬᠢᠭᠤᠯᠤᠨ᠎ᠠ᠃ ᠪᠣᠳᠣᠯᠲᠠ ᠶᠢᠨ ᠬᠦᠴᠦᠨ᠂ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ᠂ ᠠᠵᠤ ᠦᠢᠯᠡᠳᠪᠦᠷᠢ᠂ ᠴᠠᠭᠢᠯᠭᠠᠨ ᠬᠦᠴᠦᠨ᠂ ᠨᠡᠭᠦᠷᠡᠰᠦ᠂ ᠨᠡᠶᠢᠭᠡᠮ ᠤᠨ | ᠵᠠᠰᠠᠯᠲᠠ᠂ ᠠᠮᠢ ᠠᠬᠤᠢ ᠣᠷᠴᠢᠨ ᠲᠣᠭᠤᠷᠢᠨ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠵᠡᠷᠭᠡ ᠠᠵᠢᠯ | ᠲᠥᠷᠥᠯ ᠤᠨ ᠬᠦᠷᠢᠶᠡᠨ ᠳᠤ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ | ᠠᠭᠤᠳᠠᠯᠬᠤ ᠶᠢ ᠳᠡᠮᠵᠢᠵᠦ᠂ ᠣᠯᠠᠨ ᠶᠠᠩᠵᠤᠴᠢᠯᠠᠭᠰᠠᠨ ᠳ᠋ᠠᠶᠢᠲ᠋ᠠ ᠶᠢᠨ ᠦᠢᠯᠡᠳᠬᠦᠨ ᠪᠠ ᠦᠢᠯᠡᠴᠢᠯᠡᠭᠡᠨ ᠤ | ᠬᠠᠩᠭᠠᠯᠭ᠎ᠠ ᠶᠢ ᠴᠢᠩᠭᠠᠳᠬᠠᠨ᠂ ᠠᠵᠢᠯ ᠲᠥᠷᠥᠯ ᠤᠨ ᠣᠨᠴᠠᠯᠢᠭ ᠲᠠᠢ ᠳ᠋ᠠᠶᠢᠲ᠋ᠠ ᠶᠢᠨ ᠭᠦᠢᠯᠭᠡᠭᠡᠨ ᠳᠤ ᠬᠡᠷᠡᠭᠯᠡᠬᠦ | ᠲᠤᠬᠠᠶᠢᠯᠠᠭᠰᠠᠨ ᠠᠵᠢᠯ ᠤᠨ ᠰᠢᠰᠲ᠋ᠧᠮ ᠪᠠ ᠠᠵᠤ ᠦᠢᠯᠡᠰ ᠤᠨ ᠠᠮᠢ ᠠᠬᠤᠢ ᠶᠢ ᠪᠤᠶ ᠪᠣᠯᠭᠠᠨ᠎ᠠ᠃ ᠲᠣᠭᠠᠴᠢᠯᠠᠭᠰᠠᠨ | ᠠᠵᠤ ᠠᠬᠤᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠡᠭᠡ ᠬᠤᠷᠠᠯ᠂ ᠳ᠋ᠠᠶᠢᠲ᠋ᠠ ᠶᠢᠨ ᠬᠡᠷᠡᠭᠯᠡᠭᠡᠨ ᠤ ᠲᠤᠰᠬᠠᠢ | ᠰᠡᠳᠦᠪᠲᠦ ᠱᠠᠯᠤᠨ ᠵᠡᠷᠭᠡ ᠶᠢ ᠡᠷᠭᠢᠯᠡᠵᠦ᠂ ᠠᠵᠤ ᠠᠬᠤᠶᠢᠯᠠᠯ ᠤᠨ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠵᠢᠴᠢ | ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠦᠢᠯᠡᠴᠢᠯᠡᠭᠡᠨ ᠤ ᠲᠥᠰᠥᠯ ᠢ ᠴᠤᠭᠯᠠᠭᠤᠯᠤᠨ ᠨᠡᠶᠢᠲᠡᠯᠡᠨ᠎ᠡ᠃ | ᠳ᠋ᠠᠶᠢᠲ᠋ᠠ ᠶᠢᠨ ᠵᠠᠭᠤᠴᠢᠯᠠᠭᠴᠢ ᠵᠡᠷᠭᠡ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠢ ᠪᠠᠷ ᠬᠥᠲᠥᠯᠥᠨ | ᠵᠢᠯᠤᠭᠤᠳᠴᠤ ᠪᠠᠶᠢᠭᠠᠳ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ | ᠠᠭᠤᠳᠠᠯᠬᠤ ᠳᠤ ᠣᠷᠣᠯᠴᠠᠭᠤᠯᠤᠨ᠎ᠠ᠃ | ︵ᠨᠠᠢᠮᠠ︶ ᠵᠢᠷᠤᠮᠵᠢᠬᠰᠠᠨ ᠥᠨᠳᠥᠷ ᠪᠦᠲᠦᠮᠵᠢᠲᠡᠶ ᠳ᠋ᠠᠶᠢᠲ᠋ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ | ᠪᠠᠶᠢᠭᠤᠯᠤᠨ᠎ᠠ᠃ ᠤᠯᠤᠰ ᠤᠨ ᠳ᠋ᠠᠶᠢᠲ᠋ᠠ ᠶᠢᠨ ᠠᠷᠠᠯᠵᠢᠶ᠎ᠠ ᠶᠢᠨ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠶᠢᠨ ᠭᠦᠢᠯᠭᠡᠭᠡᠨ ᠤ ᠠᠷᠠᠯᠵᠢᠶ᠎ᠠ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ᠂ ᠳ᠋ᠠᠶᠢᠲ᠋ᠠ ᠶᠢᠨ ᠡᠷᠬᠡ ᠠᠰᠢᠭ᠂ ᠭᠦᠢᠯᠭᠡᠭᠡᠨ ᠤ ᠠᠷᠠᠯᠵᠢᠶ᠎ᠠ᠂ ᠬᠢᠯᠢ ᠠᠯᠤᠰᠯᠠᠨ ᠳᠠᠮᠵᠢᠭᠤᠯᠬᠤ ᠪᠠ ᠠᠮᠤᠷ | ᠲᠦᠪᠰᠢᠨ ᠢ ᠬᠠᠮᠠᠭᠠᠯᠠᠬᠤ ᠵᠡᠷᠭᠡ ᠢᠵᠢ ᠲᠥᠬᠦᠷ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠳ᠋ᠠᠶᠢᠲ᠋ᠠ ᠶᠢᠨ ᠠᠷᠠᠯᠵᠢᠶᠠᠨ ᠤ ᠲᠥᠪ ᠢ ᠲᠦᠷᠭᠡᠳᠬᠡᠨ ᠪᠠᠶᠢᠭᠤᠯᠵᠤ᠂ ᠳ᠋ᠠᠶᠢᠲ᠋ᠠ ᠶᠢᠨ ᠠᠷᠠᠯᠵᠢᠶ᠎ᠠ᠂ ᠳ᠋ᠦᠩᠨᠡᠨ | ᠪᠤᠳᠤᠬᠤ᠂ ᠲᠤᠰᠢᠶᠠᠬᠤ᠂ ᠠᠮᠤᠷ ᠲᠦᠪᠰᠢᠨ ᠤ ᠪᠠᠲᠤᠯᠠᠭ᠎ᠠ ᠵᠡᠷᠭᠡ ᠶᠡᠷᠦᠩᠬᠡᠶᠢᠯᠡᠭᠰᠡᠨ ᠢᠵᠢ ᠲᠥᠬᠦᠷ ᠦᠢᠯᠡᠴᠢᠯᠡᠭᠡᠨ ᠤ | ᠴᠢᠳᠠᠮᠵᠢ ᠶᠢ ᠪᠦᠷᠢᠨᠰᠢᠭᠦᠯᠵᠦ᠂ ᠡᠯ᠎ᠡ ᠲᠥᠷᠥᠯ ᠤᠨ ᠳ᠋ᠠᠶᠢᠲ᠋ᠠ ᠶᠢᠨ ᠬᠤᠳᠠᠯᠳᠤᠭᠠᠴᠢᠨ ᠢ ᠬᠥᠲᠥᠯᠥᠨ ᠵᠢᠯᠤᠭᠤᠳᠴᠤ | ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠵᠤ ᠠᠷᠠᠯᠵᠢᠶᠠᠯᠠᠭᠤᠯᠤᠨᠠ᠃ ᠳ᠋ᠠᠶᠢᠲ᠋ᠠ ᠶᠢᠨ ᠦᠢᠯᠡᠳᠬᠦᠨ ᠪᠠ | ᠦᠢᠯᠡᠴᠢᠯᠡᠭᠡᠨ ᠳᠤ ᠰᠠᠭᠤᠷᠢᠯᠠᠭᠰᠠᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠳ᠋ᠠᠶᠢᠲ᠋ᠠ ᠶᠢᠨ ᠠᠷᠠᠯᠵᠢᠶᠠᠨ ᠤ ᠲᠥᠪ ᠤᠨ ᠤᠷᠢᠳᠴᠢᠯᠠᠨ ᠲᠣᠭᠲᠠᠭᠠᠭᠰᠠᠨ ᠦᠨ᠎ᠡ᠂ ᠬᠤᠳᠠᠯᠳᠤᠭᠠᠯᠠᠬᠤ ᠬᠤᠶᠠᠷ | ᠲᠠᠯ᠎ᠠ ᠪᠠᠷ ᠢᠶᠠᠨ ᠵᠥᠪᠳᠡᠯᠴᠡᠨ ᠦᠨ᠎ᠡ ᠲᠣᠭᠲᠠᠭᠠᠬᠤ᠂ ᠬᠡᠷᠡᠭᠯᠡᠭᠡᠨ ᠤ ᠦᠵᠡᠭᠳᠡᠯ ᠢᠶᠠᠷ ᠵᠥᠪᠳᠡᠯᠴᠡᠨ ᠦᠨ᠎ᠡ | ᠲᠣᠭᠲᠠᠭᠠᠬᠤ ᠵᠡᠷᠭᠡ ᠵᠠᠭᠪᠤᠷ ᠢ ᠬᠥᠭᠵᠢᠭᠦᠯᠦᠨ᠎ᠡ᠃ ᠪᠦᠭᠦ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ | ᠨᠡᠶᠢᠭᠡᠮ ᠤᠨ ᠳ᠋ᠠᠶᠢᠲ᠋ᠠ ᠶᠢ ᠵᠠᠬ᠎ᠠ ᠳᠡᠯᠭᠡᠭᠦᠷ ᠲᠤ ᠣᠷᠣᠭᠤᠯᠤᠨ ᠠᠷᠠᠯᠵᠢᠶᠠᠯᠠᠬᠤ ᠶᠢ ᠠᠬᠢᠭᠤᠯᠵᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠ ᠢᠨᠲ᠋ᠧᠷ ᠰᠦᠯᠵᠢᠶ᠎ᠡ ᠶᠢᠨ ᠲᠠᠪᠴᠠᠩ ᠤᠨ ᠠᠵᠤ ᠠᠬᠤᠶᠢᠯᠠᠯ ᠤᠨ ᠣᠯᠠᠨ | ᠨᠡᠶᠢᠲᠡ ᠶᠢᠨ ᠰᠢᠨᠵᠢ ᠴᠢᠨᠠᠷ ᠲᠠᠢ ᠳ᠋ᠠᠶᠢᠲ᠋ᠠ ᠶᠢᠨ ᠡᠯᠧᠮᠧᠨ᠋ᠲ ᠢ ᠵᠠᠬ᠎ᠠ ᠳᠡᠯᠭᠡᠭᠦᠷ ᠲᠤ ᠣᠷᠣᠭᠤᠯᠤᠨ ᠠᠷᠠᠯᠵᠢᠶᠠᠯᠠᠬᠤ | ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠤᠨ᠎ᠠ᠃ | ︵ᠶᠢᠰᠦ︶ ᠣᠨᠴᠠᠯᠢᠭᠲᠤ ᠠᠵᠢᠯ ᠲᠥᠷᠥᠯ ᠤᠨ ᠳ᠋ᠠᠶᠢᠲ᠋ᠠ ᠶᠢᠨ ᠲᠤᠰᠬᠠᠢ ᠲᠣᠭᠤᠷᠢᠭ ᠢ ᠪᠦᠲᠦᠭᠡᠨ ᠪᠠᠶᠢᠭᠤᠯᠤᠨ᠎ᠠ᠃ | ᠮᠥᠩᠭᠦᠨ ᠭᠦᠢᠯᠭᠡᠭᠡ᠂ ᠴᠠᠭᠢᠯᠭᠠᠨ ᠬᠦᠴᠦᠨ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠨᠡᠭᠦᠷᠡᠰᠦ᠂ | ᠪᠣᠳᠣᠯᠲᠠ ᠶᠢᠨ ᠬᠦᠴᠦᠨ ᠵᠡᠷᠭᠡ ᠠᠵᠢᠯ ᠲᠥᠷᠥᠯ ᠤᠨ ᠬᠦᠷᠢᠶ᠎ᠡ ᠶᠢᠨ ᠳ᠋ᠠᠶᠢᠲ᠋ᠠ ᠶᠢᠨ ᠲᠤᠰᠬᠠᠢ ᠲᠣᠭᠤᠷᠢᠭ ᠢ | ᠪᠦᠲᠦᠭᠡᠨ ᠪᠠᠶᠢᠭᠤᠯᠵᠤ᠂ ᠣᠨᠴᠠᠭᠠᠢ ᠲᠣᠭᠲᠠᠭᠰᠠᠨ ᠬᠦᠷᠢᠶ᠎ᠡ ᠶᠢᠨ ᠳ᠋ᠠᠶᠢᠲ᠋ᠠ ᠶᠢᠨ ᠭᠦᠢᠯᠭᠡᠭᠡᠨ ᠤ ᠦᠢᠯᠡᠴᠢᠯᠡᠭᠡ ᠶᠢ | ᠥᠷᠨᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠬᠢᠯᠢ ᠠᠯᠤᠰᠯᠠᠭᠰᠠᠨ ᠲᠣᠭᠠᠴᠠᠭ᠎ᠠ᠂ | ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠨᠡᠶᠢᠲᠡᠯᠢᠭ | ᠬᠡᠷᠡᠭᠯᠡᠭᠡᠨ ᠤ ᠠᠬᠤᠢ ᠲᠠᠯᠠᠪᠠᠶ ᠶᠢᠨ ᠲᠣᠭᠤᠷᠢᠨ ᠳᠤ᠂ ᠬᠢᠯᠢ ᠠᠯᠤᠰᠯᠠᠭᠰᠠᠨ ᠳ᠋ᠠᠶᠢᠲ᠋ᠠ ᠶᠢᠨ ᠲᠤᠰᠬᠠᠢ ᠲᠣᠭᠤᠷᠢᠭ ᠢ | ᠰᠦᠪᠡᠭᠴᠢᠯᠡᠨ ᠪᠠᠶᠢᠭᠤᠯᠵᠤ᠂ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠬᠢᠯᠢ ᠠᠯᠤᠰᠯᠠᠭᠰᠠᠨ ᠭᠦᠢᠯᠭᠡᠭᠡᠨ ᠢ | ᠠᠬᠢᠭᠤᠯᠤᠨ᠎ᠠ᠃ | ︵ᠠᠷᠪᠠ︶ ᠳ᠋ᠠᠶᠢᠲ᠋ᠠ ᠶᠢᠨ ᠡᠯᠧᠮᠧᠨ᠋ᠲ ᠤᠨ ᠭᠦᠢᠯᠭᠡᠭᠡᠨ ᠤ ᠠᠷᠠᠯᠵᠢᠶ᠎ᠠ ᠶᠢᠨ ᠦᠢᠯᠡᠴᠢᠯᠡᠭᠡᠨ ᠤ ᠠᠮᠢ ᠠᠬᠤᠢ ᠶᠢ | ᠪᠣᠶᠢᠵᠢᠭᠤᠯᠤᠨ᠎ᠠ᠃ ᠳ᠋ᠠᠶᠢᠲ᠋ᠠ ᠶᠢᠨ ᠦᠢᠯᠡᠳᠪᠦᠷᠢᠯᠡᠯ᠂ ᠭᠦᠢᠯᠭᠡᠭᠡᠨ ᠤ ᠠᠷᠠᠯᠵᠢᠶ᠎ᠠ᠂ ᠰᠢᠨ᠎ᠡ ᠶᠢ ᠡᠭᠦᠳᠬᠦ ᠬᠡᠷᠡᠭᠯᠡᠭᠡ᠂ | ᠠᠮᠤᠷ ᠲᠦᠪᠰᠢᠨ ᠤ ᠵᠠᠰᠠᠯᠲᠠ᠂ ᠠᠮᠢ ᠠᠬᠤᠢ ᠶᠢᠨ ᠦᠢᠯᠡᠴᠢᠯᠡᠭᠡ ᠵᠡᠷᠭᠡ ᠠᠵᠤ ᠦᠢᠯᠡᠰ ᠤᠨ ᠬᠡᠯᠬᠢᠶ᠎ᠡ ᠶᠢᠨ | ᠵᠠᠩᠭᠢᠯᠠᠭ᠎ᠠ ᠶᠢᠨ ᠭᠤᠭᠴᠤᠭ᠎ᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠦᠰᠢᠭᠯᠡᠨ᠂ ᠳ᠋ᠠᠶᠢᠲ᠋ᠠ ᠶᠢᠨ | ᠠᠷᠠᠯᠵᠢᠶᠠᠴᠢᠨ ᠤ ᠠᠮᠢ ᠠᠬᠤᠢ ᠶᠢᠨ ᠬᠤᠯᠪᠤᠭ᠎ᠠ ᠶᠢ ᠲᠦᠷᠭᠡᠳᠬᠡᠨ ᠪᠠᠶᠢᠭᠤᠯᠵᠤ᠂ ᠨᠠᠩ ᠣᠯᠠᠨ ᠳ᠋ᠠᠶᠢᠲ᠋ᠠ ᠶᠢᠨ | ᠡᠯᠧᠮᠧᠨ᠋ᠲ ᠤᠨ ᠭᠡᠯᠪᠡᠷᠢ ᠶᠢᠨ ᠠᠵᠤ ᠠᠬᠤᠶᠢᠯᠠᠯ ᠢ ᠲᠠᠲᠠᠵᠤ ᠮᠠᠨ ᠤ ᠣᠷᠣᠨ ᠳᠤ ᠴᠤᠭᠯᠠᠷᠠᠭᠤᠯᠤᠨ᠎ᠠ᠃ ᠳ᠋ᠠᠶᠢᠲ᠋ᠠ ᠶᠢᠨ | ᠬᠤᠷᠠᠮᠠᠯ᠂ ᠲᠣᠭᠲᠠᠭᠠᠯ ᠳᠤ ᠨᠡᠶᠢᠴᠡᠭᠰᠡᠨ ᠭᠡᠷᠡᠴᠢᠯᠡᠯ᠂ ᠠᠮᠤᠷ ᠲᠦᠪᠰᠢᠨ ᠤ ᠬᠢᠨᠠᠨ ᠪᠣᠳᠣᠯᠲᠠ᠂ ᠳ᠋ᠠᠶᠢᠲ᠋ᠠ ᠶᠢᠨ ᠠᠯᠪᠠᠨ | ᠭᠡᠷᠡᠴᠢᠯᠡᠭᠡ᠂ ᠳ᠋ᠠᠶᠢᠲ᠋ᠠ ᠶᠢ ᠨᠠᠶᠢᠳᠠᠨ ᠬᠠᠮᠢᠶᠠᠷᠤᠭᠤᠯᠬᠤ᠂ ᠡᠳ᠋ ᠬᠥᠷᠥᠩᠭᠡ ᠶᠢ ᠦᠨᠡᠯᠡᠨ ᠵᠢᠱᠢᠬᠦ᠂ ᠮᠠᠷᠭᠤᠯᠳᠤᠭᠠᠨ ᠢ | ᠬᠥᠨᠳᠡᠯᠡᠨ ᠠᠴᠠ ᠲᠠᠰᠤᠯᠬᠤ᠂ ᠴᠢᠳᠠᠪᠤᠷᠢᠲᠠᠨ ᠤ ᠪᠣᠯᠪᠠᠰᠤᠷᠠᠯ ᠵᠡᠷᠭᠡ ᠭᠤᠷᠪᠠᠳᠠᠭᠢ ᠡᠲᠡᠭᠡᠳ ᠤᠨ ᠲᠤᠰᠬᠠᠢ | ᠦᠢᠯᠡᠴᠢᠯᠡᠭᠡᠨ ᠤ ᠪᠠᠶᠢᠭᠤᠯᠤᠮᠵᠢ ᠶᠢ ᠡᠮᠬᠢ ᠵᠢᠷᠤᠮ ᠲᠠᠢ ᠪᠠᠷ ᠪᠣᠶᠢᠵᠢᠭᠤᠯᠤᠨ ᠣᠷᠣᠭᠤᠯᠵᠤ᠂ ᠳ᠋ᠠᠶᠢᠲ᠋ᠠ ᠶᠢᠨ | ᠭᠦᠢᠯᠭᠡᠭᠡᠨ ᠤ ᠠᠷᠠᠯᠵᠢᠶ᠎ᠠ ᠶᠢᠨ ᠪᠦᠭᠦ ᠴᠤᠪᠤᠷᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠶᠢᠭᠡᠮ ᠤᠨ ᠴᠢᠨᠠᠷᠲᠠᠢ ᠳ᠋ᠠᠶᠢᠲ᠋ᠠ ᠶᠢᠨ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ ᠶᠢ ᠳᠡᠮᠵᠢᠵᠦ᠂ ᠲᠡᠳᠡᠨ ᠢ | ᠬᠥᠲᠥᠯᠥᠨ ᠵᠢᠯᠤᠭᠤᠳᠴᠤ ᠪᠠᠶᠢᠭᠠᠳ ᠳ᠋ᠠᠶᠢᠲ᠋ᠠ ᠶᠢᠨ ᠦᠢᠯᠡᠳᠬᠦᠨ ᠨᠡᠶᠢᠲᠡᠯᠡᠬᠦ᠂ ᠳᠠᠭᠠᠭᠠᠴᠢᠯᠠᠨ ᠪᠣᠷᠣᠯᠠᠭᠤᠯᠬᠤ ᠪᠠ | ᠳ᠋ᠠᠶᠢᠲ᠋ᠠ ᠶᠢᠨ ᠡᠳ᠋ ᠬᠥᠷᠥᠩᠭᠡ ᠶᠢᠨ ᠲᠣᠭᠲᠠᠭᠠᠯ ᠳᠤ ᠨᠡᠶᠢᠴᠡᠭᠦᠯᠬᠦ᠂ ᠪᠠᠷᠢᠮᠵᠢᠶᠠᠵᠢᠭᠤᠯᠬᠤ᠂ ᠥᠷᠲᠡᠭ ᠨᠡᠮᠡᠭᠳᠡᠭᠦᠯᠬᠦ | ᠵᠡᠷᠭᠡ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠭᠦᠢᠯᠭᠡᠭᠡᠨ ᠤ ᠵᠠᠭᠤᠴᠢᠯᠠᠬᠤ ᠦᠢᠯᠡᠴᠢᠯᠡᠭᠡᠨ ᠢ | ᠵᠢᠷᠤᠮᠵᠢᠭᠤᠯᠤᠨ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠩᠭᠠᠯᠭ᠎ᠠ ᠬᠡᠷᠡᠭᠴᠡᠭᠡ ᠶᠢ | ᠣᠨᠣᠪᠴᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠤᠨ᠎ᠠ᠃ | ᠲᠠᠪᠤ᠂ ᠳ᠋ᠠᠶᠢᠲ᠋ᠠ ᠶᠢᠨ ᠰᠢᠨ᠎ᠡ ᠶᠢ ᠡᠭᠦᠳᠦᠨ ᠠᠭᠤᠰᠤᠯᠴᠠᠭᠤᠯᠤᠨ ᠬᠡᠷᠡᠭᠯᠡᠬᠦ ᠶᠢ ᠰᠠᠶᠢᠲᠤᠷ ᠠᠳᠬᠤᠨ᠎ᠠ | ︵ᠠᠷᠪᠠᠨ ᠨᠢᠭᠡ︶ ᠣᠯᠠᠨ ᠨᠡᠶᠢᠲᠡ ᠶᠢᠨ ᠳ᠋ᠠᠶᠢᠲ᠋ᠠ ᠶᠢ ᠬᠠᠮᠲᠤ ᠪᠠᠷ ᠡᠳ᠋ᠯᠡᠵᠦ ᠨᠡᠭᠡᠭᠡᠯᠲᠡ ᠬᠢᠬᠦ ᠶᠢ ᠠᠬᠢᠭᠤᠯᠤᠨ᠎ᠠ᠃ | ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠯᠲᠡ ᠬᠢᠬᠦ ᠭᠠᠷᠴᠠᠭ ᠤᠨ ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ | ᠲᠡᠭᠦᠯᠳᠡᠷᠵᠢᠭᠦᠯᠵᠦ᠂ ᠣᠨ ᠤ ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠯᠲᠡ ᠬᠢᠬᠦ ᠲᠥᠯᠥᠪᠯᠡᠭᠡ ᠶᠢ ᠲᠣᠭᠲᠠᠭᠠᠬᠤ ᠶᠢᠨ | ᠬᠠᠮᠲᠤ ᠢᠯᠡ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠯᠲᠡ ᠬᠢᠬᠦ | ᠲᠠᠪᠴᠠᠩ ᠤᠨ ᠴᠢᠳᠠᠮᠵᠢ ᠶᠢ ᠥᠷᠭᠡᠳᠬᠡᠨ᠂ ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠯᠲᠡ ᠬᠢᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠨ ᠬᠥᠭᠵᠢᠭᠦᠯᠵᠦ ᠠᠰᠢᠭᠯᠠᠭᠰᠠᠨ ᠦᠷ᠎ᠡ ᠪᠦᠲᠦᠮᠵᠢ᠂ | ᠠᠮᠤᠷ ᠲᠦᠪᠰᠢᠨ ᠤ ᠲᠦᠭᠰᠢᠭᠦᠷᠢ ᠶᠢᠨ ᠠᠰᠠᠭᠤᠳᠠᠯ ᠵᠢᠴᠢ ᠨᠡᠶᠢᠭᠡᠮ ᠤᠨ ᠦᠨᠡᠯᠡᠯᠲᠡ ᠶᠢᠨ ᠬᠠᠷᠢᠭᠤ ᠲᠤᠰᠬᠠᠯ ᠢ | ᠮᠥᠷᠳᠡᠵᠦ᠂ ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠨ ᠬᠥᠭᠵᠢᠭᠦᠯᠵᠦ ᠠᠰᠢᠭᠯᠠᠭᠰᠠᠨ ᠨᠠᠷᠢᠨ ᠲᠠᠩᠰᠠ ᠶᠢ | ᠬᠥᠳᠡᠯᠦᠩᠭᠦᠢ ᠪᠠᠷ ᠬᠠᠮᠢᠶᠠᠷᠤᠨ᠎ᠠ᠃ ᠳ᠋ᠠᠶᠢᠲ᠋ᠠ ᠶᠢᠨ ᠲᠡᠷᠢᠭᠦᠨ ᠲᠤᠰᠢᠶᠠᠯᠲᠠᠨ ᠤ ᠳᠦᠷᠢᠮ ᠢ ᠪᠠᠶᠢᠭᠤᠯᠤᠨ᠎ᠠ᠃ | ︵ᠠᠷᠪᠠᠨ ᠬᠤᠶᠠᠷ︶ ᠳ᠋ᠠᠶᠢᠲ᠋ᠠ ᠶᠢ ᠨᠡᠭᠡᠭᠡᠨ ᠠᠰᠢᠭᠯᠠᠬᠤ ᠶᠢ ᠭᠦᠨᠵᠡᠭᠡᠶᠢᠷᠡᠭᠦᠯᠦᠨ᠎ᠡ᠃ ᠣᠯᠠᠨ ᠨᠡᠶᠢᠲᠡ ᠶᠢᠨ | ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮ ᠳᠤ ᠲᠦᠰᠢᠭᠯᠡᠨ᠂ ᠳ᠋ᠠᠶᠢᠲ᠋ᠠ ᠶᠢ ᠨᠡᠭᠡᠭᠡᠨ ᠬᠥᠭᠵᠢᠭᠦᠯᠵᠦ ᠠᠰᠢᠭᠯᠠᠬᠤ | ᠲᠠᠪᠴᠠᠩ ᠢ ᠪᠠᠶᠢᠭᠤᠯᠵᠤ᠂ ᠣᠯᠠᠨ ᠨᠡᠶᠢᠲᠡ ᠶᠢᠨ ᠳ᠋ᠠᠶᠢᠲ᠋ᠠ᠂ ᠠᠵᠤ ᠠᠬᠤᠶᠢᠯᠠᠯ ᠤᠨ ᠳ᠋ᠠᠶᠢᠲ᠋ᠠ ᠵᠡᠷᠭᠡ ᠡᠬᠢ ᠪᠠᠶᠠᠯᠢᠭ ᠢ | ᠬᠤᠷᠠᠮᠳᠤᠭᠤᠯᠤᠨ᠂ ᠳ᠋ᠠᠶᠢᠲ᠋ᠠ ᠶᠢᠨ ᠡᠯᠧᠮᠧᠨ᠋ᠲ ᠢ ᠲᠥᠪᠯᠡᠷᠡᠭᠦᠯᠬᠦ ᠪᠠ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠶᠢ | ᠪᠡᠶᠡᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ | ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠶᠤᠨᠲᠤ ᠬᠤᠲᠠ᠂ ᠴᠠᠭ ᠠᠭᠤᠷ | ᠵᠡᠷᠭᠡ ᠠᠵᠢᠯ ᠲᠥᠷᠥᠯ ᠤᠨ ᠬᠦᠷᠢᠶᠡᠨ ᠳᠤ ᠣᠯᠠᠨ ᠨᠡᠶᠢᠲᠡ ᠶᠢᠨ ᠳ᠋ᠠᠶᠢᠲ᠋ᠠ ᠶᠢᠨ ᠣᠯᠠᠨ ᠬᠡᠮᠵᠢᠯᠲᠦ ᠠᠭᠤᠰᠤᠯᠴᠠᠯ ᠢ | ᠥᠷᠨᠢᠭᠦᠯᠵᠦ᠂ ᠨᠡᠶᠢᠭᠡᠮᠴᠢᠯᠡᠭᠰᠡᠨ ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠳ᠋ᠠᠶᠢᠲ᠋ᠠ ᠶᠢᠨ | ᠬᠡᠷᠡᠭᠯᠡᠯᠲᠡ ᠶᠢ ᠨᠡᠭᠡᠭᠡᠨ ᠬᠥᠭᠵᠢᠭᠦᠯᠦᠭᠴᠢ ᠶᠢᠨ ᠨᠡᠶᠢᠭᠡᠮ ᠲᠣᠭᠤᠷᠢᠭ ᠢ ᠢᠳᠡᠪᠬᠢᠲᠡᠢ ᠪᠣᠶᠢᠵᠢᠭᠤᠯᠵᠤ᠂ ᠳ᠋ᠠᠶᠢᠲ᠋ᠠ ᠶᠢᠨ | ᠨᠡᠭᠡᠭᠡᠨ ᠠᠰᠢᠭᠯᠠᠬᠤ ᠪᠠᠭᠠᠵᠢ ᠶᠢ ᠪᠠᠶᠠᠯᠢᠭᠵᠢᠭᠤᠯᠤᠨ᠂ ᠳ᠋ᠠᠶᠢᠲ᠋ᠠ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ | ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ᠂ ᠳ᠋ᠠᠶᠢᠲ᠋ᠠ ᠶᠢᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠨᠡᠪᠴᠢᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ | ︵ᠠᠷᠪᠠᠨ ᠭᠤᠷᠪᠠ︶ ᠭᠤᠣᠯᠳᠠᠯᠭ᠎ᠠ ᠲᠠᠢ ᠬᠦᠷᠢᠶ᠎ᠡ ᠶᠢᠨ ᠳ᠋ᠠᠶᠢᠲ᠋ᠠ ᠶᠢᠨ ᠰᠢᠨ᠎ᠡ ᠶᠢ ᠡᠭᠦᠳᠦᠨ ᠬᠡᠷᠡᠭᠯᠡᠬᠦ ᠶᠢ | ᠠᠬᠢᠭᠤᠯᠤᠨ᠎ᠠ᠃ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠢᠴᠢ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡᠨ᠂ ᠡᠨᠧᠷᠭᠢ᠂ ᠣᠶᠤᠨᠴᠢ ᠦᠢᠯᠡᠳᠬᠦ ᠦᠢᠯᠡᠰ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ | ᠪᠠᠭᠠᠰᠬᠠᠬᠤ᠂ ᠪᠣᠬᠢᠷᠳᠤᠯ ᠦᠭᠡᠢ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ᠂ ᠮᠠᠯ ᠠᠵᠤ ᠠᠬᠤᠢ ᠲᠠᠷᠢᠶᠠᠯᠠᠩ | ᠵᠡᠷᠭᠡ ᠠᠵᠢᠯ ᠲᠥᠷᠥᠯ ᠤᠨ ᠬᠦᠷᠢᠶᠡᠨ ᠳᠤ ᠠᠵᠢᠯ ᠲᠥᠷᠥᠯ ᠤᠨ ᠳ᠋ᠠᠶᠢᠲ᠋ᠠ ᠶᠢᠨ ᠬᠡᠷᠡᠭᠯᠡᠭᠡᠨ ᠤ ᠵᠦᠭᠯᠡᠭᠦᠷ ᠢ | ᠨᠠᠶᠢᠷᠠᠭᠤᠯᠤᠨ ᠵᠣᠬᠢᠶᠠᠵᠤ᠂ ᠠᠵᠢᠯ ᠲᠥᠷᠥᠯ ᠤᠨ ᠴᠢᠨᠠᠷᠲᠠᠢ᠂ ᠠᠵᠤ ᠦᠢᠯᠡᠰᠵᠢᠭᠰᠡᠨ ᠳ᠋ᠠᠶᠢᠲ᠋ᠠ ᠶᠢᠨ | ᠬᠤᠳᠠᠯᠳᠤᠭᠠᠴᠢᠨ ᠢ ᠪᠣᠶᠢᠵᠢᠭᠤᠯᠤᠨ᠂ ᠨᠢᠭᠡ ᠪᠦᠯᠦᠭ ᠰᠢᠨ᠎ᠡ ᠶᠢ ᠡᠭᠦᠳᠬᠦ ᠬᠡᠷᠡᠭᠯᠡᠭᠡᠨ ᠤ ᠵᠢᠱᠢᠶ᠎ᠡ ᠦᠵᠡᠭᠦᠯᠭᠦ ᠠᠬᠤᠢ | ᠪᠠᠶᠢᠳᠠᠯ ᠢ ᠪᠠᠶᠢᠭᠤᠯᠵᠤ᠂ ᠨᠢᠭᠡ ᠪᠦᠯᠦᠭ ᠳ᠋ᠠᠶᠢᠲ᠋ᠠ ᠶᠢᠨ ᠬᠡᠷᠡᠭᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠪᠤᠶ | ᠪᠣᠯᠭᠠᠨ᠎ᠠ᠃ ᠲᠣᠮᠣ ᠭᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠢᠨᠲ᠋ᠧᠷ ᠰᠦᠯᠵᠢᠶᠡᠨ ᠤ | ᠲᠠᠪᠴᠠᠩ ᠤᠨ ᠠᠵᠤ ᠠᠬᠤᠶᠢᠯᠠᠯ ᠵᠡᠷᠭᠡ ᠶᠢᠨ ᠳ᠋ᠠᠶᠢᠲ᠋ᠠ ᠶᠢ ᠲᠥᠪᠯᠡᠷᠡᠭᠦᠯᠬᠦ ᠪᠠ ᠠᠭᠤᠰᠤᠯᠴᠠᠭᠤᠯᠬᠤ ᠲᠠᠪᠴᠠᠩ ᠤᠨ | ᠪᠠᠶᠢᠭᠤᠯᠤᠯᠲᠠ ᠶᠢᠨ ᠲᠤᠷᠰᠢᠯᠲᠠ ᠥᠷᠨᠢᠭᠦᠯᠬᠦ ᠶᠢ ᠳᠡᠮᠵᠢᠨ᠎ᠡ᠃ | ᠵᠢᠷᠭᠤᠭ᠎ᠠ᠂ ᠳ᠋ᠠᠶᠢᠲ᠋ᠠ ᠶᠢᠨ ᠡᠯᠧᠮᠧᠨ᠋ᠲ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ | ᠪᠠᠶᠢᠭᠤᠯᠤᠨ᠎ᠠ | ︵ᠠᠷᠪᠠᠨ ᠳᠥᠷᠪᠡ︶ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠠᠴᠠ ᠬᠤᠪᠢ ᠨᠡᠮᠡᠷᠢ ᠶᠢ ᠦᠨᠡᠯᠡᠬᠦ᠂ | ᠬᠤᠪᠢ ᠨᠡᠮᠡᠷᠢ ᠪᠠᠷ ᠨᠢ ᠬᠥᠯᠥᠰᠦ ᠣᠯᠭᠤᠮᠵᠢ ᠶᠢ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ᠎ᠡ᠃ ︽ᠬᠡᠨ ᠪᠡᠯᠡ | ᠣᠷᠣᠭᠤᠯᠪᠠᠯ᠂ ᠲᠡᠷᠡ ᠬᠤᠪᠢ ᠨᠡᠮᠡᠷᠢ ᠦᠵᠡᠭᠦᠯᠵᠦ᠂ ᠲᠡᠷᠡ ᠠᠰᠢᠭ ᠭᠦᠷᠳᠡᠭᠦ︾ ᠵᠠᠷᠴᠢᠮ ᠶᠣᠰᠣᠭᠠᠷ ᠳ᠋ᠠᠶᠢᠲ᠋ᠠ ᠶᠢᠨ | ᠡᠯᠧᠮᠧᠨ᠋ᠲ ᠤᠨ ᠡᠯ᠎ᠡ ᠣᠷᠣᠯᠴᠠᠭᠴᠢ ᠲᠠᠯ᠎ᠠ ᠶᠢᠨ ᠣᠷᠣᠭᠤᠯᠤᠯᠲᠠ ᠪᠠ ᠭᠠᠷᠭᠠᠯᠲᠠ ᠶᠢᠨ ᠠᠰᠢᠭ ᠣᠷᠣᠯᠭ᠎ᠠ ᠶᠢ | ᠬᠠᠮᠠᠭᠠᠯᠠᠵᠤ᠂ ᠲᠣᠭᠠᠴᠢᠯᠠᠭᠰᠠᠨ ᠬᠥᠭᠵᠢᠯᠲᠡ ᠳᠤ ᠬᠡᠷᠡᠭᠯᠡᠬᠦ ᠣᠯᠠᠨ ᠨᠡᠶᠢᠲᠡ ᠶᠢᠨ ᠳ᠋ᠠᠶᠢᠲ᠋ᠠ ᠶᠢᠨ ᠵᠠᠰᠠᠭ ᠤᠨ | ᠣᠷᠳᠣᠨ ᠠᠴᠠ ᠵᠢᠯᠤᠭᠤᠳᠴᠤ ᠦᠨ᠎ᠡ ᠲᠣᠭᠲᠠᠭᠠᠬᠤ ᠲᠣᠭᠲᠠᠴᠠ ᠪᠠ ᠠᠵᠤ ᠠᠬᠤᠶᠢᠯᠠᠯ᠂ ᠬᠤᠪᠢ ᠬᠥᠮᠥᠨ ᠤ ᠮᠡᠳᠡᠭᠡ | ᠵᠠᠩᠭᠢ ᠶᠢᠨ ᠳ᠋ᠠᠶᠢᠲ᠋ᠠ ᠶᠢᠨ ᠵᠠᠬ᠎ᠠ ᠳᠡᠯᠭᠡᠭᠦᠷ ᠤᠨ ᠡᠵᠡᠨ ᠮᠡᠳᠡᠵᠦ ᠦᠨ᠎ᠡ ᠲᠣᠭᠲᠠᠭᠠᠬᠤ ᠲᠣᠭᠲᠠᠴᠠ ᠶᠢ ᠪᠠᠶᠢᠭᠤᠯᠵᠤ᠂ | ᠳ᠋ᠠᠶᠢᠲ᠋ᠠ ᠶᠢᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠪᠠ ᠬᠡᠷᠡᠭᠯᠡᠭᠡᠨ ᠤ ᠥᠷᠲᠡᠭ ᠢ ᠲᠤᠰᠬᠠᠬᠤ ᠦᠨ᠎ᠡ ᠬᠠᠩᠰᠢ | ᠪᠦᠷᠢᠯᠳᠦᠬᠦ ᠲᠣᠭᠲᠠᠴᠠ ᠶᠢ ᠪᠠᠶᠢᠭᠤᠯᠤᠨ᠎ᠠ᠃ ᠳ᠋ᠠᠶᠢᠲ᠋ᠠ ᠶᠢᠨ ᠡᠯᠧᠮᠧᠨ᠋ᠲ ᠤᠨ ᠠᠰᠢᠭ ᠣᠯᠵᠠᠪᠤᠷᠢ ᠶᠢ ᠳ᠋ᠠᠶᠢᠲ᠋ᠠ ᠶᠢᠨ | ᠦᠨ᠎ᠡ ᠥᠷᠲᠡᠭ ᠪᠠ ᠬᠡᠷᠡᠭᠯᠡᠭᠡᠨ ᠤ ᠦᠨ᠎ᠡ ᠥᠷᠲᠡᠭ ᠤᠨ ᠡᠭᠦᠳᠦᠨ ᠪᠦᠲᠦᠭᠡᠭᠴᠢ ᠲᠡᠶᠢᠰᠢ ᠵᠦᠢ ᠵᠣᠬᠢᠰᠲᠠᠢ | ᠬᠡᠯᠪᠡᠶᠢᠯᠭᠡᠬᠦ ᠶᠢ ᠠᠬᠢᠭᠤᠯᠤᠨ᠎ᠠ᠃ ᠠᠰᠢᠭ ᠬᠤᠪᠢᠶᠠᠷᠢᠯᠠᠬᠤ᠂ ᠬᠤᠪᠢ ᠲᠠᠲᠠᠬᠤ ᠵᠡᠷᠭᠡ ᠣᠯᠠᠨ ᠵᠦᠢᠯ ᠤᠨ ᠠᠰᠢᠭ | ᠣᠯᠵᠠᠪᠤᠷᠢ ᠶᠢ ᠬᠠᠮᠲᠤ ᠪᠠᠷ ᠭᠦᠷᠳᠡᠭᠦ ᠠᠷᠭ᠎ᠠ ᠮᠠᠶ᠋ᠢᠭ ᠢ ᠪᠠᠶᠢᠭᠤᠯᠵᠤ᠂ ᠳ᠋ᠠᠶᠢᠲ᠋ᠠ ᠶᠢᠨ ᠠᠭᠤᠯᠭ᠎ᠠ ᠶᠢ ᠴᠤᠭᠯᠠᠭᠤᠯᠬᠤ᠂ | ᠪᠤᠯᠪᠠᠰᠤᠷᠠᠭᠤᠯᠬᠤ᠂ ᠭᠦᠢᠯᠭᠡᠭᠡᠬᠦ᠂ ᠬᠡᠷᠡᠭᠯᠡᠬᠦ ᠵᠡᠷᠭᠡ ᠠᠳᠠᠯᠢ ᠪᠤᠰᠤ ᠭᠤᠭᠴᠣᠭᠠᠨ ᠳᠠᠬᠢ ᠬᠤᠯᠪᠣᠭᠳᠠᠯ ᠪᠦᠬᠦᠢ ᠭᠤᠣᠯ | ᠴᠣᠭᠴᠠ ᠶᠢᠨ ᠬᠤᠭᠤᠷᠣᠨᠳᠣᠭᠢ ᠠᠰᠢᠭ ᠲᠤᠰᠠ ᠶᠢᠨ ᠬᠤᠪᠢᠶᠠᠷᠢᠯᠠᠯᠲᠠ ᠶᠢ ᠲᠡᠩᠴᠡᠭᠦᠷᠢᠲᠡᠢ ᠪᠠᠶᠢᠯᠭᠠᠬᠤ ᠶᠢᠨ ᠬᠠᠮᠲᠤ | ᠬᠠᠷᠠᠭᠠᠯᠵᠠᠨ᠎ᠠ᠃ | ︵ᠠᠷᠪᠠᠨ ᠲᠠᠪᠤ︶ ᠳ᠋ᠠᠶᠢᠲ᠋ᠠ ᠶᠢᠨ ᠡᠯᠧᠮᠧᠨ᠋ᠲ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠠᠬᠢ ᠵᠠᠰᠠᠭ ᠤᠨ | ᠣᠷᠳᠣᠨ ᠤ ᠬᠥᠲᠥᠯᠥᠨ ᠵᠢᠯᠤᠭᠤᠳᠴᠤ ᠲᠣᠬᠢᠷᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ ᠣᠯᠠᠨ | ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠯᠲᠡ ᠬᠢᠵᠦ ᠠᠰᠢᠭ ᠣᠷᠣᠯᠭ᠎ᠠ ᠶᠢ ᠵᠦᠢ ᠵᠣᠬᠢᠰᠲᠠᠢ | ᠬᠤᠪᠢᠶᠠᠯᠴᠠᠨ ᠭᠦᠷᠳᠡᠭᠦ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠤᠯᠢ | ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠳ᠋ᠠᠶᠢᠲ᠋ᠠ ᠳᠤ ᠲᠦᠰᠢᠭᠯᠡᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠤᠨ᠎ᠠ᠃ ᠳ᠋ᠠᠶᠢᠲ᠋ᠠ ᠶᠢᠨ ᠡᠯᠧᠮᠧᠨ᠋ᠲ ᠤᠨ ᠠᠰᠢᠭ ᠣᠷᠣᠯᠭ᠎ᠠ ᠶᠢᠨ ᠳᠠᠭᠢᠨ | ᠬᠤᠪᠢᠶᠠᠷᠢᠯᠠᠯᠲᠠ ᠶᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠠᠰᠢᠭ ᠲᠤᠰᠠ ᠪᠠ | ᠬᠠᠷᠢᠴᠠᠩᠭᠤᠢ ᠪᠠᠭᠤᠷᠠᠢ ᠬᠥᠮᠥᠰ ᠢ ᠨᠠᠩ ᠠᠩᠬᠠᠷᠤᠨ᠎ᠠ᠃ ᠳ᠋ᠠᠶᠢᠲ᠋ᠠ ᠶᠢᠨ ᠴᠢᠬᠤᠯᠠ ᠡᠯᠧᠮᠧᠨ᠋ᠲ ᠤᠨ ᠵᠠᠬ᠎ᠠ | ᠳᠡᠯᠭᠡᠭᠦᠷ ᠤᠨ ᠰᠢᠰᠲ᠋ᠧᠮ ᠪᠠ ᠳᠦᠷᠢᠮ ᠲᠣᠭᠲᠠᠴᠠ ᠶᠢ ᠪᠦᠷᠢᠨᠰᠢᠭᠦᠯᠵᠦ᠂ ᠳ᠋ᠠᠶᠢᠲ᠋ᠠ ᠶᠢᠨ ᠬᠦᠷᠢᠶᠡᠨ ᠳᠤ ᠬᠠᠤᠯᠢ | ᠲᠣᠭᠲᠠᠭᠠᠯ ᠶᠣᠰᠣᠭᠠᠷ ᠬᠥᠷᠥᠩᠭᠡ ᠡᠮᠬᠢ ᠵᠢᠷᠤᠮ ᠦᠭᠡᠢ ᠪᠠᠷ ᠥᠷᠭᠡᠵᠢᠵᠦ ᠵᠠᠬ᠎ᠠ ᠳᠡᠯᠭᠡᠭᠦᠷ ᠤᠨ ᠭᠠᠭᠴᠠᠭᠠᠷ | ᠡᠵᠡᠮᠰᠢᠯ ᠢ ᠪᠦᠷᠢᠯᠳᠦᠭᠦᠯᠬᠦ ᠵᠡᠷᠭᠡ ᠠᠰᠠᠭᠤᠳᠠᠯ ᠢ ᠰᠡᠷᠭᠡᠶᠢᠯᠡᠨ ᠬᠤᠷᠢᠭᠯᠠᠨ᠎ᠠ᠃ | ᠳᠣᠯᠤᠭ᠎ᠠ᠂ ᠳ᠋ᠠᠶᠢᠲ᠋ᠠ ᠶᠢᠨ ᠠᠮᠤᠷ ᠲᠦᠪᠰᠢᠨ ᠤ ᠪᠠᠲᠤᠯᠠᠭ᠎ᠠ ᠬᠢᠭᠡᠳ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ | ︵ᠠᠷᠪᠠᠨ ᠵᠢᠷᠭᠤᠭ᠎ᠠ︶ ᠳ᠋ᠠᠶᠢᠲ᠋ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠢᠶᠠᠷ ᠭᠤᠣᠯᠯᠠᠵᠤ᠂ ᠣᠯᠠᠨ ᠲᠠᠯ᠎ᠠ ᠶᠢᠨ ᠬᠢᠨ ᠣᠷᠣᠯᠴᠠᠬᠰᠠᠨ | ᠳ᠋ᠠᠶᠢᠲ᠋ᠠ ᠶᠢᠨ ᠲᠥᠷᠥᠯ ᠪᠠ ᠲᠠᠰ ᠬᠤᠪᠢᠶᠠᠨ ᠬᠠᠮᠠᠭᠠᠯᠠᠬᠤ ᠳᠦᠷᠢᠮ ᠢ ᠪᠠᠶᠢᠭᠤᠯᠵᠤ᠂ ᠡᠯ᠎ᠡ ᠲᠠᠯ᠎ᠠ ᠶᠢᠨ ᠡᠷᠬᠡ | ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠢᠯᠭᠠᠨ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠵᠢᠴᠢ ᠬᠤᠯᠪᠣᠭᠳᠠᠯ ᠪᠦᠬᠦᠢ ᠠᠵᠢᠯ ᠲᠥᠷᠥᠯ ᠪᠣᠯᠣᠨ | ᠬᠦᠷᠢᠶᠡᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠣᠰ ᠰᠠᠯᠠᠭ᠎ᠠ ᠮᠥᠴᠢᠷ ᠲᠣᠰ | ᠠᠵᠢᠯ ᠲᠥᠷᠥᠯ ᠤᠨ ᠴᠢᠬᠤᠯᠠ ᠳ᠋ᠠᠶᠢᠲ᠋ᠠ ᠶᠢᠨ ᠭᠠᠷᠴᠠᠭ ᠢ ᠲᠣᠭᠲᠠᠭᠠᠵᠤ᠂ ᠭᠠᠷᠴᠠᠭ ᠲᠤ ᠵᠢᠭᠰᠠᠭᠠᠨ ᠣᠷᠣᠭᠤᠯᠤᠭᠰᠠᠨ | ᠳ᠋ᠠᠶᠢᠲ᠋ᠠ ᠶᠢ ᠭᠤᠣᠯᠳᠠᠯᠭ᠎ᠠ ᠲᠠᠢ ᠬᠠᠮᠠᠭᠠᠯᠠᠨ᠎ᠠ᠃ ᠳ᠋ᠠᠶᠢᠲ᠋ᠠ ᠶᠢᠨ ᠬᠤᠪᠢ ᠶᠢᠨ ᠨᠢᠭᠤᠴᠠ ᠶᠢ ᠬᠠᠮᠠᠭᠠᠯᠠᠬᠤ ᠪᠠ ᠠᠮᠤᠷ | ᠲᠦᠪᠰᠢᠨ ᠢ ᠬᠢᠨᠠᠨ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠨᠡᠶᠢᠭᠡᠮ ᠤᠨ ᠣᠯᠠᠨ ᠨᠡᠶᠢᠲᠡ ᠵᠡᠷᠭᠡ ᠶᠢᠨ ᠳ᠋ᠠᠶᠢᠲ᠋ᠠ ᠶᠢᠨ ᠠᠮᠤᠷ | ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠪᠢ ᠬᠥᠮᠥᠨ ᠤ ᠮᠡᠳᠡᠭᠡ ᠵᠠᠩᠭᠢ᠂ | ᠬᠤᠳᠠᠯᠳᠤᠭᠠᠨ ᠤ ᠨᠢᠭᠤᠴᠠ᠂ ᠨᠢᠭᠤᠴᠠ ᠶᠢ ᠬᠠᠮᠠᠭᠠᠯᠠᠬᠤ ᠬᠤᠳᠠᠯᠳᠤᠭᠠᠨ ᠤ ᠶᠠᠪᠤᠳᠠᠯ ᠤᠨ ᠮᠡᠳᠡᠭᠡ ᠵᠠᠩᠭᠢ᠂ | ᠤᠯᠤᠰ ᠤᠨ ᠠᠮᠤᠷ ᠲᠦᠪᠰᠢᠨ ᠵᠡᠷᠭᠡ ᠲᠠᠢ ᠬᠤᠯᠪᠣᠭᠳᠠᠭᠰᠠᠨ ᠳ᠋ᠠᠶᠢᠲ᠋ᠠ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠳ᠋ᠠᠶᠢᠲ᠋ᠠ ᠶᠢᠨ ᠬᠢᠯᠢ ᠠᠴᠠ ᠭᠠᠷᠬᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠳ᠋ᠠᠶᠢᠲ᠋ᠠ ᠶᠢᠨ ᠬᠢᠯᠢ ᠠᠴᠠ ᠭᠠᠷᠬᠤ ᠠᠮᠤᠷ ᠲᠦᠪᠰᠢᠨ ᠢ ᠦᠨᠡᠯᠡᠨ ᠵᠢᠱᠢᠵᠦ ᠮᠡᠳᠡᠭᠦᠯᠬᠦ ᠠᠵᠢᠯ ᠤᠨ ᠪᠦᠷᠢᠨ ᠲᠡᠭᠦᠯᠳᠡᠷ | ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃ ᠳ᠋ᠠᠶᠢᠲ᠋ᠠ ᠶᠢᠨ ᠠᠮᠤᠷ ᠲᠦᠪᠰᠢᠨ ᠤ | ᠲᠦᠭᠰᠢᠭᠦᠷᠢ ᠶᠢ ᠦᠨᠡᠯᠡᠨ ᠵᠢᠱᠢᠬᠦ᠂ ᠮᠡᠳᠡᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ | ᠠᠬᠤᠶᠢᠯᠠᠯ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠪᠤᠰᠤᠳ | ᠲᠤᠰᠬᠠᠢ ᠮᠡᠷᠭᠡᠵᠢᠯ ᠤᠨ ᠪᠠᠶᠢᠭᠤᠯᠤᠮᠵᠢ ᠵᠡᠷᠭᠡ ᠶᠢᠨ ᠳ᠋ᠠᠶᠢᠲ᠋ᠠ ᠶᠢᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ | ᠵᠢᠱᠢᠬᠦ᠂ ᠰᠡᠷᠭᠡᠶᠢᠯᠡᠬᠦ᠂ ᠰᠢᠢᠳᠪᠦᠷᠢᠯᠡᠬᠦ ᠵᠡᠷᠭᠡ ᠲᠠᠯ᠎ᠠ ᠪᠠᠷ ᠬᠠᠮᠵᠢᠯᠴᠠᠬᠤ ᠶᠢ ᠳᠡᠮᠵᠢᠨ᠎ᠡ᠃ ᠳ᠋ᠠᠶᠢᠲ᠋ᠠ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠭᠡᠷᠡᠴᠢᠯᠡᠯ ᠤᠨ ᠳᠦᠷᠢᠮ ᠪᠠ ᠭᠤᠣᠯᠳᠠᠯᠭ᠎ᠠ ᠲᠠᠢ ᠬᠡᠷᠡᠭᠯᠡᠭᠡᠨ ᠤ ᠬᠦᠷᠢᠶ᠎ᠡ ᠶᠢᠨ | ᠳ᠋ᠠᠶᠢᠲ᠋ᠠ ᠶᠢᠨ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠪᠠᠶᠢᠭᠤᠯᠤᠨ ᠬᠡᠷᠡᠭᠵᠢᠭᠦᠯᠵᠦ᠂ ᠠᠵᠤ | ᠠᠬᠤᠶᠢᠯᠠᠯ ᠤᠨ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠭᠦ ᠶᠢ | ᠠᠬᠢᠭᠤᠯᠤᠨ᠎ᠠ᠃ ᠳ᠋ᠠᠶᠢᠲ᠋ᠠ ᠶᠢᠨ ᠠᠮᠤᠷ ᠲᠦᠪᠰᠢᠨ ᠤ ᠮᠡᠷᠭᠡᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠭᠦᠯᠡᠨ | ᠲᠠᠪᠴᠠᠩ ᠰᠦᠯᠵᠢᠶ᠎ᠡ ᠳ᠋ᠠᠶᠢᠲ᠋ᠠ ᠶᠢ ᠨᠢᠭᠡ ᠴᠣᠭᠴᠠᠵᠢᠭᠤᠯᠤᠭᠰᠠᠨ ᠬᠠᠮᠵᠢᠯᠴᠠᠨ ᠠᠮᠤᠷ ᠲᠦᠪᠰᠢᠨ ᠤ ᠪᠠᠲᠤᠯᠠᠭ᠎ᠠ | ᠬᠢᠭᠡᠳ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠂ ᠠᠯᠳᠠᠰᠢ ᠶᠢ ᠣᠶᠤᠨᠴᠢ ᠪᠠᠷ ᠵᠠᠰᠠᠬᠤ᠂ ᠬᠤᠪᠢ ᠶᠢᠨ ᠨᠢᠭᠤᠴᠠ ᠶᠢ | ᠪᠤᠳᠤᠬᠤ ᠵᠢᠴᠢ ᠬᠠᠮᠠᠭᠠᠯᠠᠬᠤ᠂ ᠦᠯᠦ ᠢᠲᠡᠭᠡᠬᠦ ᠲᠣᠭᠲᠠᠴᠠ ᠵᠡᠷᠭᠡ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ ᠳ᠋ᠠᠶᠢᠲ᠋ᠠ ᠶᠢᠨ ᠬᠠᠷᠰᠢᠮᠠᠲᠠᠭᠠᠢ ᠶᠢ ᠠᠷᠢᠯᠭᠠᠬᠤ᠂ ᠢᠲᠡᠭᠡᠮᠵᠢᠲᠦ ᠪᠡᠶ᠎ᠡ | ᠭᠠᠷᠤᠯ ᠢ ᠭᠡᠷᠡᠴᠢᠯᠡᠬᠦ᠂ ᠳ᠋ᠠᠶᠢᠲ᠋ᠠ ᠳᠤ ᠭᠠᠷ ᠤᠨ ᠥᠰᠥᠭ ᠵᠢᠷᠤᠬᠤ᠂ ᠵᠠᠯᠭᠠᠰᠤ ᠪᠠᠷ ᠬᠢᠨᠠᠬᠤ ᠡᠷᠬᠡ᠂ ᠳ᠋ᠠᠶᠢᠲ᠋ᠠ ᠶᠢᠨ | ᠢᠷᠡᠯᠲᠡ ᠶᠢ ᠮᠥᠷᠳᠡᠬᠦ᠂ ᠪᠤᠳᠤᠬᠤ ᠠᠷᠭ᠎ᠠ ᠶᠢ ᠬᠠᠷᠭᠤᠭᠤᠯᠤᠨ ᠪᠠᠶᠢᠴᠠᠭᠠᠬᠤ ᠵᠡᠷᠭᠡ ᠳ᠋ᠠᠶᠢᠲ᠋ᠠ ᠶᠢ ᠬᠠᠮᠠᠭᠠᠯᠠᠬᠤ ᠠᠷᠭ᠎ᠠ | ᠬᠡᠮᠵᠢᠶ᠎ᠡ ᠪᠠ ᠬᠡᠰᠡᠭ ᠪᠦᠯᠦᠭ ᠤᠨ ᠬᠡᠯᠬᠢᠶᠡᠰᠦ᠂ ᠬᠤᠪᠢ ᠶᠢᠨ ᠨᠢᠭᠤᠴᠠ ᠶᠢ ᠪᠤᠳᠤᠬᠤ ᠵᠡᠷᠭᠡ ᠰᠢᠨ᠎ᠡ ᠮᠡᠷᠭᠡᠵᠢᠯ ᠤᠨ | ᠬᠡᠷᠡᠭᠯᠡᠯᠲᠡ ᠶᠢ ᠴᠢᠩᠭᠠᠳᠬᠠᠵᠤ᠂ ᠪᠣᠳᠣᠯᠲᠠ ᠶᠢᠨ ᠬᠦᠴᠦᠨ ᠤ ᠡᠬᠢ ᠪᠠᠶᠠᠯᠢᠭ ᠪᠠ ᠳ᠋ᠠᠶᠢᠲ᠋ᠠ ᠶᠢᠨ ᠡᠬᠢ ᠪᠠᠶᠠᠯᠢᠭ ᠤᠨ | ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠷᠠᠭᠤᠯᠤᠨ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠳ᠋ᠠᠶᠢᠲ᠋ᠠ ᠰᠢᠢᠳᠪᠦᠷᠢᠯᠡᠭᠴᠢ ᠰᠦᠯᠵᠢᠶᠡᠨ ᠤ ᠠᠮᠤᠷ ᠲᠦᠪᠰᠢᠨ ᠤ ᠵᠡᠷᠭᠡ | ᠳᠡᠰ ᠤᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ᠂ ᠠᠮᠤᠷ ᠲᠦᠪᠰᠢᠨ ᠢ | ᠬᠠᠮᠠᠭᠠᠯᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠢ᠃ | ︵ᠠᠷᠪᠠᠨ ᠳᠣᠯᠤᠭ᠎ᠠ︶ ᠳ᠋ᠠᠶᠢᠲ᠋ᠠ ᠶᠢᠨ ᠡᠯᠧᠮᠧᠨ᠋ᠲ ᠤᠨ ᠪᠦᠭᠦ ᠴᠤᠪᠤᠷᠠᠯ ᠤᠨ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠳ᠋ᠠᠶᠢᠲ᠋ᠠ ᠶᠢᠨ ᠡᠯᠧᠮᠧᠨ᠋ᠲ ᠤᠨ ᠦᠢᠯᠡᠳᠪᠦᠷᠢᠯᠡᠯ ᠭᠦᠢᠯᠭᠡᠭᠡ | ᠬᠡᠷᠡᠭᠯᠡᠯᠲᠡ ᠶᠢᠨ ᠪᠦᠭᠦ ᠶᠠᠪᠤᠴᠠ ᠶᠢᠨ ᠲᠣᠭᠲᠠᠭᠠᠯ ᠳᠤ ᠨᠡᠶᠢᠴᠡᠭᠰᠡᠨ ᠠᠯᠪᠠᠨ ᠭᠡᠷᠡᠴᠢᠯᠡᠭᠡ᠂ ᠠᠮᠤᠷ ᠲᠦᠪᠰᠢᠨ ᠤ | ᠬᠢᠨᠠᠨ ᠪᠠᠶᠢᠴᠠᠭᠠᠯᠲᠠ ᠵᠡᠷᠭᠡ ᠳᠦᠷᠢᠮ ᠢ ᠲᠣᠭᠲᠠᠭᠠᠨ᠎ᠠ᠃ ᠳ᠋ᠠᠶᠢᠲ᠋ᠠ ᠶᠢᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳ᠋ᠠᠶᠢᠲ᠋ᠠ ᠶᠢᠨ ᠭᠦᠢᠯᠭᠡᠭᠡᠨ ᠪᠠ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ | ᠨᠠᠷᠢᠨ ᠲᠠᠩᠰᠠ ᠶᠢ ᠲᠣᠭᠲᠠᠭᠠᠨ᠂ ᠠᠷᠠᠯᠵᠢᠶᠠᠯᠠᠵᠤ ᠪᠤᠯᠬᠤ ᠦᠭᠡᠢ ᠪᠤᠶᠤ ᠠᠷᠠᠯᠵᠢᠶᠠᠯᠠᠬᠤ ᠶᠢ ᠴᠢᠩᠭ᠎ᠠ ᠬᠢᠵᠠᠭᠠᠷᠯᠠᠬᠤ | ᠳ᠋ᠠᠶᠢᠲ᠋ᠠ ᠶᠢᠨ ᠵᠦᠢᠯ ᠢ ᠲᠣᠳᠣᠷᠬᠠᠶᠢᠯᠠᠨ᠎ᠠ᠃ ᠳ᠋ᠠᠶᠢᠲ᠋ᠠ ᠶᠢ ᠬᠤᠯᠪᠤᠭᠠᠯᠠᠨ ᠬᠠᠮᠢᠶᠠᠷᠴᠤ ᠬᠤᠯᠪᠤᠭᠠᠯᠠᠨ ᠵᠠᠰᠠᠬᠤ | ᠠᠵᠢᠯ ᠤᠨ ᠲᠣᠭᠲᠠᠴᠠ ᠶᠢ ᠪᠠᠶᠢᠭᠤᠯᠵᠤ᠂ ᠳ᠋ᠠᠶᠢᠲ᠋ᠠ ᠶᠢ ᠠᠷᠠᠯᠵᠢᠶᠠᠯᠠᠬᠤ ᠳᠤ ᠰᠠᠯᠠᠭ᠎ᠠ ᠮᠥᠴᠢᠷ ᠠᠯᠤᠰᠯᠠᠨ ᠬᠠᠮᠵᠢᠯᠴᠠᠨ | ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠢ ᠴᠢᠩᠭᠠᠳᠬᠠᠵᠤ᠂ | ᠳ᠋ᠠᠶᠢᠲ᠋ᠠ ᠶᠢᠨ ᠭᠠᠭᠴᠠᠭᠠᠷ ᠡᠵᠡᠮᠰᠢᠯ᠂ ᠳ᠋ᠠᠶᠢᠲ᠋ᠠ ᠶᠢᠨ ᠵᠦᠢ ᠪᠤᠰᠤ ᠥᠷᠢᠰᠦᠯᠳᠦᠭᠡᠨ ᠵᠡᠷᠭᠡ ᠦᠢᠯᠡ ᠠᠵᠢᠯᠯᠠᠭ᠎ᠠ ᠶᠢ | ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠰᠢᠰᠲ᠋ᠧᠮ ᠢ ᠪᠠᠶᠢᠭᠤᠯᠵᠤ᠂ ᠳ᠋ᠠᠶᠢᠲ᠋ᠠ ᠶᠢᠨ ᠠᠷᠠᠯᠵᠢᠶ᠎ᠠ ᠶᠢᠨ ᠢᠲᠡᠭᠡᠮᠵᠢ ᠠᠯᠳᠠᠭᠰᠠᠨ ᠠᠵᠢᠯᠯᠠᠭ᠎ᠠ ᠶᠢ | ᠮᠠᠭᠠᠳᠯᠠᠨ ᠲᠣᠭᠲᠠᠭᠠᠬᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ᠂ ᠢᠲᠡᠭᠡᠮᠵᠢ ᠶᠢ ᠨᠢ ᠰᠡᠷᠭᠦᠭᠡᠬᠦ᠂ ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠲᠣᠭᠲᠠᠴᠠ ᠶᠢ | ᠲᠡᠭᠦᠯᠳᠡᠷᠵᠢᠭᠦᠯᠦᠨ᠎ᠡ᠃ ᠳ᠋ᠠᠶᠢᠲ᠋ᠠ ᠶᠢᠨ ᠡᠯᠧᠮᠧᠨ᠋ᠲ ᠤᠨ ᠰᠣᠯᠢᠯᠴᠠᠭᠠᠨ ᠤ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ | ᠪᠦᠷᠢᠨᠰᠢᠭᠦᠯᠦᠨ᠎ᠡ᠃ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠮᠣ ᠳ᠋ᠠᠶᠢᠲ᠋ᠠ ᠶᠢᠨ | ᠵᠠᠳᠠᠯᠤᠯᠲᠠ ᠶᠢ ᠥᠷᠨᠢᠭᠦᠯᠵᠦ᠂ ᠳ᠋ᠠᠶᠢᠲ᠋ᠠ ᠶᠢᠨ ᠡᠯᠧᠮᠧᠨ᠋ᠲ ᠤᠨ ᠠᠷᠠᠯᠵᠢᠶᠠᠨ ᠤ ᠲᠦᠭᠰᠢᠭᠦᠷᠢ ᠶᠢ ᠵᠠᠳᠠᠯᠬᠤ᠂ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠪᠠ ᠲᠥᠷᠥᠯ ᠬᠤᠪᠢᠶᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠳ᠋ᠠᠶᠢᠲ᠋ᠠ ᠶᠢᠨ ᠡᠯᠧᠮᠧᠨ᠋ᠲ ᠤᠨ ᠭᠦᠢᠯᠭᠡᠭᠡᠨ ᠤ ᠠᠷᠠᠯᠵᠢᠶ᠎ᠠ ᠶᠢᠨ ᠬᠦᠷᠢᠶᠡᠨ ᠳᠠᠬᠢ ᠰᠢᠨ᠎ᠡ ᠠᠵᠤ | ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠲᠤ ᠪᠠᠭᠲᠠᠭᠠᠮᠵᠢᠲᠠᠢ ᠪᠥᠭᠡᠳ ᠪᠣᠯᠭᠤᠮᠵᠢᠲᠠᠢ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠪᠤᠶ ᠪᠣᠯᠭᠠᠨ᠎ᠠ᠃ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠪᠠᠶᠢᠴᠠᠭᠠᠨ ᠰᠢᠢᠳᠪᠦᠷᠢᠯᠡᠬᠦ | ᠲᠣᠭᠲᠠᠴᠠ ᠶᠢ ᠪᠦᠷᠢᠨᠰᠢᠭᠦᠯᠵᠦ᠂ ᠳ᠋ᠠᠶᠢᠲ᠋ᠠ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠵᠦ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ | ᠡᠮᠬᠢ ᠳᠢᠭᠯᠢᠮ ᠢ ᠬᠠᠮᠠᠭᠠᠯᠠᠨ᠎ᠠ᠃ | ︵ᠠᠷᠪᠠᠨ ᠨᠠᠢᠮᠠ︶ ᠳ᠋ᠠᠶᠢᠲ᠋ᠠ ᠶᠢ ᠵᠠᠰᠠᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠳ᠋ᠠᠶᠢᠲ᠋ᠠ ᠶᠢᠨ | ᠬᠠᠮᠢᠶᠠᠷᠤᠯᠲᠠ ᠶᠢᠨ ᠬᠦᠷᠢᠶᠡᠨ ᠳᠠᠬᠢ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠴᠢᠩᠭᠠᠳᠬᠠᠵᠤ᠂ | ᠳ᠋ᠠᠶᠢᠲ᠋ᠠ ᠶᠢᠨ ᠵᠠᠰᠠᠯᠲᠠ ᠶᠢᠨ ᠬᠠᠤᠯᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠦᠨ᠎ᠡ᠃ ᠪᠦᠭᠦ ᠠᠮᠢ ᠨᠠᠰᠤᠨ ᠤ | ᠦᠶᠡᠯᠡᠯ ᠤᠨ ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠪᠠᠶᠢᠭᠤᠯᠬᠤ ᠶᠢ ᠳᠡᠮᠵᠢᠵᠦ᠂ ᠡᠯ᠎ᠡ | ᠲᠥᠷᠥᠯ ᠤᠨ ᠳ᠋ᠠᠶᠢᠲ᠋ᠠ ᠶᠢᠨ ᠶᠠᠰᠤ ᠴᠢᠨᠠᠷ ᠤᠨ ᠠᠰᠠᠭᠤᠳᠠᠯ ᠢ ᠢᠯᠭᠠᠨ ᠲᠠᠨᠢᠬᠤ᠂ ᠬᠡᠮᠵᠢᠬᠦ᠂ ᠬᠢᠨᠠᠨ ᠡᠵᠡᠮᠳᠡᠬᠦ ᠪᠠ | ᠤᠷᠢᠳᠴᠢᠯᠠᠨ ᠰᠡᠷᠡᠮᠵᠢᠯᠡᠭᠦᠯᠦᠨ᠎ᠡ᠃ ᠳ᠋ᠠᠶᠢᠲ᠋ᠠ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠪᠣᠯᠪᠠᠰᠤᠷᠠᠩᠭᠤᠢ ᠶᠢᠨ | ᠬᠡᠮᠵᠢᠶ᠎ᠡ ᠶᠢ ᠦᠨᠡᠯᠡᠨ ᠵᠢᠱᠢᠬᠦ ᠵᠠᠭᠪᠤᠷ ᠤᠨ ᠤᠯᠤᠰ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ᠂ ᠳ᠋ᠠᠶᠢᠲ᠋ᠠ ᠶᠢᠨ ᠵᠠᠰᠠᠯᠲᠠ᠂ ᠳ᠋ᠠᠶᠢᠲ᠋ᠠ ᠶᠢ ᠬᠠᠮᠲᠤᠪᠠᠷ ᠡᠳ᠋ᠯᠡᠬᠦ᠂ ᠳ᠋ᠠᠶᠢᠲ᠋ᠠ ᠶᠢᠨ | ᠬᠡᠷᠡᠭᠯᠡᠯᠲᠡ ᠪᠠ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤᠮᠳᠠᠬᠢ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠠᠵᠤ ᠠᠬᠤᠶᠢᠯᠠᠯ ᠤᠨ ᠣᠷᠤᠯᠴᠠᠬᠤ ᠶᠢ ᠵᠢᠷᠤᠮᠵᠢᠭᠤᠯᠵᠤ᠂ | ᠤᠷᠤᠯᠴᠠᠬᠰᠠᠨ ᠠᠵᠤ ᠠᠬᠤᠶᠢᠯᠠᠯ ᠤᠨ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠬᠤ ᠵᠣᠬᠢᠬᠤ ᠡᠭᠦᠷᠭᠡ ᠪᠠᠨ | ᠭᠦᠢᠴᠡᠳᠬᠡᠬᠦ ᠳᠤ ᠬᠢᠨᠠᠯᠲᠠ ᠲᠠᠯᠪᠢᠨ᠎ᠠ᠃ ᠡᠯ᠎ᠡ ᠲᠥᠷᠥᠯ ᠤᠨ ᠳ᠋ᠠᠶᠢᠲ᠋ᠠ ᠶᠢᠨ ᠲᠥᠪ᠂ ᠭᠡᠲᠦ ᠺᠤᠮᠫᠢᠦ᠋ᠲ᠋ᠧᠷ ᠤᠨ | ᠲᠥᠪ ᠢ ᠱᠠᠯᠠᠪᠳᠠᠭᠤᠯᠵᠤ ᠪᠠᠶᠢᠭᠠᠳ ᠳ᠋ᠠᠶᠢᠲ᠋ᠠ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ | ᠨᠠᠢᠮᠠ᠂ ᠳ᠋ᠠᠶᠢᠲ᠋ᠠ ᠶᠢᠨ ᠡᠯᠧᠮᠧᠨ᠋ᠲ ᠤᠨ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠤᠨ᠎ᠠ | ︵ᠠᠷᠪᠠ ᠶᠢᠰᠦ︶ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ | ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠵᠢᠷᠤᠭ ᠤᠨ ᠵᠢᠭᠰᠠᠯ ᠢ ᠨᠠᠶᠢᠷᠠᠭᠤᠯᠤᠨ ᠵᠣᠬᠢᠶᠠᠨ᠎ᠠ᠃ ᠳ᠋ᠠᠶᠢᠲ᠋ᠠ ᠶᠢᠨ | ᠦᠢᠯᠡᠳᠪᠦᠷᠢᠯᠡᠯ ᠤᠨ ᠡᠯᠧᠮᠧᠨ᠋ᠲ ᠤᠨ ᠬᠢᠨᠠᠨ ᠬᠠᠷᠭᠤᠭᠤᠯᠬᠤ ᠰᠢᠰᠲ᠋ᠧᠮ ᠪᠠ ᠠᠷᠭ᠎ᠠ ᠶᠢ ᠰᠤᠳᠤᠯᠤᠨ ᠪᠠᠶᠢᠭᠤᠯᠵᠤ᠂ | ᠪᠦᠷᠢᠳᠬᠡᠬᠦ ᠬᠡᠪᠴᠢᠶ᠎ᠡ ᠪᠠ ᠲᠥᠷᠥᠯ ᠬᠤᠪᠢᠶᠠᠬᠤ ᠪᠠᠷᠢᠮᠵᠢᠶ᠎ᠠ ᠶᠢ ᠲᠣᠳᠣᠷᠬᠠᠶᠢᠯᠠᠨ᠂ ᠳ᠋ᠠᠶᠢᠲ᠋ᠠ ᠶᠢᠨ ᠡᠯᠧᠮᠧᠨ᠋ᠲ ᠤᠨ | ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠦᠷᠢᠳᠬᠡᠨ ᠵᠠᠳᠠᠯᠬᠤ ᠶᠢ ᠴᠢᠩᠭᠠᠳᠬᠠᠨ᠎ᠠ᠃ ᠲᠥᠪ ᠤᠨ ᠠᠵᠤ ᠠᠬᠤᠶᠢᠯᠠᠯ᠂ | ᠢᠨᠲ᠋ᠧᠷ ᠰᠦᠯᠵᠢᠶᠡᠨ ᠤ ᠲᠠᠪᠴᠠᠩ ᠤᠨ ᠺᠤᠮᠫᠠᠨᠢ ᠶᠢᠨ ᠮᠠᠨ ᠤ ᠣᠷᠣᠨ ᠳᠤ ᠳ᠋ᠠᠶᠢᠲ᠋ᠠ ᠶᠢᠨ ᠬᠤᠪᠢᠶᠠᠷᠢ ᠺᠤᠮᠫᠠᠨᠢ ᠪᠠ | ᠰᠤᠳᠤᠯᠭᠠᠨ ᠤ ᠬᠦᠷᠢᠶᠡᠯᠡᠩ ᠪᠠᠶᠢᠭᠤᠯᠬᠤ ᠶᠢ ᠳᠡᠮᠵᠢᠨ᠎ᠡ᠃ ᠳ᠋ᠠᠶᠢᠲ᠋ᠠ ᠲᠥᠪᠯᠡᠷᠡᠭᠰᠡᠨ ᠭᠡᠯᠪᠡᠷᠢ ᠶᠢᠨ ᠠᠵᠤ | ᠠᠬᠤᠶᠢᠯᠠᠯ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠭᠤᠣᠯᠳᠠᠯᠭ᠎ᠠ ᠲᠠᠢ | ᠬᠦᠷᠢᠶ᠎ᠡ ᠳᠤ ᠨᠠᠩ ᠡᠯᠪᠡᠭ ᠪᠠᠶᠠᠯᠢᠭ ᠳ᠋ᠠᠶᠢᠲ᠋ᠠ ᠶᠢᠨ ᠡᠯᠧᠮᠧᠨ᠋ᠲ ᠤᠨ ᠦᠢᠯᠡᠳᠬᠦᠨ ᠪᠠ ᠦᠢᠯᠡᠴᠢᠯᠡᠭᠡ ᠬᠠᠩᠭᠠᠨ᠎ᠠ᠃ | ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠯᠤᠭ᠎ᠠ ᠶᠢᠨ ᠳ᠋ᠠᠶᠢᠲ᠋ᠠ ᠶᠢᠨ ᠠᠮᠢ ᠠᠬᠤᠢ ᠶᠢᠨ ᠬᠥᠭᠵᠢᠯᠲᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ᠂ ᠴᠧᠩᠳᠦ᠋ ᠴᠦᠩᠴᠢᠩ ᠭᠦᠢᠵᠧᠦ ᠵᠡᠷᠭᠡ ᠯᠦᠭᠡ ᠳ᠋ᠠᠶᠢᠲ᠋ᠠ ᠶᠢᠨ ᠡᠬᠢ | ᠪᠠᠶᠠᠯᠢᠭ᠂ ᠪᠣᠳᠣᠯᠲᠠ ᠶᠢᠨ ᠬᠦᠴᠦᠨ᠂ ᠮᠡᠷᠭᠡᠵᠢᠯ᠂ ᠬᠡᠷᠡᠭᠯᠡᠯᠲᠡ ᠵᠡᠷᠭᠡ ᠲᠠᠯ᠎ᠠ ᠪᠠᠷ ᠢᠳᠡᠪᠬᠢᠲᠡᠢ ᠬᠠᠮᠲᠤᠷᠠᠯᠴᠠᠭ᠎ᠠ | ᠥᠷᠨᠢᠭᠦᠯᠦᠨ᠎ᠡ᠃ | ︵ᠬᠤᠷᠢ︶ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠠᠶᠢᠭᠤᠯᠤᠨ᠎ᠠ᠃ | ᠪᠦᠭᠦ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠨᠡᠭᠡᠭᠡᠯᠲᠡᠲᠤ ᠠᠬᠤᠢ ᠲᠠᠯᠠᠪᠠᠶ᠂ ᠨᠡᠭᠡᠭᠡᠯᠲᠡᠲᠤ ᠳ᠋ᠠᠶᠢᠲ᠋ᠠ ᠪᠠ ᠪᠣᠳᠣᠯᠲᠠ ᠶᠢᠨ | ᠬᠦᠴᠦᠨ ᠢ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯ᠎ᠡ ᠲᠥᠷᠥᠯ ᠤᠨ ᠳ᠋ᠠᠶᠢᠲ᠋ᠠ ᠶᠢᠨ | ᠡᠯᠧᠮᠧᠨ᠋ᠲ ᠤᠨ ᠭᠡᠯᠪᠡᠷᠢ ᠶᠢᠨ ᠠᠵᠤ ᠠᠬᠤᠶᠢᠯᠠᠯ ᠢ ᠲᠡᠳᠡᠨ ᠣᠷᠣᠭᠤᠯᠵᠤ ᠨᠤᠲᠤᠭᠰᠢᠭᠤᠯᠤᠨ᠎ᠠ᠃ ᠠᠵᠤ ᠠᠬᠤᠶᠢᠯᠠᠯ᠂ | ᠳᠡᠭᠡᠳᠦ ᠵᠡᠷᠭᠡ ᠶᠢᠨ ᠰᠤᠷᠭᠠᠭᠤᠯᠢ ᠪᠠ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠤᠨ ᠳ᠋ᠠᠶᠢᠲ᠋ᠠ ᠶᠢᠨ | ᠡᠯᠧᠮᠧᠨ᠋ᠲ ᠤᠨ ᠮᠡᠷᠭᠡᠵᠢᠯ ᠤᠨ ᠰᠤᠳᠤᠯᠭᠠᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠳ᠋ᠠᠶᠢᠲ᠋ᠠ ᠶᠢᠨ | ᠡᠯᠧᠮᠧᠨ᠋ᠲ ᠤᠨ ᠰᠡᠳᠦᠪ ᠤᠨ ᠰᠤᠳᠤᠯᠭᠠᠨ ᠢ ᠥᠷᠨᠢᠭᠦᠯᠦᠨ᠂ ᠳ᠋ᠠᠶᠢᠲ᠋ᠠ ᠴᠤᠭᠯᠠᠭᠤᠯᠬᠤ᠂ ᠤᠬᠢᠶᠠᠵᠤ ᠡᠳ᠋ᠰᠢᠭᠦᠯᠬᠦ᠂ | ᠬᠠᠳᠠᠭᠠᠯᠠᠬᠤ᠂ ᠪᠤᠳᠤᠬᠤ᠂ ᠵᠠᠳᠠᠯᠤᠨ ᠠᠭᠤᠳᠠᠯᠬᠤ᠂ ᠦᠵᠡᠭᠳᠡᠮᠡᠯ ᠪᠤᠯᠭᠠᠬᠤ᠂ ᠠᠮᠤᠷ ᠲᠦᠪᠰᠢᠨ ᠬᠢᠭᠡᠳ ᠬᠤᠪᠢ ᠶᠢᠨ | ᠨᠢᠭᠤᠴᠠ ᠶᠢ ᠬᠠᠮᠠᠭᠠᠯᠠᠬᠤ ᠵᠡᠷᠭᠡ ᠬᠦᠷᠢᠶ᠎ᠡ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠥᠷᠨᠢᠭᠦᠯᠵᠦ᠂ ᠬᠠᠮᠢᠶ᠎ᠠ ᠪᠦᠬᠦᠢ ᠮᠡᠷᠭᠡᠵᠢᠯ ᠪᠠ ᠠᠵᠤ ᠦᠢᠯᠡᠰ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ | ᠠᠬᠢᠭᠤᠯᠤᠨ᠎ᠠ᠃ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢᠨ ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ ᠨᠤᠭᠤᠳ ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠭᠤᠣᠯᠯᠠᠨ ᠵᠢᠯᠤᠭᠤᠳᠴᠤ᠂ ᠡᠯ᠎ᠡ ᠰᠠᠯᠠᠭ᠎ᠠ | ᠮᠥᠴᠢᠷ ᠬᠠᠮᠵᠢᠯᠴᠠᠭᠰᠠᠨ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠵᠣᠬᠢᠶᠠᠨ ᠪᠠᠶᠢᠭᠤᠯᠵᠤ | ᠵᠣᠬᠢᠴᠠᠭᠤᠯᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠠᠵᠢᠯ ᠢᠶᠠᠨ | ᠨᠢᠭᠡᠳᠦᠯᠲᠡᠢ ᠲᠥᠯᠥᠪᠵᠢᠭᠦᠯᠬᠦ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠭᠠᠵᠠᠷ ᠣᠷᠣᠨ | ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠱᠠᠲᠤ ᠲᠠᠰ ᠠᠯᠤᠰᠯᠠᠭᠰᠠᠨ ᠬᠠᠮᠵᠢᠯᠴᠠᠨ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠪᠠ ᠠᠵᠢᠯ ᠲᠥᠷᠥᠯ ᠤᠨ ᠬᠦᠷᠢᠶ᠎ᠡ ᠶᠢᠨ | ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ᠂ ᠰᠢᠨ᠎ᠡ ᠶᠢ ᠡᠭᠦᠳᠦᠨ ᠰᠦᠪᠡᠭᠴᠢᠯᠡᠬᠦ ᠶᠢ ᠳᠡᠮᠵᠢᠨ᠎ᠡ᠃ | ︵ᠬᠤᠷᠢᠨ ᠬᠤᠶᠠᠷ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠣᠯᠠᠨ | ᠨᠡᠶᠢᠲᠡ ᠶᠢᠨ ᠳ᠋ᠠᠶᠢᠲ᠋ᠠ ᠶᠢ ᠬᠠᠮᠲᠤ ᠪᠠᠷ ᠡᠳ᠋ᠯᠡᠵᠦ ᠨᠡᠭᠡᠭᠡᠯᠲᠡ ᠬᠢᠬᠦ ᠶᠢ ᠠᠬᠢᠭᠤᠯᠤᠨ᠂ ᠳ᠋ᠠᠶᠢᠲ᠋ᠠ ᠶᠢᠨ ᠡᠯᠧᠮᠧᠨ᠋ᠲ ᠤᠨ | ᠵᠠᠬ᠎ᠠ ᠳᠡᠯᠭᠡᠭᠦᠷ ᠢ ᠲᠡᠳᠬᠦᠨ ᠳᠡᠮᠵᠢᠨ᠎ᠡ᠃ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ | ᠬᠥᠷᠥᠩᠭᠡ ᠶᠢᠨ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠨ ᠳᠤ ᠣᠷᠣᠭᠤᠯᠤᠯᠲᠠ ᠬᠢᠬᠦ ᠶᠢ | ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ ᠵᠢᠭᠡᠯᠡᠯᠭᠡ᠂ ᠵᠠᠰᠠᠭ ᠤᠨ ᠣᠷᠳᠣᠨ ᠤ ᠨᠥᠬᠦᠪᠦᠷᠢ ᠵᠡᠷᠭᠡ ᠠᠷᠭ᠎ᠠ ᠮᠠᠶ᠋ᠢᠭ ᠢ ᠠᠰᠢᠭᠯᠠᠨ | ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠶᠢ ᠳᠡᠮᠵᠢᠨ᠎ᠡ᠃ | ︵ᠬᠤᠷᠢᠨ ᠭᠤᠷᠪᠠ︶ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠳᠡᠭᠡᠳᠦ ᠵᠡᠷᠭᠡ ᠶᠢᠨ | ᠰᠤᠷᠭᠠᠭᠤᠯᠢ ᠶᠢᠨ ᠳ᠋ᠠᠶᠢᠲ᠋ᠠ ᠶᠢᠨ ᠡᠯᠧᠮᠧᠨ᠋ᠲ ᠤᠨ ᠬᠠᠮᠢᠶ᠎ᠠ ᠪᠦᠬᠦᠢ ᠬᠢᠴᠢᠶᠡᠯ ᠨᠡᠭᠡᠭᠡᠬᠦ ᠶᠢ ᠳᠠᠮᠵᠢᠵᠤ᠂ ᠠᠵᠤ | ᠠᠬᠤᠶᠢᠯᠠᠯ ᠯᠤᠭ᠎ᠠ ᠬᠠᠮᠲᠤᠷᠠᠨ ᠰᠤᠷᠭᠠᠭᠤᠯᠢ ᠡᠷᠭᠢᠯᠡᠭᠦ ᠪᠠ ᠠᠵᠤ ᠦᠢᠯᠡᠰ ᠪᠠ ᠰᠤᠷᠭᠠᠨ ᠬᠥᠮᠦᠵᠢᠯ ᠢ | ᠠᠭᠤᠰᠤᠯᠴᠠᠭᠤᠯᠬᠤ ᠰᠠᠭᠤᠷᠢᠨ᠂ ᠲᠤᠷᠰᠢᠯᠲᠠ ᠶᠢᠨ ᠲᠠᠰᠤᠭ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ ᠬᠠᠮᠲᠤᠪᠠᠷ | ᠪᠠᠶᠢᠭᠤᠯᠬᠤ ᠵᠡᠷᠭᠡ ᠭᠡᠯᠪᠡᠷᠢ ᠪᠠᠷ ᠳᠠᠮᠵᠢᠭᠤᠯᠤᠨ ᠳ᠋ᠠᠶᠢᠲ᠋ᠠ ᠶᠢᠨ ᠡᠯᠧᠮᠧᠨ᠋ᠲ ᠤᠨ ᠴᠢᠳᠠᠪᠤᠷᠢᠲᠠᠨ ᠢ ᠬᠥᠮᠥᠵᠢᠭᠦᠯᠬᠦ ᠶᠢ | ᠴᠢᠩᠭᠠᠳᠬᠠᠨ᠎ᠠ᠃ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠮᠡᠷᠭᠡᠵᠢᠯ ᠴᠢᠳᠠᠪᠤᠷᠢ ᠶᠢ | ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳ᠋ᠠᠶᠢᠲ᠋ᠠ ᠶᠢᠨ ᠰᠠᠭᠤᠷᠢ ᠳᠦᠷᠢᠮ ᠤᠨ ᠲᠤᠰᠬᠠᠢ | ᠰᠡᠳᠦᠪᠲᠦ ᠪᠣᠯᠪᠠᠰᠤᠷᠠᠯ ᠢ ᠲᠠᠰ ᠳᠠᠪᠬᠤᠷᠭ᠎ᠠ ᠲᠥᠷᠥᠯ ᠢᠯᠭᠠᠯ ᠬᠤᠪᠢᠶᠠᠨ ᠥᠷᠨᠢᠭᠦᠯᠦᠨ᠎ᠡ᠃ ᠳ᠋ᠠᠶᠢᠲ᠋ᠠ ᠶᠢᠨ | ᠡᠯᠧᠮᠧᠨ᠋ᠲ ᠤᠨ ᠲᠤᠰᠬᠠᠢ ᠮᠡᠷᠭᠡᠵᠢᠯᠲᠡᠨ ᠤ ᠯᠠᠪᠯᠠᠭ᠎ᠠ ᠶᠢᠨ ᠬᠥᠮᠥᠷᠭᠡ ᠶᠢ ᠪᠡᠯᠡᠳᠬᠡᠨ ᠪᠠᠶᠢᠭᠤᠯᠵᠤ᠂ ᠳ᠋ᠠᠶᠢᠲ᠋ᠠ ᠶᠢᠨ | ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠳᠤ ᠲᠤᠯᠭᠠᠭᠤᠷᠢᠯᠠᠯ ᠬᠠᠩᠭᠠᠨ᠎ᠠ᠃ | ︵ᠬᠤᠷᠢᠨ ᠳᠥᠷᠪᠡ︶ ᠦᠨᠡᠯᠡᠨ ᠵᠢᠱᠢᠵᠦ ᠱᠠᠯᠠᠪᠳᠠᠭᠤᠯᠤᠨ ᠵᠢᠯᠤᠭᠤᠳᠬᠤ ᠶᠢ ᠥᠷᠨᠢᠭᠦᠯᠦᠨ᠎ᠡ᠃ ᠳ᠋ᠠᠶᠢᠲ᠋ᠠ ᠶᠢᠨ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠬᠥᠭᠵᠢᠭᠦᠯᠬᠦ ᠵᠢᠴᠢ ᠬᠠᠮᠢᠶ᠎ᠠ ᠪᠦᠬᠦᠢ ᠳᠦᠷᠢᠮ ᠤᠨ ᠪᠠᠶᠢᠭᠤᠯᠤᠯᠲᠠ ᠶᠢᠨ | ᠪᠠᠶᠢᠳᠠᠯ ᠢ ᠮᠥᠷᠳᠡᠨ ᠵᠠᠳᠠᠯᠬᠤ ᠪᠠᠨ ᠴᠢᠩᠭᠠᠳᠬᠠᠵᠤ᠂ ᠠᠵᠢᠯ ᠤᠨ ᠦᠨᠡᠯᠡᠨ ᠵᠢᠱᠢᠯᠲᠡ ᠶᠢ ᠲᠣᠭᠲᠠᠮᠠᠯ | ᠬᠤᠭᠤᠴᠠᠭ᠎ᠠ ᠲᠠᠢ ᠥᠷᠨᠢᠭᠦᠯᠦᠨ᠂ ᠬᠠᠮᠢᠶ᠎ᠠ ᠪᠦᠬᠦᠢ ᠳᠦᠷᠢᠮ ᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠶᠢ | ᠠᠬᠢᠭᠤᠯᠤᠨ᠎ᠠ᠃ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠠᠯᠳᠠᠭ᠎ᠠ ᠪᠤᠷᠤᠭᠤ ᠶᠢ ᠠᠭᠤᠴᠢᠯᠠᠵᠤ | ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠯᠳᠠᠭ᠎ᠠ ᠪᠤᠷᠤᠭᠤ ᠶᠢ ᠠᠭᠤᠴᠢᠯᠠᠵᠤ ᠵᠠᠯᠠᠷᠠᠭᠤᠯᠬᠤ ᠬᠡᠪᠴᠢᠶ᠎ᠡ᠂ | ᠨᠥᠬᠦᠴᠡᠯ ᠵᠢᠴᠢ ᠰᠢᠢᠳᠪᠦᠷᠢᠯᠡᠬᠦ ᠵᠠᠷᠴᠢᠮ᠂ ᠰᠢᠢᠳᠪᠦᠷᠢᠯᠡᠬᠦ ᠲᠡᠰ ᠳᠠᠷᠠᠭᠠᠯᠠᠯ ᠵᠡᠷᠭᠡ ᠶᠢ ᠲᠣᠳᠣᠷᠬᠠᠶᠢᠯᠠᠨ᠎ᠠ᠃ | |