- 75 ᠵᠢᠯ ᠤᠨ ᠲᠤᠷᠰᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠰᠡᠨ ᠲᠤᠬᠠᠢ ᠲᠤᠭ᠎ᠠ ᠪᠠᠷ ᠥᠭᠦᠯᠡᠬᠦᠢ | ᠪᠣᠳᠠᠭᠠᠯᠢ ᠪᠡᠶ᠎ᠡ ᠶᠢᠨ ᠥᠩᠭᠡᠷᠡᠭᠡᠯᠲᠡ ᠶᠡᠷᠦ ᠨᠢ ᠲᠡᠭᠷᠢ ᠭᠠᠵᠠᠷ ᠢ ᠥᠭᠡᠷᠡᠴᠢᠯᠡᠭᠰᠡᠨ ᠴᠠᠭ ᠦᠶ᠎ᠡ ᠶᠢᠨ | ᠬᠤᠪᠢᠷᠠᠯᠲᠠ ᠶᠢ ᠢᠯᠡᠷᠬᠡᠶᠢᠯᠡᠳᠡᠭ᠃ ᠭᠦᠭᠡᠬᠤᠲᠠ ᠶᠢᠨ ᠵᠢᠨᠴᠤᠸᠠᠨ ᠨᠡᠭᠡᠭᠡᠯᠲᠡ ᠶᠢᠨ ᠲᠣᠭᠤᠷᠢᠭ ᠲᠤ ᠰᠠᠭᠤᠭ᠎ᠠ ᠵᠠᠩ | ᠵᠢᠩ ᠴᠢᠦ ᠡᠳᠦᠷ ᠪᠦᠷᠢ ᠲᠡᠷᠭᠡ ᠵᠢᠯᠣᠭᠤᠳᠤᠨ 20 ᠭᠠᠷᠤᠢ ᠺᠢᠯᠣᠮᠧᠲᠷ ᠬᠤᠯᠠ ᠪᠠᠶᠢᠭ᠎ᠠ ᠵᠢᠨᠴᠢᠶᠣᠣ | ᠨᠡᠭᠡᠭᠡᠯᠲᠡ ᠶᠢᠨ ᠲᠣᠭᠤᠷᠢᠭ ᠲᠤ ᠬᠦᠷᠴᠦ ᠠᠵᠢᠯᠯᠠᠳᠠᠭ᠃ | ᠬᠡᠳᠦᠶᠢᠪᠡᠷ ᠠᠵᠢᠯᠯᠠᠬᠤ ᠭᠠᠵᠠᠷ ᠭᠡᠷ ᠠᠴᠠ ᠨᠢ ᠬᠤᠯᠠ ᠪᠤᠯᠪᠠᠴᠤ ᠲᠦᠷᠭᠡᠨ ᠤ ᠵᠠᠮ ᠨᠡᠪᠲᠡᠷᠡᠭᠰᠡᠨ ᠢᠶᠠᠷ ᠵᠠᠩ | ᠵᠢᠩ ᠴᠢᠦ ᠬᠠᠭᠠᠰᠬᠠᠨ ᠴᠠᠭ ᠲᠤ ᠪᠠᠶᠢᠭᠤᠯᠭ᠎ᠠ ᠳᠠᠭᠠᠨ ᠭᠦᠷᠳᠡᠭ᠃ 10 ᠵᠢᠯ ᠤᠨ ᠡᠮᠦᠨ᠎ᠡ᠂ ᠲᠡᠷᠡ ᠬᠠᠭᠠᠰ ᠬᠤᠳᠠ | ᠶᠢ ᠲᠣᠭᠤᠷᠢᠵᠤ ᠶᠠᠪᠤᠮᠠᠨᠵᠢᠨ ᠰᠠᠶ᠋ᠢ ᠪᠠᠶᠢᠭᠤᠯᠭ᠎ᠠ ᠳᠠᠭᠠᠨ ᠭᠦᠷᠳᠡᠭ ᠪᠠᠶᠢᠵᠠᠢ᠃ | ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠠᠴᠠ ᠨᠠᠭᠠᠰᠢ᠂ ᠬᠡᠳᠦᠨ ᠵᠠᠭᠤᠨ ᠳ᠋ᠦᠩᠰᠢᠭᠤᠷ | ᠲᠥᠭᠦᠷᠢᠭ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠳᠠᠭᠠᠯᠳᠤᠨ᠂ ᠭᠦᠭᠡᠬᠤᠲᠠ ᠶᠢᠨ ᠬᠤᠶᠠᠳᠤᠭᠠᠷ | ᠲᠣᠭᠤᠷᠢᠯ ᠤᠨ ᠲᠦᠷᠭᠡᠨ ᠤ ᠵᠠᠮ᠂ ᠢᠯᠢ ᠶᠡᠭᠡ ᠵᠠᠮ ᠤᠨ ᠲᠦᠷᠭᠡᠨ ᠤ ᠵᠠᠮ ᠵᠡᠷᠭᠡ ᠠᠷᠠᠳ ᠤᠨ ᠠᠮᠢᠳᠤᠷᠠᠯ ᠤᠨ | ᠢᠨᠵᠧᠨᠧᠷᠢᠩ ᠵᠠᠯᠭᠠᠭ᠎ᠠ ᠪᠠᠷ ᠠᠰᠢᠭᠯᠠᠯᠲᠠ ᠳᠤ ᠣᠷᠣᠪᠠ᠃ ᠡᠭᠦᠨ ᠳᠤ ᠵᠠᠩ ᠵᠢᠩ ᠴᠢᠦ ᠠᠵᠢᠯᠯᠠᠬᠤ ᠪᠠᠷ | ᠶᠠᠪᠤᠬᠤ ᠳᠠᠭᠠᠨ ᠶᠠᠭ ᠡᠨᠡ ᠬᠤᠶᠠᠷ ᠲᠦᠷᠭᠡᠨ ᠤ ᠵᠠᠮ ᠤᠨ ᠨᠢᠭᠡ ᠬᠡᠰᠡᠭ ᠢᠶᠠᠷ ᠥᠩᠭᠡᠷᠡᠳᠡᠭ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠥᠪᠥᠷ ᠮᠣᠩᠭᠤᠯ ᠳᠤ | ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠣᠷᠣᠨ ᠤ ᠠᠷᠠᠳ ᠲᠦᠮᠡᠨ ᠬᠠᠮᠲᠤ ᠪᠠᠷ ᠡᠳ᠋ᠯᠡᠭᠰᠡᠨ ᠲᠤᠬᠠᠢ ᠲᠡᠦᠬᠡᠨ | ᠬᠠᠭᠤᠳᠠᠰᠤᠨ ᠳᠤ ᠲᠡᠮᠳᠡᠭᠯᠡᠭᠦᠰᠢᠲᠡᠢ ᠨᠢ ᠵᠦᠪᠭᠡᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠲᠡᠳᠦᠢ ᠪᠢᠰᠢ ᠶᠤᠮ᠃ | ᠡᠨᠡ ᠵᠢᠯ ᠤᠨ 7 ᠰᠠᠷ᠎ᠠ ᠶᠢᠨ 8 ᠤ ᠡᠳᠦᠷ ᠪᠤᠯᠲᠠᠯ᠎ᠠ᠂ ᠥᠪᠥᠷ ᠮᠣᠩᠭᠤᠯ 2024 ᠣᠨ ᠤ ᠬᠦᠴᠢᠷᠳᠡᠯᠲᠡᠢ | ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢ 74.42 ᠳ᠋ᠦᠩᠰᠢᠭᠤᠷ ᠲᠥᠭᠦᠷᠢᠭ | ᠪᠠᠭᠤᠯᠭᠠᠪᠠ᠃ ᠵᠥᠪᠭᠡᠨ ᠡᠨᠡ ᠨᠢᠭᠡ ᠵᠦᠢᠯ ᠤᠨ ᠵᠠᠷᠤᠯᠭ᠎ᠠ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | ᠡᠬᠢᠨ ᠤ ᠦᠶ᠎ᠡ ᠶᠢᠨ ᠪᠦᠭᠦ ᠣᠷᠣᠨ ᠤ ᠨᠢᠭᠡ ᠵᠢᠯ ᠤᠨ ᠪᠦᠭᠦ ᠡᠳ᠋ ᠤᠨ ᠵᠠᠰᠠᠭ ᠤᠨ ᠵᠠᠷᠤᠯᠭ᠎ᠠ ᠠᠴᠠ ᠬᠤᠯᠠ | ᠳᠠᠪᠠᠭᠰᠠᠨ ᠪᠠᠶᠢᠨ᠎ᠠ᠃ | ᠨᠠᠩ ᠴᠢᠬᠤᠯᠠ ᠨᠢ᠂ ᠡᠨᠡ ᠬᠦ 74.42 ᠳ᠋ᠦᠩᠰᠢᠭᠤᠷ ᠲᠥᠭᠦᠷᠢᠭ ᠨᠢ ᠪᠦᠭᠦ ᠣᠷᠣᠨ ᠤ 167 ᠲᠦᠮᠡᠨ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ | ᠬᠥᠮᠥᠰ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ | ᠠᠮᠢᠳᠤᠷᠠᠯ ᠢ ᠪᠠᠲᠤᠯᠠᠬᠤ ᠶᠢᠨ ᠬᠠᠮᠲᠤ᠂ ᠣᠨᠴᠠ ᠬᠦᠴᠢᠷᠳᠡᠯᠲᠡᠢ ᠬᠥᠮᠥᠰ ᠵᠢᠴᠢ ᠲᠡᠨᠦᠭᠦᠴᠢᠯᠡᠨ ᠭᠤᠶᠢᠷᠠᠨᠴᠢᠯᠠᠵᠤ | ᠪᠠᠶᠢᠭ᠎ᠠ ᠬᠥᠮᠥᠰ ᠢ ᠲᠦᠷ ᠴᠠᠭ ᠠᠪᠤᠷᠠᠨ ᠲᠤᠰᠠᠯᠠᠬᠤ ᠳᠤ ᠬᠡᠷᠡᠭᠯᠡᠵᠦ᠂ ᠡᠳ᠋ ᠤᠨ ᠵᠠᠰᠠᠭ ᠤᠨ ᠠᠪᠤᠷᠠᠨ ᠲᠤᠰᠠᠯᠠᠬᠤ | ᠨᠥᠬᠦᠪᠦᠷᠢ ᠪᠡᠯᠡ ᠮᠥᠩᠭᠦ ᠪᠠᠷ ᠬᠤᠷᠢᠭ᠎ᠠ ᠱᠤᠭᠤᠮ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ | ᠦᠢᠯᠡᠳᠦᠯ ᠢ ᠪᠠᠳᠠᠷᠠᠭᠤᠯᠪᠠ᠃ | ᠴᠠᠭ ᠮᠥᠴᠡ ᠪᠣᠯ ᠪᠤᠰᠤᠳᠴᠢ ᠭᠡᠷᠡᠴᠢᠯᠡᠭᠴᠢ ᠮᠥᠨ᠂ ᠨᠡᠩ ᠴᠤ ᠠᠭᠤᠤ ᠶᠡᠭᠡ ᠪᠢᠴᠢᠭᠯᠡᠭᠴᠢ ᠮᠥᠨ᠃ ᠠᠵᠤ | ᠠᠬᠤᠢ ᠨᠡᠶᠢᠭᠡᠮ ᠤᠨ ᠪᠦᠭᠦ ᠲᠠᠯ᠎ᠠ ᠶᠢᠨ ᠬᠥᠭᠵᠢᠯᠲᠡ ᠵᠢᠴᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ | ᠦᠷᠭᠦᠯᠵᠢᠯᠡᠨ ᠠᠭᠢᠬᠤ ᠶᠢ ᠳᠠᠭᠠᠯᠳᠤᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠴᠢᠩᠭᠠᠷᠠᠵᠤ᠂ | ᠪᠦᠭᠦ ᠣᠷᠣᠨ ᠤ ᠡᠳ᠋ ᠤᠨ ᠵᠠᠰᠠᠭ ᠤᠨ ᠵᠠᠷᠤᠯᠭ᠎ᠠ 1949 ᠣᠨ ᠳᠤ 786 ᠲᠦᠮᠡᠨ ᠲᠥᠭᠦᠷᠢᠭ | ᠪᠠᠶᠢᠭᠰᠠᠨ ᠠᠴᠠ ᠪᠠᠨ 2023 ᠣᠨ ᠳᠤ 6836.2 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ 8.6 ᠲᠦᠮᠡ | ᠭᠠᠷᠤᠢ ᠳᠠᠭᠢᠨ ᠨᠡᠮᠡᠭᠳᠡᠪᠡ᠃ | ᠴᠠᠭ ᠮᠥᠴᠡ ᠠᠨᠢᠷ ᠦᠭᠡᠢ ᠥᠩᠭᠡᠷᠡᠵᠦ ᠲᠡᠦᠬᠡ ᠰᠤᠳᠤᠷ ᠲᠤ ᠤᠯᠠ ᠮᠥᠷ ᠦᠯᠡᠳᠡᠨ᠎ᠡ᠃ 75 ᠵᠢᠯ ᠤᠨ | ᠲᠤᠷᠰᠢ᠂ ᠡᠳ᠋ ᠤᠨ ᠵᠠᠰᠠᠭ ᠤᠨ ᠪᠡᠯᠡ ᠮᠥᠩᠭᠦ ᠪᠠᠷ ᠠᠵᠢᠯ ᠣᠯᠭᠤᠯᠲᠠ ᠶᠢ ᠠᠬᠢᠭᠤᠯᠬᠤ ᠭᠤᠣᠯᠳᠠᠯᠭ᠎ᠠ ᠲᠠᠢ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠳᠡᠮᠵᠢᠬᠦ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠳᠡᠮᠵᠢᠬᠦ ᠠᠴᠠ ᠡᠳ᠋ ᠤᠨ ᠵᠠᠰᠠᠭ ᠤᠨ ᠪᠡᠯᠡ ᠮᠥᠩᠭᠦ ᠪᠠᠷ ᠪᠠᠲᠤᠯᠠᠭ᠎ᠠ ᠶᠢᠨ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠢᠴᠢ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠰᠣᠶᠣᠯ ᠡᠷᠡᠭᠦᠯ ᠬᠠᠮᠠᠭᠠᠯᠠᠯ ᠵᠡᠷᠭᠡ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠳᠡᠮᠵᠢᠬᠦ | ᠭᠦᠷᠲᠡᠯ᠎ᠡ᠂ ᠡᠳ᠋ ᠤᠨ ᠵᠠᠰᠠᠭ ᠤᠨ ᠵᠠᠷᠤᠯᠭ᠎ᠠ ᠪᠦᠭᠦᠨ ᠨᠢ ᠪᠠᠷᠤᠭ ᠴᠥᠮ ᠠᠷᠠᠳ ᠣᠯᠠᠨ ᠤ ᠢᠳᠡᠵᠦ ᠡᠮᠦᠰᠬᠦ᠂ | ᠶᠠᠪᠤᠵᠤ ᠰᠠᠭᠤᠬᠤ᠂ ᠡᠳ᠋ᠯᠡᠵᠦ ᠬᠡᠷᠡᠭᠯᠡᠬᠦ ᠵᠡᠷᠭᠡ ᠲᠠᠢ ᠨᠢᠭᠲᠠ ᠬᠤᠯᠪᠤᠭ᠎ᠠ ᠲᠠᠢ ᠶᠤᠮ᠃ | ︽ᠳᠡᠯᠡᠬᠡᠢ ᠳ᠋ᠠᠬᠢᠨ ᠤ ᠡᠶᠡᠪᠡᠷᠭᠦᠦ ᠵᠠᠰᠠᠯᠲᠠ ᠠᠷᠠᠳ ᠢ ᠪᠠᠶᠠᠵᠢᠭᠤᠯᠬᠤ ᠳᠤ ᠪᠠᠶᠢᠵᠤ᠂ ᠳᠡᠯᠡᠬᠡᠢ ᠳ᠋ᠠᠬᠢᠨ ᠤ ᠠᠮᠤᠷ | ᠲᠣᠭᠲᠠᠭᠤᠨ ᠠᠷᠠᠳ ᠤᠨ ᠪᠠᠶᠠᠰᠤᠯ ᠳᠤ ᠪᠤᠢ︾᠃ ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ | ᠦᠷᠭᠦᠯᠵᠢᠯᠡᠨ ᠨᠡᠮᠡᠭᠳᠡᠵᠦ᠂ ︽ᠪᠦᠭᠦ ᠣᠷᠣᠨ ᠤ ᠠᠷᠠᠳ ᠲᠦᠮᠡᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠬᠦ︾ ᠨᠢ ᠬᠠᠮᠤᠭ ᠤᠨ ᠤᠷᠢᠶᠠᠯᠠᠬᠤ ᠬᠦᠴᠦᠨ ᠲᠠᠢ᠂ ᠬᠠᠮᠤᠭ ᠤᠨ ᠢᠳᠡᠪᠬᠢ ᠬᠦᠴᠦᠨ ᠲᠠᠢ ᠴᠠᠭ ᠦᠶ᠎ᠡ ᠶᠢᠨ | ᠬᠦᠴᠦᠷᠬᠡᠭ ᠳᠠᠭᠤᠨ ᠪᠣᠯᠪᠠ᠃ | ᠡᠶᠢᠮᠦᠷᠬᠦᠦ ᠢᠳᠡᠪᠬᠢ ᠬᠦᠴᠦᠨ ᠨᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠳᠡᠮᠵᠢᠯᠭᠡ ᠳᠣᠣᠷ᠎ᠠ ᠥᠪᠥᠷ | ᠮᠣᠩᠭᠤᠯ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠭᠰᠠᠨ ᠴᠢᠬᠤᠯᠠ ᠠᠮᠵᠢᠯᠲᠠ ᠪᠦᠲᠦᠮᠵᠢ ᠠᠴᠠ | ᠢᠷᠡᠯᠲᠡ ᠲᠠᠢ ᠶᠤᠮ᠃ | ᠲᠡᠦᠬᠡ ᠬᠡᠵᠢᠶᠡᠳᠡ ᠮᠠᠷᠲᠠᠬᠤ ᠦᠭᠡᠢ᠄ ᠭᠦᠭᠡᠬᠤᠲᠠ᠂ ᠪᠤᠭᠤᠲᠤ ᠵᠡᠷᠭᠡ ᠭᠠᠵᠠᠷ ᠤᠨ ᠬᠤᠲᠠ ︵ᠴᠠᠬᠤ ᠵᠠᠮ︶ | ᠶᠢᠨ ᠲᠦᠷᠭᠡᠨ ᠤ ᠵᠠᠮ ᠲᠡᠷᠭᠡ ᠨᠡᠪᠲᠡᠷᠡᠪᠡ᠃ ᠭᠦᠭᠡᠬᠤᠲᠠ ᠪᠤᠭᠤᠲᠤ ᠣᠷᠳᠣᠰ ᠦᠬᠠᠢ ᠳᠥᠷᠪᠡᠨ ᠬᠤᠲᠠ | ᠬᠤᠲᠠ ᠶᠢᠨ ᠬᠤᠭᠤᠷᠣᠨᠳᠣᠭᠢ ᠲᠦᠷᠭᠡᠨ ᠬᠤᠷᠳᠤᠴᠠᠲᠤ ᠭᠠᠯᠲᠤ ᠲᠡᠷᠭᠡ ᠬᠠᠷᠢᠯᠴᠠᠨ ᠨᠡᠪᠲᠡᠷᠡᠵᠦ᠂ ᠭᠦᠭᠡᠬᠤᠲᠠ ᠶᠢᠨ | ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠨᠡᠪᠲᠡᠷᠡᠨ ᠠᠵᠢᠯᠯᠠᠵᠤ᠂ ᠭᠦᠭᠡᠬᠤᠲᠠ ᠠᠴᠠ ᠪᠡᠭᠡᠵᠢᠩ | ᠬᠦᠷᠬᠦ᠂ ᠲᠦᠩᠯᠢᠶᠣᠣ ᠠᠴᠠ ᠮᠦᠭᠳᠡᠨ ᠬᠦᠷᠬᠦ᠂ ᠤᠯᠠᠭᠠᠨᠬᠤᠲᠠ ᠠᠴᠠ ᠴᠠᠩᠴᠦ᠋ᠨ ᠬᠦᠷᠬᠦ ᠵᠡᠷᠭᠡ ᠲᠦᠷᠭᠡᠨ︵ᠲᠦᠷᠭᠡᠨ | ᠬᠤᠷᠳᠤᠴᠠᠲᠤ︶ ᠤ ᠲᠡᠮᠦᠷ ᠵᠠᠮ ᠲᠡᠷᠭᠡ ᠨᠡᠪᠲᠡᠷᠡᠵᠦ᠂ ᠪᠦᠭᠦ ᠣᠷᠣᠨ ᠤ ᠲᠡᠮᠦᠷ ᠵᠠᠮ ᠤᠨ ᠲᠡᠭᠡᠭᠡᠪᠦᠷᠢ ᠶᠢᠨ | ᠡᠵᠡᠩᠨᠡᠯᠲᠡ ᠶᠢᠨ ᠵᠠᠮ ᠤᠨ ᠤᠷᠲᠤ 1.48 ᠲᠦᠮᠡᠨ ᠺᠢᠯᠣᠮᠧᠲᠷ ᠲᠤ ᠬᠦᠷᠴᠦ᠂ ᠪᠦᠭᠦ ᠤᠯᠤᠰ ᠤᠨ ᠨᠢᠭᠡᠳᠦᠭᠡᠷ ᠲᠤ | ᠣᠷᠣᠪᠠ᠃ 2024 ᠣᠨ ᠤ 3 ᠰᠠᠷ᠎ᠠ ᠶᠢᠨ 15 ᠤ ᠡᠳᠦᠷ ᠪᠤᠯᠲᠠᠯ᠎ᠠ᠂ ᠪᠦᠭᠦ ᠣᠷᠣᠨ ᠨᠢᠭᠡᠨᠲᠡ ︽ᠭᠠᠵᠠᠷ ᠪᠣᠯᠭᠠᠨ | ᠳᠤ ᠨᠡᠪᠲᠡᠷᠡᠬᠦ︾ ᠠᠶᠠᠯᠠᠯ ᠤᠨ ᠱᠤᠭᠤᠮ ᠢ 55 ᠵᠤᠷᠪᠤᠰ ᠠᠮᠵᠢᠯᠲᠠ ᠲᠠᠢ ᠨᠡᠪᠲᠡᠷᠡᠭᠦᠯᠪᠡ᠂ ᠡᠭᠦᠨ ᠤ ᠳᠡᠭᠡᠷ᠎ᠡ | ᠭᠦᠭᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠡᠯ᠎ᠡ ᠠᠶᠢᠮᠠᠭ ᠬᠤᠲᠠ | ᠬᠦᠷᠲᠡᠯᠡᠬᠢ ︽ᠭᠤᠣᠯ ᠵᠠᠮ ᠰᠠᠯᠪᠤᠷᠢ ᠵᠠᠮ︾ ᠤᠨ ᠠᠶᠠᠯᠠᠯ ᠤᠨ ᠱᠤᠭᠤᠮ ᠢ ᠨᠡᠮᠡᠪᠡᠯ᠂ ᠥᠪᠥᠷ ᠮᠣᠩᠭᠤᠯ ᠲᠦᠮᠡᠨ | ᠮᠧᠲᠷ ᠤᠨ ᠥᠨᠳᠥᠷ ᠣᠭᠲᠠᠷᠭᠤᠢ ᠶᠢᠨ ᠰᠠᠨᠰᠠᠷ ᠤᠨ ᠵᠠᠮ ᠤᠨ ᠲᠣᠣᠷ ᠢ ᠰᠦᠯᠵᠢᠪᠡ ᠁ ᠵᠠᠮ ᠤᠨ ᠲᠣᠣᠷ ᠢ | ᠪᠣᠰᠤᠭ᠎ᠠ ᠴᠣᠭᠴᠠᠵᠢᠭᠤᠯᠤᠨ ᠦᠷᠭᠦᠯᠵᠢᠯᠡᠨ ᠥᠷᠭᠡᠳᠬᠡᠵᠦ᠂ ᠥᠪᠥᠷ ᠮᠣᠩᠭᠤᠯ ᠤᠨ ᠣᠷᠣᠨ ᠪᠦᠰᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠭᠤᠰᠤᠯᠴᠠᠬᠤ ᠠᠬᠢᠴᠠ ᠶᠢ ᠲᠦᠷᠭᠡᠳᠬᠡᠭᠰᠡᠨ ᠢᠶᠠᠷ ᠪᠠᠷᠠᠬᠤ ᠦᠭᠡᠢ | ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠥᠭᠦᠮ ᠦᠵᠡᠭᠦᠯᠪᠡ᠃ | ᠲᠡᠦᠬᠡ ᠬᠡᠵᠢᠶᠡᠳᠡ ᠮᠠᠷᠲᠠᠬᠤ ᠦᠭᠡᠢ᠄ ᠠᠯᠢ ᠡᠷᠲᠡ 2007 ᠣᠨ ᠤ 7 ᠰᠠᠷ᠎ᠠ ᠶᠢᠨ ᠰᠡᠭᠦᠯᠴᠢ ᠪᠠᠷ᠂ ᠪᠦᠭᠦ | ᠣᠷᠣᠨ ᠤ ᠲᠣᠰᠬᠤᠨ᠂ ᠭᠠᠴᠠᠭ᠎ᠠ ᠳᠤ ᠴᠠᠭᠢᠯᠭᠠᠨ ᠨᠡᠪᠲᠡᠷᠡᠭᠰᠡᠨ ᠨᠣᠷᠮ᠎ᠠ 100% ᠳᠤ ᠬᠦᠷᠴᠡᠢ᠃ 2023 ᠣᠨ ᠤ | ᠰᠡᠭᠦᠯᠴᠢ ᠪᠤᠯᠲᠠᠯ᠎ᠠ᠂ ᠪᠦᠭᠦ ᠣᠷᠣᠨ ᠤ 67.5% ᠶᠢᠨ ᠲᠣᠰᠬᠤᠨ ᠤ ᠭᠤᠣᠯ ᠵᠠᠮ ᠳᠤ ᠵᠠᠮ ᠤᠨ ᠳ᠋ᠧᠩ ᠤᠨ | ᠭᠡᠷᠡᠯᠲᠦᠭᠦᠯᠭᠡ ᠶᠢ ᠪᠡᠶᠡᠯᠡᠭᠦᠯᠵᠦ᠂ 48.5% ᠶᠢᠨ ᠲᠣᠰᠬᠤᠨ ᠤ ᠤᠤᠭᠤᠬᠤ ᠤᠰᠤ ᠶᠢ ᠲᠥᠪᠯᠡᠷᠡᠭᠦᠯᠦᠨ | ᠴᠡᠪᠡᠷᠰᠢᠭᠦᠯᠦᠨ ᠰᠢᠢᠳᠪᠦᠷᠢᠯᠡᠵᠦ᠂ 98% ᠶᠢᠨ ᠲᠣᠰᠬᠤᠨ ᠳᠤ ᠪᠠᠷᠤᠭᠰᠢᠨ ᠵᠠᠮ ᠪᠤᠶᠤ ᠱᠦᠢᠨᠢ ᠵᠠᠮ ᠢ | ᠨᠠᠪᠲᠠᠷᠡᠭᠦᠯᠵᠦ᠂ 94.7% ᠶᠢᠨ ᠲᠣᠰᠬᠤᠨ ᠳᠤ ᠢᠨᠲ᠋ᠧᠷ ᠰᠦᠯᠵᠢᠶᠡᠨ ᠤ ᠥᠷᠭᠡᠨ ᠪᠦᠰᠡ ᠵᠠᠯᠭᠠᠵᠤ᠂ 61. | 2% ᠤᠨ ᠲᠣᠰᠬᠤᠨ ᠳᠤ 5G ᠮᠡᠳᠡᠭᠡ ᠬᠤᠯᠪᠤᠭ᠎ᠠ ᠶᠢ ᠨᠠᠪᠲᠠᠷᠡᠭᠦᠯᠵᠦ᠂ 67.1% ᠶᠢᠨ ᠲᠣᠰᠬᠤᠨ ᠳᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠬᠢᠷᠠᠭᠤᠯᠤᠨ ᠬᠦᠷᠭᠡᠬᠦ ᠥᠷᠲᠡᠭᠡ ᠲᠠᠢ ᠪᠤᠯᠭᠠᠪᠠ᠃ ᠬᠤᠲᠠ ᠶᠢᠨ | ᠬᠥᠮᠥᠨ ᠳᠤᠮᠳᠠᠴᠢ ᠶᠢᠨ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠭᠠᠵᠠᠷ ᠤᠨ ᠲᠠᠯᠠᠪᠠᠶ 20.6 ᠲᠡᠭᠰᠢ | ᠳᠥᠷᠪᠡᠯᠵᠢᠨ ᠮᠧᠲᠷ ᠲᠤ ᠬᠦᠷᠴᠦ᠂ ᠤᠰᠤ ᠬᠠᠩᠭᠠᠬᠤ ᠲᠦᠭᠡᠮᠡᠯᠵᠢᠯᠲᠡ ᠶᠢᠨ ᠨᠣᠷᠮ᠎ᠠ 98.9% ᠳᠤ ᠬᠦᠷᠴᠦ᠂ | ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 99.3% ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠭᠰᠡᠨ ᠨᠣᠷᠮ᠎ᠠ 99.9 % ᠳᠤ ᠭᠦᠷᠪᠡ ᠁ ᠥᠪᠥᠷ ᠮᠣᠩᠭᠤᠯ ᠤᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠦᠢᠯᠡᠴᠢᠯᠡᠭᠡ ᠨᠡᠷ᠎ᠡ ᠨᠢᠳᠡᠷ ᠲᠡᠭᠡᠨ ᠨᠡᠶᠢᠴᠡᠪᠡ᠃ | ᠲᠡᠦᠬᠡ ᠬᠡᠵᠢᠶᠡᠳᠡ ᠮᠠᠷᠲᠠᠬᠤ ᠦᠭᠡᠢ᠄ ᠪᠦᠭᠦ ᠣᠷᠣᠨ ᠤ ᠦᠨᠳᠦᠰᠦᠨ ᠨᠠᠰᠤᠵᠢᠯ ᠤᠨ ᠳᠠᠭᠠᠳᠬᠠᠯ ᠨᠢᠭᠡᠨᠲᠡ | 1748 ᠲᠦᠮᠡ ᠰᠢᠬᠠᠮ ᠬᠥᠮᠥᠨ ᠢ ᠬᠠᠮᠤᠷᠴᠤ᠂ ᠦᠨᠳᠦᠰᠦᠨ ᠡᠮᠴᠢᠯᠡᠭᠡᠨ ᠤ ᠳᠠᠭᠠᠳᠬᠠᠯ 2159 ᠲᠦᠮᠡ ᠰᠢᠬᠠᠮ | ᠬᠥᠮᠥᠨ ᠢ ᠬᠠᠮᠤᠷᠤᠨ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ | ᠳᠦᠷᠢᠮ ᠢ ᠬᠤᠲᠠ ᠬᠥᠳᠡᠭᠡ ᠳᠤ ᠪᠦᠷᠢᠨ ᠪᠦᠷᠭᠦᠭᠦᠯᠪᠡ᠃ ᠠᠵᠤ ᠠᠬᠤᠶᠢᠯᠠᠯ ᠤᠨ ᠠᠵᠢᠯ ᠠᠴᠠ ᠪᠠᠨ ᠲᠠᠷᠬᠠᠯᠠᠬᠳᠠᠵᠤ | ᠠᠵᠢᠯ ᠠᠴᠠ ᠪᠠᠨ ᠠᠮᠠᠷᠠᠭᠰᠠᠨ ᠬᠥᠮᠥᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢᠨ ᠬᠥᠮᠥᠨ | ᠳᠤᠮᠳᠠᠴᠢ ᠶᠢᠨ ᠬᠠᠷᠠᠭᠠᠯᠵᠠᠯ ᠢ 2018 ᠣᠨ ᠳᠤ ᠰᠠᠷ᠎ᠠ ᠪᠦᠷᠢ 2469 ᠲᠥᠭᠦᠷᠢᠭ ᠪᠠᠶᠢᠭᠰᠠᠨ ᠠᠴᠠ 2023 | ᠣᠨ ᠳᠤ ᠰᠠᠷ᠎ᠠ ᠪᠦᠷᠢ 3084 ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ 2018 ᠣᠨ ᠳᠤ ᠬᠥᠮᠥᠨ ᠳᠤᠮᠳᠠᠴᠢ ᠪᠠᠷ ᠰᠠᠷ᠎ᠠ ᠳᠤ 128 | ᠲᠥᠭᠦᠷᠢᠭ ᠪᠠᠶᠢᠭᠰᠠᠨ ᠠᠴᠠ 2024 ᠣᠨ ᠳᠤ ᠬᠥᠮᠥᠨ ᠳᠤᠮᠳᠠᠴᠢ ᠪᠠᠷ ᠰᠠᠷ᠎ᠠ ᠳᠤ 150 ᠲᠥᠭᠦᠷᠢᠭ ᠪᠣᠯᠭᠠᠨ | ᠳᠡᠭᠡᠭᠰᠢᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠳ᠋ ᠤᠨ | ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 2018 ᠣᠨ ᠳᠤ ᠬᠥᠮᠥᠨ ᠪᠦᠷᠢ 490 ᠲᠥᠭᠦᠷᠢᠭ ᠪᠠᠶᠢᠭᠰᠠᠨ ᠠᠴᠠ | 2024 ᠣᠨ ᠳᠤ ᠬᠥᠮᠥᠨ ᠪᠦᠷᠢ 670 ᠲᠥᠭᠦᠷᠢᠭ ᠪᠣᠯᠭᠠᠨ ᠳᠡᠭᠡᠭᠰᠢᠯᠡᠭᠦᠯᠪᠡ ᠁ ᠥᠪᠥᠷ ᠮᠣᠩᠭᠤᠯ | ︽ᠥᠲᠡᠯᠪᠡᠯ ᠭᠦᠷᠳᠡᠭᠦ ᠠᠰᠠᠷᠠᠮᠵᠢ ᠲᠠᠢ᠂︽ᠡᠪᠡᠳᠴᠢᠯᠡᠪᠡᠯ ᠦᠵᠡᠭᠦᠯᠭᠦ ᠡᠮᠨᠡᠯᠭᠡ ᠲᠠᠢ︾ ᠪᠠᠶᠢᠬᠤ ᠶᠢ ᠠᠬᠢᠭᠤᠯᠬᠤ | ᠲᠠᠯ᠎ᠠ ᠪᠠᠷ ᠴᠢᠬᠤᠯᠠ ᠨᠢᠭᠡ ᠠᠯᠬᠤᠮ ᠢ ᠠᠯᠬᠤᠪᠠ᠃ | ᠲᠡᠦᠬᠡ ᠬᠡᠵᠢᠶᠡᠳᠡ ᠮᠠᠷᠲᠠᠬᠤ ᠦᠭᠡᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ | ᠮᠣᠩᠭᠤᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠨ ᠠᠳᠬᠤᠵᠤ᠂ 8 ᠵᠢᠯ ᠤᠨᠢᠨ ᠳᠡᠭᠡᠷ᠎ᠡ | ᠨᠢ ᠶᠠᠳᠠᠭᠤ ᠶᠢ ᠲᠡᠳᠬᠦᠬᠦ᠂ 5 ᠵᠢᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠᠷ ᠳᠡᠮᠵᠢᠨ᠂ | ᠪᠦᠭᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ | 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ 157 | ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠲᠤᠶᠢᠯ ᠤᠨ | ᠶᠠᠳᠠᠭᠤ ᠬᠦᠴᠢᠷᠳᠡᠯᠲᠡᠢ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ | ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠬᠦᠰᠡᠯ ᠵᠡᠭᠦᠳᠦ ᠶᠢ ᠪᠡᠶᠡᠯᠡᠭᠦᠯᠪᠡ᠃ | ᠲᠡᠦᠬᠡ ᠬᠡᠵᠢᠶᠡᠳᠡ ᠮᠠᠷᠲᠠᠬᠤ ᠦᠭᠡᠢ᠄ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ | ᠪᠦᠭᠦ ᠣᠷᠣᠨ ᠤ ᠬᠡᠪᠴᠢᠶᠡᠨ ᠳᠤ ᠶᠡᠭᠡ ᠰᠤᠷᠭᠠᠭᠤᠯᠢ ᠨᠢᠭᠡ ᠴᠦ ᠪᠠᠶᠢᠭᠰᠠᠨ ᠦᠭᠡᠢ᠂ ᠵᠥᠪᠭᠡᠨ 6 ᠳᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ 16 ᠳᠤᠮᠳᠠᠳᠤ ᠰᠤᠷᠭᠠᠭᠤᠯᠢ ᠪᠠᠶᠢᠵᠤ᠂ ᠰᠤᠷᠭᠠᠭᠤᠯᠢ ᠶᠢᠨ | ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ ᠨᠢ 20 % ᠬᠦᠷᠬᠦ ᠦᠭᠡᠢ ᠪᠠᠶᠢᠪᠠ᠃ 2023 | ᠣᠨ ᠳᠤ ᠪᠦᠭᠦ ᠣᠷᠣᠨ ᠳᠤ ᠵᠥᠪᠭᠡᠨ ᠡᠩ ᠤᠨ ᠶᠡᠭᠡ ᠳᠡᠭᠡᠳᠦ ᠰᠤᠷᠭᠠᠭᠤᠯᠢ ᠨᠢ ᠨᠡᠮᠡᠭᠳᠡᠭᠡᠳ 54 | ︵ᠰᠤᠷᠭᠠᠭᠤᠯᠢ ᠳᠤ ᠪᠠᠶᠢᠭ᠎ᠠ ᠰᠣᠷᠣᠬᠴᠢ 54 ᠲᠦᠮᠡ︶ ᠪᠣᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠣᠷᠣᠬᠴᠢ ᠶᠢᠨ ᠰᠤᠷᠭᠠᠭᠤᠯᠢ ᠳᠤ ᠣᠷᠣᠭᠰᠠᠨ ᠪᠦᠭᠦ ᠨᠣᠷᠮ᠎ᠠ ᠨᠡᠮᠡᠭᠳᠡᠭᠡᠳ 93.5 % ᠪᠤᠯᠪᠠ᠃ ︽ᠠᠷᠪᠠᠨ | ᠬᠤᠶᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠪᠦᠭᠦ ᠤᠯᠤᠰ ᠲᠤ | 12 ᠵᠢᠯ ᠤᠨ ᠰᠦᠢᠳᠬᠡᠯ ᠬᠤᠷᠢᠶᠠᠬᠤ ᠦᠭᠡᠢ ᠰᠤᠷᠭᠠᠨ ᠬᠥᠮᠦᠵᠢᠯ ᠢ ᠲᠦᠷᠦᠭᠦᠯᠡᠨ ᠪᠡᠶᠡᠯᠡᠭᠦᠯᠪᠡ ᠁ ᠥᠪᠥᠷ | ᠮᠣᠩᠭᠤᠯ ︽ᠰᠤᠷᠤᠯᠴᠠᠬᠤ ᠠᠴᠠ ᠰᠤᠷᠭᠠᠨ ᠬᠥᠮᠦᠵᠢᠯ ᠲᠠᠢ︾ ᠪᠠᠶᠢᠬᠤ ᠶᠢ ᠠᠬᠢᠭᠤᠯᠬᠤ ᠲᠠᠯ᠎ᠠ ᠪᠠᠷ ᠴᠢᠬᠤᠯᠠ ᠨᠢᠭᠡ | ᠠᠯᠬᠤᠮ ᠢ ᠠᠯᠬᠤᠪᠠ᠃ | ᠁ | ᠠᠷᠠᠳ ᠪᠣᠯᠪᠠᠰᠤ ᠤᠯᠤᠰ ᠤᠨ ᠦᠨᠳᠦᠰᠦ᠂ ᠦᠨᠳᠦᠰᠦ ᠪᠠᠬᠢᠵᠢᠪᠡᠰᠦ ᠤᠯᠤᠰ ᠠᠮᠤᠭᠤᠯᠠᠩ᠃ ᠠᠯᠢ ᠤᠯᠠᠨ | ᠪᠠᠶᠠᠷᠯᠠᠭᠤᠰᠢᠲᠠᠢ ᠲᠤᠭ᠎ᠠ ᠪᠠᠷᠢᠮᠲᠠ ᠪᠠᠷ ᠳᠠᠮᠵᠢᠨ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠪᠠᠯ ᠥᠪᠥᠷ ᠮᠣᠩᠭᠤᠯ ᠯᠠᠪᠲᠠᠢ ᠰᠢᠨ᠎ᠡ ᠴᠠᠭ ᠦᠶ᠎ᠡ ᠰᠢᠨ᠎ᠡ ᠠᠶᠠᠨ ᠳᠠᠭᠠᠨ ᠨᠡᠩ | ᠰᠡᠳᠬᠢᠯ ᠬᠥᠳᠡᠯᠭᠡᠮ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠪᠣᠯᠣᠨ᠎ᠠ ᠭᠡᠳᠡᠭ ᠢ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠲᠡᠦᠬᠡ ᠶᠢᠨ ᠲᠤᠷᠠᠨ ᠢᠶᠠᠷ ᠠᠵᠢᠭᠯᠠᠵᠤ ᠣᠯᠬᠤ ᠶᠤᠮ︕ | |