ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ 10 ᠰᠠᠷ᠎ᠠ | ᠶᠢᠨ 21 ᠤ ᠡᠳᠦᠷ ᠡᠷᠭᠢᠯᠡᠨ ᠬᠤᠷᠠᠯᠳᠤᠭᠤᠯᠤᠭᠰᠠᠨ ᠪᠦᠭᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ | ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ | ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ︵GDP︶17875.5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 5.8% ᠪᠠᠷ ᠨᠡᠮᠡᠭᠳᠡᠪᠡ᠃ | ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠨᠢᠭᠡᠳᠦᠭᠡᠷ ᠠᠵᠤ ᠦᠢᠯᠡᠰ | 846 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠳᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 5.3% ᠪᠠᠷ ᠨᠡᠮᠡᠭᠳᠡᠨ᠂ ᠬᠤᠶᠠᠳᠤᠭᠠᠷ ᠠᠵᠤ ᠦᠢᠯᠡᠰ 9012.5 ᠳ᠋ᠦᠩᠰᠢᠭᠤᠷ ᠲᠥᠭᠦᠷᠢᠭ ᠤᠨ | ᠨᠡᠮᠡᠭᠳᠡᠯ ᠦᠷᠳᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠨ᠂ | ᠭᠤᠷᠪᠠᠳᠤᠭᠠᠷ ᠠᠵᠤ ᠦᠢᠯᠡᠰ 8017 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠳᠡᠭ ᠢ ᠪᠡᠶᠡᠯᠡᠭᠦᠯᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠡᠢ᠃ ᠡᠭᠦᠨ ᠳᠤ ᠪᠦᠭᠦ ᠣᠷᠣᠨ ᠤ ᠮᠠᠯ | ᠠᠵᠤ ᠠᠬᠤᠢ ᠲᠠᠷᠢᠶᠠᠯᠠᠩ ᠤᠢ ᠰᠢᠭᠤᠢ ᠵᠢᠭᠠᠰᠤᠨ ᠤ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠶᠡᠭᠡ | ᠰᠠᠶᠢᠨ ᠪᠠᠶᠢᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠪᠦᠭᠦ ᠣᠷᠣᠨ | ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 7.2% ᠢᠶᠠᠷ ᠨᠡᠮᠡᠭᠳᠡᠵᠦ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠨ᠂ ᠰᠢᠨ᠎ᠡ ᠬᠥᠳᠡᠯᠭᠡᠬᠦ ᠡᠨᠧᠷᠭᠢ ᠶᠢᠨ ᠨᠡᠮᠡᠭᠳᠡᠯ | ᠤᠨ ᠡᠷᠴᠢᠮ ᠶᠡᠭᠡ ᠴᠢᠩᠭ᠎ᠠ ᠪᠠᠶᠢᠨ᠎ᠠ᠃ ᠪᠦᠭᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ 4. | 4% ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠪᠦᠭᠦ ᠣᠷᠣᠨ ᠤ ᠲᠣᠭᠲᠠᠮᠠᠯ ᠬᠥᠷᠥᠩᠭᠡ ᠶᠢᠨ | ᠪᠡᠯᠡ ᠤᠷᠤᠭᠤᠯᠤᠯᠳᠠ︵ᠮᠠᠯᠵᠢᠬᠤ ᠲᠠᠷᠢᠶᠠᠯᠠᠬᠤ ᠡᠷᠦᠭᠡ ᠶᠢ ᠪᠠᠭᠲᠠᠭᠠᠬᠤ ᠦᠭᠡᠢ︶11% ᠪᠠᠷ ᠨᠡᠮᠡᠭᠳᠡᠵᠦ᠂ 1 - 8 | ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.6 ᠬᠤᠪᠢ ᠨᠡᠮᠡᠭᠳᠡᠵᠡᠢ᠃ ᠪᠦᠭᠦ ᠣᠷᠣᠨ ᠤ ᠨᠡᠶᠢᠭᠡᠮ ᠤᠨ | ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 3909.1 ᠳ᠋ᠦᠩᠰᠢᠭᠤᠷ ᠲᠥᠭᠦᠷᠢᠭ | ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠪᠦᠭᠦ ᠣᠷᠣᠨ ᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 29724 ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠵᠡᠢ᠃ | |