ᠰᠢᠶᠧ ᠴᠧᠩ ᠵᠢᠭᠤᠯᠴᠢᠯᠠᠯ ᠤᠨ ᠲᠠᠪᠴᠠᠩ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠥᠪᠥᠷ ᠮᠣᠩᠭᠤᠯ | ᠤᠨ ᠵᠢᠭᠤᠯᠴᠢᠯᠠᠯ ᠤᠨ ᠦᠢᠯᠡᠳᠬᠦᠨ ᠤ ᠵᠠᠮ ᠱᠤᠭᠤᠮ ᠤᠨ ᠵᠠᠬᠢᠶᠠᠯᠠᠭ᠎ᠠ ᠪᠦᠭᠦ ᠤᠯᠤᠰ ᠤᠨ ᠡᠮᠦᠨ᠎ᠡ ᠲᠠᠪᠤ ᠳᠤ | ᠣᠷᠣᠵᠤ᠂ ᠤᠯᠠᠭᠠᠨᠪᠤᠳᠤᠩ ᠤᠨ ᠲᠠᠯ᠎ᠠ ᠨᠤᠲᠤᠭ᠂ ᠶᠡᠭᠡ ᠵᠣᠣ ᠰᠦᠮ᠎ᠡ᠂ ᠣᠷᠳᠣᠰ ᠤᠨ ᠬᠡᠭᠡᠷ᠎ᠡ ᠶᠢᠨ ᠠᠮᠢᠲᠠᠨ ᠤ | ᠬᠦᠷᠢᠶᠡᠯᠡᠩ᠂ ᠰᠤᠮᠤ ᠠᠭᠤᠯᠠ᠂ ᠠᠯᠠᠱᠠ ᠶᠢᠨ ᠪᠠᠷᠠᠭᠤᠨ ᠬᠡᠰᠡᠭ ᠤᠨ ᠵᠡᠷᠭᠡᠯᠭᠡᠨᠲᠦ ᠬᠠᠪᠴᠢᠯ ᠵᠡᠷᠭᠡ ᠦᠵᠡᠮᠵᠢ ᠨᠢ | ᠥᠪᠥᠷ ᠮᠣᠩᠭᠤᠯ ᠤᠨ ᠣᠷᠣᠨ ᠪᠦᠰᠡ ᠶᠢᠨ ᠳᠣᠲᠣᠷᠠᠬᠢ ᠬᠠᠮᠤᠭ ᠤᠨ ᠬᠦᠷᠢᠶᠡᠯᠡᠯ ᠲᠠᠢ ᠬᠠᠯᠠᠮᠰᠢᠯ ᠦᠵᠡᠮᠵᠢ ᠶᠢᠨ | ᠭᠠᠵᠠᠷ ᠪᠣᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ︽ᠳᠤᠮᠳᠠᠳᠤ ᠤᠯᠤᠰ ᠤᠨ ᠤᠯᠤᠰ ᠤᠨ ᠭᠠᠵᠠᠷ ᠵᠦᠢ︾ ᠰᠡᠳᠬᠦᠯ ᠠᠴᠠ ᠰᠣᠩᠭᠤᠨ ᠭᠠᠷᠭᠠᠭᠰᠠᠨ ᠳᠤᠮᠳᠠᠳᠤ ᠤᠯᠤᠰ | ᠤᠨ ᠬᠠᠮᠤᠭ ᠤᠨ ᠦᠵᠡᠮᠦᠷᠢᠲᠡᠢ 15 ᠨᠠᠮᠤᠷ ᠤᠨ ᠦᠵᠡᠮᠵᠢ ᠳᠤ ᠥᠪᠥᠷ ᠮᠣᠩᠭᠤᠯ ᠤᠨ ᠬᠥᠯᠥᠨ ᠪᠤᠶᠢᠷ ᠪᠣᠯᠣᠨ | ᠭᠡᠭᠡᠨ ᠭᠤᠣᠯ 2 ᠭᠠᠵᠠᠷ ᠰᠣᠩᠭᠤᠭᠳᠠᠵᠤ᠂ ᠤᠮᠠᠷᠠᠲᠤ ᠣᠷᠣᠨ ᠤ ᠥᠪᠡᠷᠮᠢᠴᠡ ᠪᠠᠶᠢᠭᠠᠯᠢ ᠶᠢᠨ ᠳᠠᠪᠠᠭᠤᠯᠢᠭ ᠢᠶᠠᠷ | ᠢᠶᠠᠨ ᠥᠪᠥᠷ ᠮᠣᠩᠭᠤᠯ ᠤᠨ ᠨᠠᠮᠤᠷ ᠤᠨ ᠦᠵᠡᠮᠵᠢ ᠨᠢ ᠨᠠᠩ ᠢᠯᠡᠭᠦᠦ ᠤᠤᠭᠠᠯ ᠰᠢᠨᠵᠢ ᠪᠠ ᠰᠣᠨᠢᠷᠬᠠᠯᠳᠤ ᠴᠢᠨᠠᠷ | ᠲᠠᠢ ᠪᠠᠶᠢᠵᠤ᠂ ᠨᠡᠷ᠎ᠡ ᠠᠯᠳᠠᠷ ᠨᠢ ᠤᠯᠠᠮ ᠠᠴᠠ ᠤᠯᠠᠮ ᠥᠷᠭᠡᠵᠢᠨ ᠳᠡᠯᠭᠡᠷᠡᠵᠦ ᠪᠤᠢ᠃ ᠡᠭᠦᠨ ᠤ ᠳᠡᠭᠡᠷ᠎ᠡ ᠮᠠᠨ ᠤ | ᠣᠷᠣᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ | ᠴᠣᠭᠴᠠᠯᠠᠵᠤ᠂ ︽ᠨᠠᠯᠠᠭᠠᠷ ᠨᠠᠮᠤᠷ ᠤᠨ ᠤᠷᠢᠯᠭ᠎ᠠ︾ ᠰᠣᠳᠣᠨ ᠵᠢᠭᠤᠯᠴᠢᠯᠠᠯ ᠤᠨ ᠰᠢᠷᠢᠰ ᠦᠢᠯᠡᠳᠬᠦᠨ ᠭᠠᠷᠭᠠᠨ᠂ | ᠤᠯᠠᠨ ᠰᠠᠶᠢᠬᠠᠨ ᠠᠵᠢᠯᠯᠠᠭ᠎ᠠ ᠥᠷᠨᠢᠭᠦᠯᠵᠦ ᠵᠢᠭᠤᠯᠴᠢᠯᠠᠬᠰᠠᠳ ᠢ ᠶᠡᠭᠡ ᠪᠠᠷ ᠲᠠᠲᠠᠵᠠᠢ᠃ ᠰᠢᠶᠧ ᠴᠧᠩ ᠵᠢᠭᠤᠯᠴᠢᠯᠠᠯ | ᠤᠨ ᠲᠠᠪᠴᠠᠩ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠴᠢᠨᠠᠷ ᠰᠠᠶᠢᠲᠠᠢ ᠵᠢᠭᠤᠯᠴᠢᠯᠠᠯ | ᠤᠨ ᠦᠢᠯᠡᠳᠬᠦᠨ᠂ ᠡᠵᠡᠩᠨᠡᠯᠲᠡ ᠶᠢᠨ ᠭᠡᠯᠪᠡᠷᠢ ᠪᠠᠶᠢᠳᠠᠯ ᠨᠢ ᠦᠢ ᠣᠯᠠᠨ ᠵᠢᠭᠤᠯᠴᠢᠯᠠᠭᠴᠢ ᠶᠢᠨ ᠰᠣᠨᠢᠷᠬᠠᠯ ᠢ | ᠲᠠᠲᠠᠵᠤ᠂ ᠣᠯᠠᠨ ᠤᠯᠤᠰ ᠤᠨ ᠨᠢᠰᠬᠡᠯ ᠤᠨ ᠪᠢᠯᠧᠲ ᠢ ᠤᠷᠢᠳᠴᠢᠯᠠᠨ ᠵᠠᠬᠢᠶᠠᠯᠠᠬᠤ ᠬᠠᠯᠠᠮᠰᠢᠯ ᠨᠢ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 200% ᠪᠠᠷ ᠨᠡᠮᠡᠭᠳᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | |