︵2024 ᠣᠨ ᠤ 10 ᠰᠠᠷ᠎ᠠ ᠶᠢᠨ 12 ᠤᠨ ᠡᠳᠦᠷ︶ | | ᠠᠵᠤ ᠦᠢᠯᠡᠰ ᠤᠨ ᠠᠵᠢᠯᠴᠢᠨ ᠪᠣᠯ ᠠᠵᠢᠯᠴᠢᠨ ᠠᠩᠭᠢ ᠶᠢᠨ ᠭᠤᠣᠯ ᠬᠦᠴᠦᠨ ᠮᠥᠨ᠂ ᠨᠡᠶᠢᠭᠡᠮ ᠤᠨ ᠡᠳ᠋ | ᠪᠠᠶᠠᠯᠢᠭ ᠢ ᠡᠭᠦᠳᠬᠦ ᠲᠤᠯᠭᠠᠭᠤᠷᠢ ᠬᠦᠴᠦᠨ ᠮᠥᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠭᠤᠣᠯᠯᠠᠭᠴᠢ ᠬᠦᠴᠦᠨ ᠮᠥᠨ᠃ ᠠᠵᠤ ᠦᠢᠯᠡᠰ ᠤᠨ ᠠᠵᠢᠯᠴᠢᠨ ᠤ | ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ | ᠲᠥᠯᠥᠭᠡ ᠤᠳᠤ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ | ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠪᠦᠭᠦ ᠰᠡᠳᠬᠢᠯ | ᠪᠦᠭᠦ ᠵᠣᠷᠢᠭ ᠢᠶᠠᠷ ᠢᠶᠠᠨ ᠠᠵᠢᠯᠴᠢᠨ ᠠᠨᠬᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠰᠢᠰᠲ᠋ᠧᠮ ᠤᠨ ᠦᠵᠡᠯᠲᠡ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠠᠵᠢᠯᠴᠢᠳ ᠢ ᠪᠦᠯᠬᠦᠮᠳᠡᠭᠦᠯᠦᠨ ᠵᠢᠯᠤᠭᠤᠳᠴᠤ | ᠪᠠᠶᠢᠭᠠᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ | ᠭᠤᠣᠯ ᠬᠦᠴᠦᠨ ᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ | ᠭᠤᠣᠯ ᠬᠠᠷᠠᠯᠲᠠ ᠪᠣᠯ᠄ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠡᠮᠵᠢᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ | ᠨᠠᠩ ᠯᠠᠪᠳᠠᠭᠤᠨ ᠪᠠᠲᠤᠲᠠᠢ ᠪᠤᠯᠭᠠᠵᠤ᠂ ᠠᠵᠤ ᠦᠢᠯᠡᠰ ᠤᠨ ᠠᠵᠢᠯᠴᠢᠨ ᠤ ᠨᠠᠮ ᠤᠨ ᠦᠭᠡ ᠶᠢ ᠰᠣᠨᠣᠰᠴᠤ ᠨᠠᠮ ᠢᠶᠠᠨ | ᠳᠠᠭᠠᠬᠤ ᠢᠲᠡᠭᠡᠯ ᠵᠣᠷᠢᠭ ᠢ ᠨᠠᠩ ᠪᠠᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠣᠷᠭᠢᠯᠤᠮ᠎ᠠ ᠰᠡᠳᠬᠢᠯᠭᠡ ᠪᠠ | ᠬᠥᠳᠡᠯᠭᠡᠬᠦ ᠬᠦᠴᠦᠨ ᠢ ᠨᠠᠩ ᠬᠥᠭᠵᠢᠭᠡᠵᠦ᠂ ᠡᠵᠡᠨ ᠬᠥᠮᠥᠨ ᠤ ᠪᠠᠶᠢᠷᠢ ᠰᠠᠭᠤᠷᠢ ᠶᠢ ᠨᠠᠩ ᠢᠯᠡᠷᠬᠡᠢ ᠪᠤᠯᠭᠠᠵᠤ᠂ | ᠠᠮᠵᠢᠯᠲᠠ ᠶᠢᠨ ᠲᠥᠷᠥᠭᠳᠡᠯ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ | ᠨᠡᠮᠡᠭᠳᠡᠭᠦᠯᠦᠨ᠎ᠡ᠃ ᠭᠦᠳᠡᠯᠮᠦᠷᠢ ᠥᠩᠭᠡ ᠭᠡᠷᠡᠯᠲᠡᠢ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ | ᠠᠭᠤᠤ ᠶᠡᠭᠡ ᠭᠡᠬᠦ ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠨ ᠵᠤᠵᠠᠭᠠᠨ ᠪᠤᠯᠭᠠᠨ᠎ᠠ᠃ ᠠᠵᠤ ᠦᠢᠯᠡᠰ ᠤᠨ | ᠠᠵᠢᠯᠴᠢᠨ ᠤ ᠶᠡᠷᠦᠩᠬᠡᠢ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠵᠦ᠂ ᠲᠣᠮᠣ ᠤᠯᠤᠰ ᠤᠨ ᠤᠷᠠᠨ ᠳᠠᠷᠬᠠᠨ᠂ | ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠢ ᠲᠠᠰᠤᠷᠠᠯᠲᠠ ᠦᠭᠡᠢ ᠴᠣᠯᠭᠤᠷᠠᠭᠤᠯᠤᠨ᠂ ᠮᠡᠳᠡᠯᠭᠡ ᠶᠢᠨ | ᠭᠡᠯᠪᠡᠷᠢ ᠶᠢᠨ ᠤᠷ᠎ᠠ ᠮᠡᠷᠭᠡᠵᠢᠯ ᠤᠨ ᠭᠡᠯᠪᠡᠷᠢ ᠶᠢᠨ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ | ᠠᠵᠢᠯᠴᠢᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ 2035 ᠣᠨ ᠪᠤᠯᠬᠤ ᠳᠤ 2000 | ᠣᠷᠴᠢᠮ ᠲᠣᠮᠣ ᠤᠯᠤᠰ ᠤᠨ ᠤᠷᠠᠨ ᠳᠠᠷᠬᠠᠨ᠂ 10000 ᠣᠷᠴᠢᠮ ᠮᠤᠵᠢ ᠶᠢᠨ ᠲᠠᠰ ᠤᠨ ᠤᠷᠠᠨ ᠳᠠᠷᠬᠠᠨ᠂ | 50000 ᠣᠷᠴᠢᠮ ᠬᠤᠲᠠ ᠶᠢᠨ ᠲᠠᠰ ᠤᠨ ᠤᠷᠠᠨ ᠳᠠᠷᠬᠠᠨ ᠢ ᠬᠥᠮᠥᠵᠢᠭᠦᠯᠦᠨ ᠪᠣᠶᠢᠵᠢᠭᠤᠯᠵᠤ᠂ ᠨᠠᠩ ᠣᠯᠠᠨ ᠶᠡᠭᠡ | ᠤᠯᠤᠰ ᠤᠨ ᠤᠷᠠᠨ ᠳᠠᠷᠬᠠᠨ ᠪᠠ ᠡᠯ᠎ᠡ ᠱᠠᠲᠤᠨ ᠤ ᠤᠷᠠᠨ ᠳᠠᠷᠬᠠᠨ ᠴᠢᠳᠠᠪᠤᠷᠢᠲᠠᠨ ᠢ ᠬᠥᠮᠥᠵᠢᠭᠦᠯᠬᠦ ᠪᠠᠷ | ᠤᠳᠤᠷᠢᠳᠤᠮᠵᠢ ᠪᠤᠯᠭᠠᠵᠤ᠂ ᠲᠡᠷᠢᠭᠦᠨ ᠤ ᠠᠵᠤ ᠦᠢᠯᠡᠰ ᠤᠨ ᠮᠡᠷᠭᠡᠵᠢᠯ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢ ᠳᠠᠶᠢᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠴᠢᠳᠠᠪᠤᠷᠢᠲᠠᠨ ᠤ ᠬᠦᠴᠦᠲᠡᠢ ᠪᠠᠲᠤᠯᠠᠭ᠎ᠠ ᠪᠠ ᠤᠷ᠎ᠠ ᠮᠡᠷᠭᠡᠵᠢᠯ ᠤᠨ ᠲᠤᠯᠭᠠᠭᠤᠷᠢᠯᠠᠯ | ᠬᠠᠩᠭᠠᠬᠤ ᠪᠠᠷ ᠴᠢᠷᠮᠠᠶᠢᠨ᠎ᠠ᠃ | ᠬᠤᠶᠠᠷ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠠᠵᠤ ᠦᠢᠯᠡᠰ ᠤᠨ | ᠠᠵᠢᠯᠴᠢᠨ ᠤ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠶᠢ | ᠪᠦᠯᠬᠦᠮᠳᠡᠭᠦᠯᠦᠨ ᠬᠥᠲᠥᠯᠥᠨ ᠳᠠᠭᠠᠭᠤᠯᠤᠨ᠎ᠠ | ︵ᠨᠢᠭᠡ︶ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ | ᠦᠷᠭᠦᠯᠵᠢᠯᠡᠨ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠠᠵᠤ ᠦᠢᠯᠡᠰ ᠤᠨ ᠠᠵᠢᠯᠴᠢᠨ ᠤ | ᠳᠤᠮᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠠᠢ ᠲᠠᠢ ᠤᠶᠠᠯᠳᠤᠭᠤᠯᠤᠨ ᠰᠦᠯᠵᠢᠶᠡᠨ | ᠳᠡᠭᠡᠷᠡᠬᠢ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠰᠠᠶᠢᠲᠤᠷ ᠬᠢᠵᠦ᠂ ᠭᠤᠣᠯ ᠰᠡᠳᠦᠪᠲᠦ | ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠳᠡᠮ ᠤᠨ ᠡᠭᠡᠯᠵᠢᠯᠡᠨ ᠪᠣᠯᠪᠠᠰᠤᠷᠠᠯ ᠢ | ᠥᠷᠨᠢᠭᠦᠯᠦᠨ᠎ᠡ᠃ ᠶᠡᠭᠡ ᠤᠯᠤᠰ ᠤᠨ ᠤᠷᠠᠨ ᠳᠠᠷᠬᠠᠨ᠂ ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠤ ᠤᠯᠤᠰ ᠤᠨ | ᠪᠠᠶᠢᠳᠠᠯ ᠤᠨ ᠰᠤᠳᠤᠯᠤᠨ ᠰᠤᠷᠤᠯᠴᠠᠬᠤ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠵᠦ᠂ ᠠᠵᠤ ᠦᠢᠯᠡᠰ ᠤᠨ | ᠠᠵᠢᠯᠴᠢᠨ ᠤ ᠵᠠᠯᠠᠭᠤ ᠮᠠᠷᠺᠰ ᠤᠨ ᠦᠵᠡᠯᠲᠡᠳ ᠢ ᠬᠥᠮᠥᠵᠢᠭᠦᠯᠬᠦ ᠢᠨᠵᠧᠨᠧᠷᠢᠩ ᠳᠤ ᠣᠷᠤᠯᠴᠠᠬᠤ ᠶᠢ | ᠵᠣᠷᠢᠭᠵᠢᠭᠤᠯᠤᠨ ᠳᠡᠮᠵᠢᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ | ᠭᠦᠨᠵᠡᠭᠡᠶᠢᠷᠡᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠨ᠎ᠠ᠃ | | ︵ᠬᠤᠶᠠᠷ︶ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠨ᠎ᠠ᠃ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ᠃ | ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠪᠣᠯᠣᠨ | ᠠᠵᠢᠯ ᠤᠨ ᠪᠦᠷᠬᠦᠴᠡ ᠶᠢ ᠴᠠᠭ ᠲᠤᠬᠠᠢ ᠳᠤᠨᠢ ᠪᠦᠲᠦᠮᠵᠢᠲᠡᠢ ᠥᠷᠭᠡᠳᠬᠡᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠨᠠᠮ ᠤᠨ ᠭᠡᠰᠢᠭᠦᠨ ᠦᠭᠡᠢ ᠡᠭᠡᠯᠵᠢ ᠳᠤᠭᠤᠶᠢᠯᠠᠩ ᠤᠨ ᠠᠰᠠᠭᠤᠳᠠᠯ ᠢ ᠦᠷᠭᠦᠯᠵᠢᠯᠡᠨ | ᠰᠢᠢᠳᠪᠦᠷᠢᠯᠡᠨ᠎ᠡ᠃ ᠠᠵᠤ ᠦᠢᠯᠡᠰ ᠤᠨ ᠠᠵᠢᠯᠴᠢᠨ ᠤ ᠳᠤᠮᠳᠠ ᠠᠴᠠ ᠨᠠᠮ ᠤᠨ ᠭᠡᠰᠢᠭᠦᠨ ᠡᠯᠰᠡᠬᠦ ᠶᠢ ᠴᠢᠩᠭᠠᠳᠬᠠᠵᠤ᠂ | ᠦᠢᠯᠡᠳᠪᠦᠷᠢᠯᠡᠯ ᠡᠵᠡᠩᠨᠡᠯᠲᠡ ᠶᠢᠨ ᠭᠤᠣᠯᠯᠠᠭᠴᠢ ᠬᠦᠴᠦᠨ ᠢ ᠨᠠᠮ ᠤᠨ ᠭᠡᠰᠢᠭᠦᠨ ᠪᠣᠯᠭᠠᠨ ᠬᠥᠮᠥᠵᠢᠭᠦᠯᠬᠦ ᠶᠢ | ᠴᠢᠬᠤᠯᠠᠴᠢᠯᠠᠨ᠎ᠠ᠃ | ︵ᠭᠤᠷᠪᠠ︶ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ | ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠎ᠠ᠃︽ᠳᠤᠮᠳᠠᠳᠤ ᠶᠢᠨ ᠬᠦᠰᠡᠯ· ᠭᠦᠳᠡᠯᠮᠦᠷᠢ ᠭᠤᠶᠣᠬᠠᠨ︾ | ᠭᠡᠬᠦ ᠭᠤᠣᠯ ᠰᠡᠳᠦᠪᠲᠦ ᠤᠬᠠᠭᠤᠯᠭ᠎ᠠ ᠬᠥᠮᠦᠵᠢᠯ ᠢ ᠪᠣᠳᠠᠲᠠᠶᠢᠵᠢᠭᠤᠯᠤᠨ᠎ᠠ᠃ ᠭᠦᠳᠡᠯᠮᠦᠷᠢ ᠶᠢᠨ ᠵᠢᠱᠢᠶᠡᠴᠢ᠂ ︽5·1︾ | ᠤ ᠭᠦᠳᠡᠯᠮᠦᠷᠢ ᠶᠢᠨ ᠱᠠᠩᠨᠠᠯ ᠤᠨ ᠮᠧᠳᠠᠯ᠂ ᠵᠠᠯᠠᠭᠤᠴᠤᠳ ᠤᠨ ︽5·4︾ ᠤ ᠱᠠᠩᠨᠠᠯ ᠤᠨ ᠮᠧᠳᠠᠯ᠂ ︽3·8︾ ᠤ | ᠤᠯᠠᠭᠠᠨ ᠲᠤᠭᠴᠢ ᠵᠡᠷᠭᠡ ᠶᠢ ᠰᠢᠯᠭᠠᠷᠠᠭᠤᠯᠬᠤ ᠠᠵᠢᠯ ᠤᠨ ᠳᠤᠮᠳᠠ᠂ ᠠᠵᠤ ᠦᠢᠯᠡᠰ ᠤᠨ ᠠᠵᠢᠯᠴᠢᠨ ᠢ ᠤᠬᠠᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠃ ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ︾ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ | ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠠᠮ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠠᠵᠢᠯ ᠤᠨ ᠰᠢᠰᠲ᠋ᠧᠮ ᠳᠤ ᠣᠷᠣᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠳᠤ | ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠲᠤᠰᠢᠶᠠᠯ ᠬᠠᠪᠰᠤᠷᠭᠠᠭᠰᠠᠨ ᠬᠠᠪᠰᠤᠷᠤᠨ ᠵᠢᠯᠣᠭᠤᠳᠤᠭᠴᠢ | ᠭᠠᠷᠭᠠᠬᠤ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ | ᠪᠠᠭᠲᠠᠨ᠎ᠠ᠂ ᠳᠣᠷᠣᠭᠰᠢ ᠠᠳᠠᠯᠢ︶ ᠳᠤ ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠶᠠᠷᠢᠶᠠᠨ ᠤ ᠲᠠᠩᠬᠢᠮ︾ | ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠳᠤ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠲᠤᠰᠢᠶᠠᠯ | ᠬᠠᠪᠰᠤᠷᠭᠠᠭᠰᠠᠨ ᠵᠢᠯᠣᠭᠤᠳᠤᠭᠴᠢ ᠪᠠᠭᠰᠢ ᠲᠣᠬᠢᠷᠠᠭᠤᠯᠤᠨ᠎ᠠ᠃ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠢ ᠠᠵᠤ | ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ | ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠭᠤᠷᠪᠠ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠵᠤ ᠦᠢᠯᠡᠰ ᠤᠨ | ᠠᠵᠢᠯᠴᠢᠨ ᠤ ᠡᠵᠡᠨ ᠬᠥᠮᠥᠨ ᠤ ᠪᠠᠶᠢᠷᠢ ᠰᠠᠭᠤᠷᠢ ᠶᠢ ᠪᠠᠲᠤᠯᠠᠨ᠎ᠠ | ︵ᠳᠥᠷᠪᠡ︶ ᠠᠵᠤ ᠦᠢᠯᠡᠰ ᠤᠨ ᠠᠵᠢᠯᠴᠢᠨ ᠤ ᠤᠯᠤᠰ ᠤᠨ ᠵᠠᠰᠠᠯᠲᠠ ᠳᠤ ᠣᠷᠤᠯᠴᠠᠬᠤ ᠳᠦᠷᠢᠮ ᠢ | ᠨᠠᠶᠢᠳᠠᠪᠤᠷᠢᠵᠢᠭᠤᠯᠤᠨ᠎ᠠ᠃ ᠠᠵᠤ ᠦᠢᠯᠡᠰ ᠤᠨ ᠠᠵᠢᠯᠴᠢᠨ ᠤ ᠡᠵᠡᠨ ᠬᠥᠮᠥᠨ ᠤ ᠪᠠᠶᠢᠷᠢ ᠰᠠᠭᠤᠷᠢ ᠶᠢ ᠪᠠᠲᠤᠯᠠᠬᠤ | ᠳᠦᠷᠢᠮ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠠ ᠬᠤᠷᠢᠶ᠎ᠠ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠵᠥᠪᠯᠡᠯ ᠤᠨ ᠭᠡᠰᠢᠭᠦᠨ ᠤ ᠳᠣᠲᠣᠷᠠᠬᠢ ᠠᠵᠤ | ᠦᠢᠯᠡᠰ ᠤᠨ ᠠᠵᠢᠯᠴᠢᠨ ᠤ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠵᠤ ᠦᠢᠯᠡᠰ ᠤᠨ | ᠠᠵᠢᠯᠴᠢᠨ ᠤ ᠬᠠᠤᠯᠢ ᠶᠣᠰᠣᠭᠠᠷ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠵᠦ᠂ ᠤᠯᠤᠰ ᠤᠨ ᠵᠠᠰᠠᠯᠲᠠ᠂ ᠨᠡᠶᠢᠭᠡᠮ ᠤᠨ | ᠵᠠᠰᠠᠯᠲᠠ᠂ ᠦᠨᠳᠦᠰᠦᠨ ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠤᠯᠴᠠᠬᠤ ᠶᠢ ᠬᠥᠲᠥᠯᠥᠨ | ᠵᠢᠯᠣᠭᠤᠳᠤᠨ᠎ᠠ᠃ | ︵ᠲᠠᠪᠤ︶ ᠠᠵᠤ ᠠᠬᠤᠶᠢᠯᠠᠯ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ | ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ | ᠠᠵᠤ ᠦᠢᠯᠡᠰ ᠤᠨ ᠠᠵᠢᠯᠴᠢᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠬᠡᠷᠡᠭ | ᠶᠠᠪᠤᠳᠠᠯ ᠢ ᠡᠷᠬᠡᠪᠰᠢ ᠬᠠᠤᠯᠢ ᠳᠦᠷᠢᠮ ᠶᠣᠰᠣᠭᠠᠷ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ | ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠬᠤ ᠬᠡᠷᠡᠭᠲᠡᠢ᠃ ᠠᠵᠢᠯᠲᠠᠨ ᠠᠵᠢᠯᠴᠢᠨ ᠤ ᠬᠡᠷᠡᠭ ᠮᠡᠳᠡᠭᠴᠢ᠂ ᠠᠵᠢᠯᠲᠠᠨ | ᠠᠵᠢᠯᠴᠢᠨ ᠤ ᠬᠡᠷᠡᠭ ᠬᠢᠨᠠᠭᠴᠢ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠦᠢᠯᠡᠳᠪᠦᠷᠢ ᠶᠢᠨ ᠶᠠᠪᠤᠳᠠᠯ ᠢ | ᠢᠯᠡ ᠪᠤᠯᠭᠠᠬᠤ ᠶᠢ ᠭᠦᠨᠵᠡᠭᠡᠶᠢᠷᠡᠭᠦᠯᠦᠨ᠂ ᠲᠣᠭᠠᠴᠢᠯᠠᠭᠰᠠᠨ ᠮᠡᠷᠭᠡᠵᠢᠯ ᠢ ᠢᠳᠡᠪᠬᠢᠲᠡᠢ ᠠᠰᠢᠭᠯᠠᠵᠤ ᠠᠵᠤ | ᠦᠢᠯᠡᠰ ᠤᠨ ᠠᠵᠢᠯᠴᠢᠨ ᠤ ᠠᠷᠠᠳᠴᠢᠯᠠᠯ ᠢᠶᠠᠷ ᠣᠷᠤᠯᠴᠠᠬᠤ ᠳᠤ ᠨᠠᠩ ᠨᠠᠷᠢᠯᠢᠭ ᠣᠨᠣᠪᠴᠢᠲᠠᠶ ᠳᠥᠭᠦᠮ ᠲᠦᠷᠭᠡᠨ | ᠦᠢᠯᠡᠴᠢᠯᠡᠭᠡ ᠬᠠᠩᠭᠠᠨ᠎ᠠ᠃ | ︵ᠵᠢᠷᠭᠤᠭ᠎ᠠ︶ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠭᠦᠳᠡᠯᠮᠦᠷᠢ ᠶᠢᠨ ᠭᠡᠷ᠎ᠡ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠲᠤ ᠪᠠᠷ | ᠵᠥᠪᠳᠡᠯᠴᠡᠬᠦ ᠪᠠ ᠬᠠᠮᠲᠤ ᠶᠢᠨ ᠭᠡᠷ᠎ᠡ ᠶᠢᠨ ᠳᠦᠷᠢᠮ ᠢ ᠠᠬᠢᠭᠤᠯᠤᠨ᠎ᠠ᠃ ᠡᠯ᠎ᠡ ᠱᠠᠲᠤᠨ ᠤ ᠭᠦᠳᠡᠯᠮᠦᠷᠢ ᠶᠢᠨ | ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠺᠣᠮᠢᠰ ᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ | ᠭᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠲᠣᠭᠲᠠᠴᠠ᠂ ᠣᠷᠣᠨ ᠨᠤᠲᠤᠭ ᠤᠨ | ᠵᠠᠰᠠᠭ ᠤᠨ ᠣᠷᠳᠣᠨ ᠪᠣᠯᠣᠨ ᠠᠳᠠᠯᠢ ᠱᠠᠲᠤᠨ ᠤ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ | ᠳᠦᠷᠢᠮ ᠤᠨ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠠᠬᠢᠭᠤᠯᠬᠤ ᠶᠢ ᠴᠢᠬᠤᠯᠠ ᠵᠥᠪᠯᠡᠬᠦ ᠵᠦᠢᠯ ᠳᠤ ᠣᠷᠣᠭᠤᠯᠤᠨ᠎ᠠ᠃ ᠦᠨᠳᠦᠰᠦᠨ ᠱᠠᠲᠤᠨ ᠤ | ᠭᠦᠳᠡᠯᠮᠦᠷᠢ ᠶᠢᠨ ᠬᠠᠷᠢᠴᠠᠭ᠎ᠠ ᠶᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠦᠳᠡᠯᠮᠦᠷᠢ ᠶᠢᠨ ᠬᠠᠷᠢᠴᠠᠭ᠎ᠠ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠪᠦᠭᠦ ᠤᠯᠤᠰ ᠤᠨ ᠦᠨᠳᠦᠰᠦᠨ | ᠱᠠᠲᠤᠨ ᠤ ᠭᠦᠳᠡᠯᠮᠦᠷᠢ ᠶᠢᠨ ᠬᠠᠷᠢᠴᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠥᠷᠲᠡᠭᠡ ᠴᠡᠭ ᠢ | ᠪᠠᠷᠢᠮᠵᠢᠶᠠᠵᠢᠭᠤᠯᠬᠤ ᠠᠵᠢᠯ ᠢ ᠥᠷᠨᠢᠭᠦᠯᠦᠨ᠎ᠡ᠃ ᠣᠷᠣᠨ ᠪᠦᠰᠡ ᠶᠢᠨ ᠡᠶ᠎ᠡ ᠵᠣᠬᠢᠴᠠᠩᠭᠤᠢ ᠭᠦᠳᠡᠯᠮᠦᠷᠢ ᠶᠢᠨ | ᠬᠠᠷᠢᠴᠠᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ | ᠴᠡᠭ ᠤᠨ ᠠᠵᠢᠯ ᠢ ᠠᠬᠢᠭᠤᠯᠤᠨ᠎ᠠ᠃ ᠠᠵᠢᠯ ᠲᠥᠷᠥᠯ᠂ ᠠᠵᠤ ᠠᠬᠤᠶᠢᠯᠠᠯ ᠪᠣᠯᠣᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠢᠳᠡᠪᠬᠢᠲᠡᠢ | ᠠᠬᠢᠭᠤᠯᠤᠨ᠎ᠠ᠃ | ︵ᠳᠣᠯᠤᠭ᠎ᠠ︶ ᠠᠵᠤ ᠦᠢᠯᠡᠰ ᠤᠨ ᠠᠵᠢᠯᠴᠢᠨ ᠤ ᠡᠵᠡᠨ ᠬᠥᠮᠥᠨ ᠤ ᠪᠠᠶᠢᠷᠢ ᠰᠠᠭᠤᠷᠢ ᠶᠢᠨ ᠲᠤᠬᠠᠢ | ᠤᠬᠠᠭᠤᠯᠵᠤ ᠵᠢᠯᠤᠭᠤᠳᠬᠤ ᠶᠢ ᠴᠢᠩᠭᠠᠳᠬᠠᠨ᠎ᠠ᠃ ᠭᠤᠣᠯ ᠵᠠᠭᠤᠴᠢᠯᠠᠭᠤᠷ ᠤᠨ ᠬᠢᠨ ᠠᠵᠤ ᠦᠢᠯᠡᠰ ᠤᠨ | ᠠᠵᠢᠯᠴᠢᠨ ᠤ ᠡᠵᠡᠨ ᠬᠥᠮᠥᠨ ᠤ ᠪᠠᠶᠢᠷᠢ ᠰᠠᠭᠤᠷᠢ ᠶᠢᠨ ᠲᠤᠬᠠᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠠᠵᠤ ᠦᠢᠯᠡᠰ ᠤᠨ ᠠᠵᠢᠯᠴᠢᠨ ᠤ ᠳᠦᠷᠢ ᠲᠥᠷᠬᠦ ᠶᠢ ᠲᠤᠰᠬᠠᠭᠰᠠᠨ ᠰᠢᠯᠢᠳᠡᠭ ᠤᠳᠬ᠎ᠠ ᠵᠣᠬᠢᠶᠠᠯ ᠤᠷᠠᠯᠢᠭ᠂ | ᠰᠦᠯᠵᠢᠶᠡᠨ ᠤ ᠦᠵᠡᠵᠦ ᠰᠣᠨᠣᠰᠬᠤ ᠪᠠ ᠺᠢᠨᠣ᠋ ᠲᠧᠯᠸᠢᠰ ᠤᠨ ᠪᠦᠲᠦᠭᠡᠯ ᠵᠡᠷᠭᠡ ᠶᠢ ᠨᠠᠩ ᠣᠯᠠᠨ ᠵᠣᠬᠢᠶᠠᠨ | ᠪᠦᠲᠦᠭᠡᠵᠦ ᠬᠡᠪᠯᠡᠭᠦᠯᠦᠨ᠂ ᠦᠢᠯᠡᠳᠦᠨ ᠨᠠᠪᠲᠠᠷᠡᠭᠦᠯᠵᠦ᠂ ᠭᠦᠳᠡᠯᠮᠦᠷᠢ ᠶᠢᠨ ᠵᠢᠱᠢᠶᠡᠴᠢ ᠶᠢ ᠳᠡᠭᠡᠳᠦᠯᠡᠬᠦ᠂ ᠭᠦᠳᠡᠯᠮᠦᠷᠢ ᠶᠢ | ᠬᠦᠨᠳᠦᠳᠬᠡᠬᠦ᠂ ᠤᠷᠠᠨ ᠲᠠᠷᠬᠠᠨ ᠢ ᠪᠢᠰᠢᠷᠡᠨ ᠬᠦᠨᠳᠦᠳᠬᠡᠬᠦ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠨ᠎ᠠ᠃ | ᠳᠥᠷᠪᠡ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠬᠡᠷᠡᠭᠴᠡᠭᠡ ᠳᠤ | ᠵᠣᠬᠢᠴᠠᠭᠤᠯᠤᠨ᠂ ᠠᠵᠤ ᠦᠢᠯᠡᠰ ᠤᠨ ᠠᠵᠢᠯᠴᠢᠨ ᠤ ᠤᠷ᠎ᠠ ᠴᠢᠳᠠᠪᠤᠷᠢ ᠶᠢᠨ ᠪᠦᠷᠢᠯᠳᠦᠬᠦ ᠰᠢᠰᠲ᠋ᠧᠮ ᠢ | ᠲᠡᠭᠦᠯᠳᠡᠷᠵᠢᠭᠦᠯᠦᠨ᠎ᠡ | ︵ᠨᠠᠢᠮᠠ︶ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠡᠩ ᠤᠨ ᠰᠤᠷᠭᠠᠨ ᠬᠥᠮᠦᠵᠢᠯ | ᠠᠭᠤᠰᠤᠯᠴᠠᠨ ᠨᠡᠪᠲᠡᠷᠡᠯᠴᠡᠭᠰᠡᠨ᠂ ᠠᠵᠤ ᠦᠢᠯᠡᠰ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠰᠤᠷᠭᠠᠨ ᠬᠥᠮᠦᠵᠢᠯ ᠢᠶᠠᠷ ᠠᠵᠤ | ᠦᠢᠯᠡᠰ ᠢ ᠠᠬᠢᠭᠤᠯᠬᠤ᠂ ᠠᠵᠤ ᠦᠢᠯᠡᠰ ᠢᠶᠠᠷ ᠵᠢᠭᠠᠨ ᠰᠤᠷᠭᠠᠯᠲᠠ ᠶᠢ ᠲᠡᠳᠬᠦᠬᠦ᠂ ᠠᠵᠤ ᠦᠢᠯᠡᠰ ᠵᠢᠭᠠᠨ | ᠰᠤᠷᠭᠠᠯᠲᠠ ᠶᠢ ᠠᠭᠤᠰᠤᠯᠴᠠᠭᠤᠯᠬᠤ᠂ ᠠᠵᠤ ᠦᠢᠯᠡᠰ ᠰᠤᠳᠤᠯᠭᠠᠨ ᠤ ᠬᠠᠮᠲᠤᠷᠠᠯᠴᠠᠭ᠎ᠠ ᠶᠢ ᠪᠠᠷᠢᠮᠲᠠᠯᠠᠵᠤ᠂ ᠨᠢᠭᠡ | ᠪᠦᠯᠦᠭ ᠠᠵᠢᠯ ᠲᠥᠷᠥᠯ ᠳᠡᠭᠡᠨ ᠲᠦᠷᠦᠭᠦᠯᠡᠭᠰᠡᠨ ᠠᠵᠤ ᠦᠢᠯᠡᠰ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ | ᠭᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠵᠤ᠂ ᠨᠢᠭᠡ ᠪᠦᠯᠦᠭ ᠭᠤᠣᠯᠯᠠᠬᠤ ᠬᠢᠴᠢᠶᠡᠯ ᠲᠦᠷᠦᠯ᠂ ᠴᠢᠨᠠᠷ ᠰᠠᠶᠢᠲᠠᠢ | ᠵᠢᠭᠠᠬᠤ ᠮᠠᠲ᠋ᠧᠷᠢᠶᠠᠯ᠂ ᠪᠠᠭᠰᠢ ᠶᠢᠨ ᠪᠦᠯᠭᠦᠮ᠂ ᠦᠢᠯᠡᠳᠦᠯᠭᠡ ᠶᠢᠨ ᠲᠥᠷᠥᠯ ᠵᠦᠢᠯ ᠢ ᠪᠤᠶ ᠪᠣᠯᠭᠠᠨ᠎ᠠ᠃ ᠣᠲᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ᠂ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ ᠶᠢ ᠬᠡᠷᠡᠭᠵᠢᠭᠦᠯᠵᠦ᠂ | ᠶᠡᠭᠡ ᠤᠯᠤᠰ ᠤᠨ ᠤᠷᠠᠨ ᠳᠠᠷᠬᠠᠨ᠂ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ | ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠪᠠᠭᠰᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠬᠤ ᠶᠢ ᠳᠡᠮᠵᠢᠨ᠎ᠡ᠃ | ᠰᠤᠷᠭᠠᠭᠤᠯᠢ ᠡᠷᠭᠢᠯᠡᠭᠦ ᠨᠥᠬᠦᠴᠡᠯ ᠪᠣᠯᠣᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ | ᠨᠡᠯᠢᠶᠡᠳ ᠥᠨᠳᠥᠷ ᠳᠡᠯᠡᠬᠡᠶᠢᠵᠢᠭᠰᠡᠨ ᠲᠦᠪᠰᠢᠨ ᠲᠠᠢ ᠠᠵᠢᠯ ᠮᠡᠷᠭᠡᠵᠢᠯ ᠤᠨ ᠰᠤᠷᠭᠠᠭᠤᠯᠢ ᠶᠢ ᠡᠭᠦᠳᠦᠨ | ᠪᠠᠶᠢᠭᠤᠯᠤᠨ᠎ᠠ᠃ | ︵ᠶᠢᠰᠦ︶ ᠬᠠᠮ ᠭᠡᠯᠪᠡᠷᠢ ᠶᠢᠨ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ | ᠴᠢᠩᠭᠠᠷᠠᠭᠤᠯᠤᠨ᠎ᠠ᠃ ᠠᠵᠤ ᠦᠢᠯᠡᠰ ᠤᠨ ᠠᠵᠢᠯᠴᠢᠨ ᠤ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ ᠪᠦᠷᠢᠨᠰᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠴᠢᠮ ᠬᠡᠷᠡᠭᠰᠡᠬᠦ ᠴᠢᠳᠠᠪᠤᠷᠢᠲᠠᠨ ᠢ | ᠬᠥᠮᠥᠵᠢᠭᠦᠯᠦᠨ᠎ᠡ᠃ ᠤᠷ᠎ᠠ ᠮᠡᠷᠭᠡᠵᠢᠯ ᠤᠨ ᠳᠤᠮᠳᠠᠳᠤ ᠤᠯᠤᠰ ᠤᠨ ᠠᠵᠢᠯᠯᠠᠭ᠎ᠠ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠢᠨᠵᠧᠨᠧᠷ ᠤᠨ ᠲᠤᠬᠠᠢ ᠶᠢᠨ ᠲᠠᠯᠠᠪᠤᠷ ᠤᠨ ᠲᠤᠰᠬᠠᠢ ᠬᠥᠮᠦᠵᠢᠯ ᠤᠨ ᠲᠥᠯᠥᠪᠯᠡᠭᠡ᠂ ᠤᠷ᠎ᠠ | ᠮᠡᠷᠭᠡᠵᠢᠯ ᠲᠠᠢ ᠵᠠᠯᠠᠭᠤ ᠴᠢᠳᠠᠪᠤᠷᠢᠲᠠᠨ ᠢ ᠳᠠᠪᠲᠠᠨ ᠪᠤᠯᠪᠠᠰᠤᠷᠠᠭᠤᠯᠬᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ | ᠠᠵᠢᠯᠯᠠᠬᠤ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ | ᠵᠠᠭᠪᠤᠷ ᠢ ᠪᠦᠭᠦ ᠲᠠᠯ᠎ᠠ ᠪᠠᠷ ᠠᠬᠢᠭᠤᠯᠤᠨ᠎ᠠ᠃ | ︵ᠠᠷᠪᠠ︶ ᠠᠵᠤ ᠠᠬᠤᠶᠢᠯᠠᠯ ᠤᠨ ᠠᠵᠤ ᠦᠢᠯᠡᠰ ᠤᠨ ᠠᠵᠢᠯᠴᠢᠨ ᠬᠥᠮᠥᠵᠢᠭᠦᠯᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠬᠰᠠᠨ᠂ ᠠᠵᠢᠯ ᠮᠡᠷᠭᠡᠵᠢᠯ ᠤᠨ | ᠰᠤᠷᠭᠠᠭᠤᠯᠢ ᠪᠠᠷ ᠰᠠᠭᠤᠷᠢ ᠪᠤᠯᠭᠠᠬᠰᠠᠨ᠂ ᠵᠠᠰᠠᠭ ᠤᠨ ᠣᠷᠳᠣᠨ ᠠᠴᠠ ᠠᠬᠢᠭᠤᠯᠤᠭᠰᠠᠨ᠂ ᠨᠡᠶᠢᠭᠡᠮ ᠢᠶᠠᠷ ᠢᠶᠠᠨ | ᠳᠡᠮᠵᠢᠭᠰᠡᠨ᠂ ᠠᠵᠢᠯᠴᠢᠨ ᠤ ᠡᠪᠯᠡᠯ ᠣᠷᠣᠯᠴᠠᠬᠰᠠᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ | ᠰᠢᠰᠲ᠋ᠧᠮ ᠢ ᠪᠠᠶᠢᠭᠤᠯᠤᠨ᠎ᠠ᠃ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠠᠵᠢᠯᠴᠢᠨ ᠤ | ᠪᠣᠯᠪᠠᠰᠤᠷᠠᠯ ᠤᠨ ᠳᠦᠷᠢᠮ ᠢ ᠪᠦᠷᠢᠨᠰᠢᠭᠦᠯᠵᠦ᠂ ᠣᠯᠠᠨ ᠨᠡᠶᠢᠲᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠢ ᠢᠳᠡᠪᠬᠢᠲᠡᠢ ᠥᠷᠨᠢᠭᠦᠯᠦᠨ᠎ᠡ᠃ ᠠᠵᠤ ᠠᠬᠤᠶᠢᠯᠠᠯ ᠤᠨ ᠬᠢᠨ ᠠᠵᠢᠯᠲᠠᠨ ᠠᠵᠢᠯᠴᠢᠨ ᠤ ᠰᠤᠷᠭᠠᠨ | ᠬᠥᠮᠦᠵᠢᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠭ᠎ᠠ ᠶᠣᠰᠣᠭᠠᠷ ᠭᠦᠢᠴᠡᠳ ᠭᠠᠷᠭᠠᠨ ᠠᠪᠬᠤ ᠪᠠ ᠬᠡᠷᠡᠭᠯᠡᠵᠦ᠂ | 60% ᠠᠴᠠ ᠳᠡᠭᠡᠭᠰᠢᠬᠢ ᠶᠢ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠪᠠ | ᠪᠣᠯᠪᠠᠰᠤᠷᠠᠯ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠠᠵᠢᠯᠴᠢᠨ ᠤ ᠡᠪᠯᠡᠯ ᠤᠨ ᠰᠢᠰᠲ᠋ᠧᠮ᠂ ᠠᠵᠢᠯ ᠲᠥᠷᠥᠯ ᠤᠨ | ᠨᠡᠶᠢᠭᠡᠮᠯᠢᠭ᠂ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠳᠤᠮᠳᠠ ᠪᠠᠭ᠎ᠠ ᠠᠵᠤ | ᠠᠬᠤᠶᠢᠯᠠᠯ ᠢ ᠬᠠᠪᠰᠤᠷᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠦᠨ᠎ᠡ᠃ | ︵ᠠᠷᠪᠠᠨ ᠨᠢᠭᠡ︶ ᠠᠵᠤ ᠦᠢᠯᠡᠰ ᠤᠨ ᠠᠵᠢᠯᠴᠢᠨ ᠤ ᠰᠢᠨ᠎ᠡ ᠮᠡᠳᠡᠯᠭᠡ ᠰᠤᠷᠤᠯᠴᠠᠬᠤ ᠪᠠ ᠰᠤᠷᠤᠯᠭ᠎ᠠ ᠶᠢᠨ | ᠨᠠᠮᠲᠠᠷ ᠢᠶᠠᠨ ᠲᠡᠭᠡᠭᠰᠢᠯᠡᠭᠦᠯᠭᠦ ᠶᠢ ᠠᠬᠢᠭᠤᠯᠤᠨ᠎ᠠ᠃ ᠠᠵᠤ ᠦᠢᠯᠡᠰ ᠤᠨ ᠠᠵᠢᠯᠴᠢᠨ ᠤ ᠦᠷᠭᠦᠯᠵᠢᠯᠡᠯ ᠰᠤᠷᠭᠠᠨ | ᠬᠥᠮᠦᠵᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠨᠠᠩ ᠣᠯᠠᠨ ᠶᠡᠭᠡ ᠳᠡᠭᠡᠳᠦ ᠰᠤᠷᠭᠠᠭᠤᠯᠢ᠂ ᠨᠡᠭᠡᠭᠡᠯᠲᠡ ᠶᠢᠨ ᠶᠡᠭᠡ | ᠰᠤᠷᠭᠠᠭᠤᠯᠢ ᠳᠤ ᠭᠦᠳᠡᠯᠮᠦᠷᠢ ᠶᠢᠨ ᠵᠢᠱᠢᠶᠡᠴᠢ ᠪᠠ ᠤᠷᠠᠨ ᠳᠠᠷᠬᠠᠨ ᠤ ᠴᠢᠳᠠᠪᠤᠷᠢᠲᠠᠨ᠂ ᠳᠡᠭᠡᠳᠦ ᠲᠡᠰ ᠤᠨ ᠤᠷ᠎ᠠ | ᠮᠡᠷᠭᠡᠵᠢᠯ ᠤᠨ ᠴᠢᠳᠠᠪᠤᠷᠢᠲᠠᠨ ᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠠᠩᠭᠢ᠂ ᠳᠡᠭᠡᠳᠦ ᠵᠡᠷᠭᠡ ᠶᠢᠨ | ᠰᠤᠳᠤᠯᠤᠨ ᠰᠤᠷᠤᠯᠴᠠᠬᠤ ᠠᠩᠭᠢ ᠨᠡᠭᠡᠭᠡᠬᠦ ᠶᠢ ᠵᠣᠷᠢᠭᠵᠢᠭᠤᠯᠵᠤ᠂ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ | ᠰᠢᠨ᠎ᠡ ᠶᠢ ᠡᠭᠦᠳᠬᠦ ᠪᠣᠯᠪᠠᠰᠤᠷᠠᠯ ᠤᠨ ᠭᠠᠵᠠᠷ ᠢ ᠡᠷᠭᠢᠯᠡᠵᠦ᠂ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ᠂ ᠳᠡᠭᠡᠳᠦ | ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠬᠢᠯᠢ ᠶᠢᠨ ᠭᠠᠳᠠᠨᠠᠬᠢ ᠪᠣᠯᠪᠠᠰᠤᠷᠠᠯ ᠪᠠ ᠣᠯᠠᠨ ᠤᠯᠤᠰ ᠤᠨ | ᠰᠣᠯᠢᠯᠴᠠᠭᠠᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠤᠯᠤᠰ ᠤᠨ ᠡᠯ᠎ᠡ ᠲᠥᠷᠥᠯ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠦᠢᠯᠡᠳᠦᠯ ᠢ | ᠪᠠᠳᠠᠷᠠᠭᠤᠯᠤᠨ᠎ᠠ᠃ ᠪᠦᠭᠦ ᠤᠯᠤᠰ ᠤᠨ ᠠᠵᠤ ᠦᠢᠯᠡᠰ ᠤᠨ ᠠᠵᠢᠯᠴᠢᠨ ᠤ ᠣᠶᠤᠨᠴᠢᠯᠠᠭᠰᠠᠨ ᠤᠷ᠎ᠠ ᠮᠡᠷᠭᠡᠵᠢᠯ ᠤᠨ | ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠤᠨ᠎ᠠ᠃ ᠠᠵᠢᠯᠴᠢᠨ ᠤ ᠰᠣᠶᠣᠯ ᠤᠨ ᠣᠷᠳᠣᠨ ᠵᠡᠷᠭᠡ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠯᠥᠰᠦᠨ | ᠲᠠᠷᠢᠶᠠᠴᠢᠨ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠯᠡᠭᠴᠢᠳ ᠲᠤ ᠲᠦᠭᠡᠮᠡᠯ ᠬᠠᠷᠠᠭᠠᠯᠵᠠᠯ ᠤᠨ | ᠳᠦᠷᠢᠮᠲᠦ᠂ ᠲᠦᠭᠡᠮᠡᠯᠵᠢᠭᠦᠯᠬᠦ ᠴᠢᠨᠠᠷᠲᠠᠢ ᠤᠷ᠎ᠠ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡ ᠬᠠᠩᠭᠠᠨ᠎ᠠ᠃ | ᠲᠠᠪᠤ᠂ ᠠᠵᠢᠯ ᠮᠡᠷᠭᠡᠵᠢᠯ ᠤᠨ ᠬᠥᠭᠵᠢᠯᠲᠡ ᠶᠢᠨ ᠰᠢᠰᠲ᠋ᠧᠮ ᠢ ᠪᠦᠷᠢᠨᠰᠢᠭᠦᠯᠵᠦ᠂ ᠠᠵᠤ ᠦᠢᠯᠡᠰ ᠤᠨ | ᠠᠵᠢᠯᠴᠢᠨ ᠤ ᠥᠰᠦᠨ ᠪᠣᠶᠢᠵᠢᠵᠤ ᠴᠢᠳᠠᠪᠤᠷᠢᠲᠠᠨ ᠪᠤᠯᠬᠤ ᠶᠢ ᠠᠬᠢᠭᠤᠯᠤᠨ᠎ᠠ | ︵ᠠᠷᠪᠠᠨ ᠬᠤᠶᠠᠷ︶ ᠠᠵᠤ ᠦᠢᠯᠡᠰ ᠤᠨ ᠠᠵᠢᠯᠴᠢᠨ ᠤ ᠥᠭᠡᠳᠡᠯᠡᠨ ᠬᠥᠭᠵᠢᠬᠦ ᠵᠠᠮ ᠢ ᠰᠢᠯᠤᠭᠤᠳᠬᠠᠨ᠎ᠠ᠃ | ᠰᠢᠨ᠎ᠡ ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ ᠪᠠᠷ ᠤᠳᠤᠷᠢᠳᠤᠮᠵᠢ | ᠪᠤᠯᠭᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ | ᠳᠠᠷᠬᠠᠨ ᠤ ᠵᠣᠷᠢᠭ ᠰᠠᠨᠠᠭ᠎ᠠ ᠶᠢ ᠪᠣᠶᠢᠵᠢᠭᠤᠯᠬᠤ ᠪᠠ ᠠᠵᠢᠯ ᠮᠡᠷᠭᠡᠵᠢᠯ ᠤᠨ ᠶᠣᠰᠣ ᠮᠣᠷᠠᠯ ᠢ ᠬᠥᠮᠥᠵᠢᠭᠦᠯᠬᠦ ᠶᠢ | ᠴᠢᠬᠤᠯᠠᠴᠢᠯᠠᠬᠤ ᠤᠷ᠎ᠠ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠤᠨ᠎ᠠ᠃ ᠲᠣᠮᠣ ᠤᠯᠤᠰ ᠤᠨ | ᠤᠷᠠᠨ ᠳᠠᠷᠬᠠᠨ᠂ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠨᠠᠮ ᠠᠴᠠ ᠴᠢᠳᠠᠪᠤᠷᠢᠲᠠᠨ ᠢ ᠬᠠᠮᠢᠶᠠᠷᠬᠤ | ᠶᠡᠷᠦᠩᠬᠡᠢ ᠲᠣᠬᠢᠷᠠᠭᠤᠯᠤᠯᠲᠠ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠡᠯ᠎ᠡ ᠭᠠᠵᠠᠷ ᠤᠨ | ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠤᠷ᠎ᠠ ᠮᠡᠷᠭᠡᠵᠢᠯ ᠤᠨ ᠴᠢᠳᠠᠪᠤᠷᠢᠲᠠᠨ ᠢ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠭᠠᠷᠴᠠᠭ ᠲᠤ ᠣᠷᠣᠭᠤᠯᠬᠤ ᠶᠢ ᠳᠡᠮᠵᠢᠨ᠎ᠡ᠃ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ | ᠳᠡᠰ ᠢ ᠬᠢᠨᠠᠨ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠦᠨ᠎ᠡ᠃︽ᠰᠢᠨ᠎ᠡ ᠨᠠᠢᠮᠠᠨ ᠳᠡᠰ ᠤᠨ ᠠᠵᠢᠯᠴᠢᠨ︾ ᠤ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ | ᠳᠡᠰ ᠤᠨ ᠳᠦᠷᠢᠮ ᠢ ᠪᠦᠷᠢᠨᠰᠢᠭᠦᠯᠦᠨ᠎ᠡ᠃ | ︵ᠠᠷᠪᠠᠨ ᠭᠤᠷᠪᠠ︶ ᠠᠵᠤ ᠦᠢᠯᠡᠰ ᠤᠨ ᠠᠵᠢᠯᠴᠢᠨ ᠤ ᠬᠥᠨᠳᠡᠯᠡᠨ ᠢᠶᠠᠷ ᠬᠥᠭᠵᠢᠬᠦ ᠲᠣᠭᠲᠠᠴᠠ ᠶᠢ | ᠨᠡᠪᠲᠡᠷᠡᠭᠦᠯᠦᠨ᠎ᠡ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠠᠵᠤ ᠦᠢᠯᠡᠰ ᠤᠨ ᠠᠵᠢᠯᠴᠢᠨ ᠤ ᠠᠵᠢᠯ | ᠦᠢᠯᠡᠰ ᠤᠨ ᠠᠮᠢᠳᠤᠷᠠᠯ ᠤᠨ ᠵᠢᠯᠤᠭᠤᠳᠬᠤ ᠲᠥᠯᠥᠪᠯᠡᠭᠡ ᠶᠢ ᠪᠠᠶᠢᠭᠤᠯᠤᠨ ᠪᠦᠷᠢᠨᠰᠢᠭᠦᠯᠦᠨ᠎ᠡ᠃ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ᠂ ᠰᠤᠷᠤᠯᠭ᠎ᠠ ᠶᠢᠨ ᠨᠠᠮᠲᠠᠷ ᠤᠨ ᠪᠤᠰᠤ | ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ᠂ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ | ᠳᠡᠰ ᠤᠨ ᠰᠤᠷᠤᠯᠭ᠎ᠠ ᠶᠢᠨ ᠬᠤᠪᠢ ᠶᠢ ᠬᠠᠷᠢᠯᠴᠠᠨ ᠰᠣᠯᠢᠵᠤ ᠮᠡᠳᠡᠷᠡᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ | ᠬᠢᠷᠢ ᠭᠡᠮ᠂ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠳᠡᠰ ᠬᠢᠭᠡᠳ ᠬᠠᠷᠠᠭᠠᠯᠵᠠᠭᠰᠠᠨ ᠮᠡᠷᠭᠡᠵᠢᠯ ᠤᠨ ᠴᠣᠯᠠ᠂ | ᠰᠤᠷᠤᠯᠭ᠎ᠠ ᠶᠢᠨ ᠨᠠᠮᠲᠠᠷ ᠤᠨ ᠬᠤᠣᠰ ᠴᠢᠭᠯᠡᠯ ᠢᠶᠠᠷ ᠬᠠᠷᠭᠤᠭᠤᠯᠤᠨ ᠲᠣᠭᠲᠠᠭᠠᠬᠤ ᠳᠦᠷᠢᠮ ᠢ ᠪᠠᠶᠢᠭᠤᠯᠵᠤ᠂ ᠲᠤᠰᠬᠠᠢ | ᠮᠡᠷᠭᠡᠵᠢᠯ ᠤᠨ ᠠᠵᠢᠯ ᠤᠨ ᠪᠠᠶᠢᠷᠢ᠂ ᠡᠵᠡᠩᠨᠡᠯᠲᠡ ᠬᠠᠮᠢᠶᠠᠷᠤᠯᠲᠠ ᠶᠢᠨ ᠠᠵᠢᠯ ᠤᠨ ᠪᠠᠶᠢᠷᠢ᠂ ᠤᠷ᠎ᠠ ᠮᠡᠷᠭᠡᠵᠢᠯ ᠤᠨ | ᠠᠵᠢᠯ ᠤᠨ ᠪᠠᠶᠢᠷᠢ ᠶᠢ ᠬᠠᠷᠢᠯᠴᠠᠨ ᠨᠡᠪᠲᠡᠷᠡᠯᠴᠡᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠦᠨ᠎ᠡ᠃ | ᠵᠢᠷᠭᠤᠭ᠎ᠠ᠂ ᠭᠦᠳᠡᠯᠮᠦᠷᠢ ᠠᠵᠤ ᠠᠬᠤᠢ ᠶᠢᠨ ᠡᠷᠬᠡ ᠠᠰᠢᠭ ᠢ ᠬᠠᠮᠠᠭᠠᠯᠠᠵᠤ᠂ ᠠᠵᠤ ᠦᠢᠯᠡᠰ ᠤᠨ ᠠᠵᠢᠯᠴᠢᠨ ᠤ | ᠠᠮᠵᠢᠯᠲᠠ ᠶᠢᠨ ᠲᠥᠷᠥᠭᠳᠡᠯ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ | ︵ᠠᠷᠪᠠᠨ ᠳᠥᠷᠪᠡ︶ ᠠᠵᠤ ᠦᠢᠯᠡᠰ ᠤᠨ ᠠᠵᠢᠯᠴᠢᠨ ᠤ ᠠᠵᠤ ᠠᠬᠤᠢ ᠶᠢᠨ ᠣᠷᠣᠯᠭ᠎ᠠ ᠶᠢ ᠳᠡᠭᠡᠭᠰᠢᠯᠡᠭᠦᠯᠦᠨ᠎ᠡ᠃ | ᠢᠯᠡᠭᠦᠦ ᠬᠥᠳᠡᠯᠮᠦᠷᠢᠯᠡᠭᠰᠡᠳ ᠲᠤ ᠢᠯᠡᠭᠦᠦ ᠣᠯᠭᠤᠬᠤ᠂ ᠮᠡᠷᠭᠡᠵᠢᠯ ᠥᠨᠳᠥᠷ ᠬᠥᠮᠥᠰ ᠲᠤ ᠢᠯᠡᠭᠦᠦ ᠣᠯᠭᠤᠬᠤ᠂ | ᠰᠢᠨ᠎ᠡ ᠶᠢ ᠡᠭᠦᠳᠦᠭᠴᠢ ᠳᠤ ᠢᠯᠡᠭᠦᠦ ᠣᠯᠭᠤᠬᠤ ᠶᠢ ᠪᠠᠷᠢᠮᠲᠠᠯᠠᠨ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠩᠬᠠᠨ ᠤ ᠬᠤᠪᠢᠶᠠᠷᠢᠯᠠᠯᠲᠠ ᠳᠠᠬᠢ ᠭᠦᠳᠡᠯᠮᠦᠷᠢ ᠶᠢᠨ ᠬᠥᠯᠥᠰᠦ | ᠣᠯᠭᠤᠮᠵᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠠᠵᠢᠯᠴᠢᠨ ᠤ ᠴᠠᠯᠢᠩ ᠤᠨ | ᠲᠣᠭᠲᠠᠭᠠᠯ᠂ ᠵᠦᠢ ᠵᠣᠬᠢᠰᠲᠠᠢ ᠨᠡᠮᠡᠭᠳᠡᠭᠦᠯᠬᠦ᠂ ᠴᠠᠯᠢᠩ ᠢ ᠥᠭᠬᠦ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠬᠦᠴᠦᠨ ᠵᠦᠢᠯ ᠢᠶᠠᠷ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠥᠷᠲᠡᠭ᠂ | ᠴᠢᠳᠠᠪᠤᠷᠢ ᠬᠡᠪ ᠪᠣᠯᠪᠠᠰᠤᠷᠠᠯ᠂ ᠰᠢᠨ᠎ᠡ ᠶᠢ ᠡᠭᠦᠳᠦᠨ ᠪᠦᠲᠦᠭᠡᠬᠦ᠂ ᠠᠵᠢᠯ ᠤᠨ ᠠᠮᠵᠢᠯᠲᠠ ᠪᠦᠲᠦᠮᠵᠢ ᠶᠢᠨ ᠬᠤᠪᠢ | ᠨᠡᠮᠡᠷᠢ ᠳᠤ ᠰᠠᠭᠤᠷᠢᠯᠠᠭᠰᠠᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠴᠠᠯᠢᠩ | ᠬᠥᠯᠥᠰᠦ ᠶᠢᠨ ᠬᠠᠷᠠᠭᠠᠯᠵᠠᠯ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠣᠯᠭᠠᠨ ᠴᠠᠯᠢᠩ ᠢ ᠬᠠᠮᠲᠤ ᠪᠠᠷ ᠵᠥᠪᠳᠡᠯᠴᠡᠬᠦ ᠶᠢ | ᠥᠷᠨᠢᠭᠦᠯᠵᠦ᠂ ᠲᠣᠮᠣ ᠤᠯᠤᠰ ᠤᠨ ᠤᠷᠠᠨ ᠳᠠᠷᠬᠠᠨ᠂ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠳᠤ | ᠵᠢᠯ ᠤᠨ ᠴᠠᠯᠢᠩ ᠤᠨ ᠳᠦᠷᠢᠮ᠂ ᠵᠥᠪᠯᠡᠯᠴᠡᠨ ᠲᠣᠭᠲᠠᠬᠤ ᠴᠠᠯᠢᠩ ᠤᠨ ᠳᠦᠷᠢᠮ ᠪᠠ ᠰᠲ᠋ᠣᠺ ᠤᠨ ᠡᠷᠬᠡ ᠪᠠᠷ | ᠤᠷᠮᠠᠰᠢᠭᠤᠯᠬᠤ ᠵᠡᠷᠭᠡ ᠶᠢ ᠬᠡᠷᠡᠭᠵᠢᠭᠦᠯᠬᠦ ᠶᠢ ᠰᠦᠪᠡᠭᠴᠢᠯᠡᠨ᠎ᠡ᠃ ᠨᠥᠬᠦᠴᠡᠯ ᠲᠠᠢ ᠭᠠᠵᠠᠷ ᠣᠷᠣᠨ ᠢ ᠵᠢᠯᠤᠭᠤᠳᠴᠤ | ᠠᠵᠢᠯ ᠮᠡᠷᠭᠡᠵᠢᠯ ︵ᠠᠵᠢᠯ ᠤᠨ ᠲᠥᠷᠥᠯ᠂ ᠠᠵᠢᠯ ᠤᠨ ᠪᠠᠶᠢᠷᠢ︶ ᠬᠤᠪᠢᠶᠠᠵᠤ᠂ ᠤᠷ᠎ᠠ ᠮᠡᠷᠭᠡᠵᠢᠯ ᠤᠨ ᠳᠡᠰ | ᠬᠤᠪᠢᠶᠠᠭᠰᠠᠨ ᠴᠠᠯᠢᠩ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ᠃ | ︵ᠠᠷᠪᠠᠨ ᠲᠠᠪᠤ︶ ᠠᠵᠤ ᠦᠢᠯᠡᠰ ᠤᠨ ᠠᠵᠢᠯᠴᠢᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠤᠯᠭᠠᠬᠰᠠᠨ ᠠᠵᠤ ᠦᠢᠯᠡᠰ ᠤᠨ ᠠᠵᠢᠯᠴᠢᠨ ᠤ | ᠡᠯᠧᠺᠲᠷᠣᠨ ᠳᠠᠩᠰᠠ ᠡᠪᠬᠡᠮᠡᠯ ᠢ ᠪᠠᠶᠢᠭᠤᠯᠵᠤ᠂ ᠪᠣᠯᠪᠠᠰᠤᠷᠠᠯ ᠤᠨ ᠮᠡᠳᠡᠭᠡ ᠵᠠᠩᠭᠢ ᠬᠢᠭᠡᠳ ᠠᠵᠢᠯ ᠣᠯᠭᠤᠬᠤ᠂ | ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢ ᠬᠤᠯᠪᠣᠨ ᠨᠠᠪᠲᠠᠷᠡᠭᠦᠯᠵᠦ ᠬᠠᠮᠲᠤ ᠪᠠᠷ ᠡᠳ᠋ᠯᠡᠬᠦ᠂ ᠦᠢᠯᠡᠴᠢᠯᠡᠭᠡᠨ ᠤ | ᠵᠦᠢᠯᠡᠰ ᠢ ᠨᠢᠭᠡ ᠰᠦᠯᠵᠢᠶ᠎ᠡ ᠪᠠᠷ ᠨᠢᠭᠡᠳᠦᠯᠲᠡᠢ ᠭᠦᠢᠴᠡᠳᠬᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠠᠵᠤ | ᠦᠢᠯᠡᠰ ᠤᠨ ᠠᠵᠢᠯᠴᠢᠨ ᠲᠠᠢ ᠪᠢᠴᠢᠭ ᠢᠶᠠᠷ ᠭᠦᠳᠡᠯᠮᠦᠷᠢ ᠶᠢᠨ ᠭᠡᠷ᠎ᠡ ᠲᠣᠭᠲᠠᠬᠤ ᠶᠢ ᠱᠠᠯᠠᠪᠳᠠᠭᠤᠯᠤᠨ᠎ᠠ᠃ | ᠭᠦᠳᠡᠯᠮᠦᠷᠢ ᠦᠢᠯᠡᠴᠢᠯᠡᠭᠡ ᠲᠣᠮᠢᠯᠠᠨ ᠠᠵᠢᠯᠴᠢᠨ ᠬᠡᠷᠡᠭᠯᠡᠬᠦ ᠶᠢ ᠴᠢᠩᠭ᠎ᠠ ᠵᠢᠷᠤᠮᠵᠢᠭᠤᠯᠵᠤ᠂ ᠬᠥᠳᠡᠯᠮᠦᠷᠢᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠭᠦᠳᠡᠯᠮᠦᠷᠢ ᠶᠢᠨ ᠮᠠᠷᠭᠤᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠭᠦᠳᠡᠯᠮᠦᠷᠢ ᠶᠢᠨ ᠬᠦᠷᠢᠶᠡᠨ ᠳᠠᠬᠢ ᠵᠥᠷᠢᠴᠡᠯ ᠵᠠᠭᠤᠷᠠᠯᠳᠤᠭᠠᠨ ᠢ ᠲᠣᠬᠢᠲᠠᠢ ᠰᠢᠢᠳᠪᠦᠷᠢᠯᠡᠨ᠎ᠡ᠃ | ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ | ᠭᠦᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠯᠤᠭ᠎ᠠ | ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠭᠦᠳᠡᠯᠮᠦᠷᠢ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠨ | ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠤᠨ ᠵᠠᠰᠠᠨ᠎ᠠ᠃ | ︵ᠠᠷᠪᠠᠨ ᠵᠢᠷᠭᠤᠭ᠎ᠠ︶ ᠠᠵᠤ ᠦᠢᠯᠡᠰ ᠤᠨ ᠠᠵᠢᠯᠴᠢᠨ ᠤ ᠠᠮᠤᠷ ᠲᠦᠪᠰᠢᠨ ᠡᠷᠡᠭᠦᠯ ᠮᠡᠨᠳᠦ ᠶᠢᠨ ᠡᠷᠬᠡ | ᠠᠰᠢᠭ ᠢ ᠪᠦᠲᠦᠮᠵᠢᠲᠡᠶ ᠬᠠᠮᠠᠭᠠᠯᠠᠨ᠎ᠠ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠶᠤᠯ ᠶᠡᠬᠡᠲᠡᠢ ᠠᠵᠢᠯ ᠲᠥᠷᠥᠯ ᠤᠨ ᠬᠦᠷᠢᠶᠡᠨ ᠳᠠᠬᠢ ᠠᠵᠢᠯᠴᠢᠳ ᠤᠨ ᠠᠮᠤᠷ ᠲᠦᠪᠰᠢᠨ ᠤ | ᠤᠷ᠎ᠠ ᠮᠡᠷᠭᠡᠵᠢᠯ ᠢ ᠳᠡᠭᠡᠭᠰᠢᠯᠡᠭᠦᠯᠭᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠠᠵᠢᠯᠲᠠᠨ ᠠᠵᠢᠯᠴᠢᠨ ᠤ | ᠲᠥᠯᠥᠭᠡᠯᠡᠭᠴᠢᠳ ᠤᠨ ᠶᠡᠭᠡ ᠬᠤᠷᠠᠯ ᠠᠴᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠎ᠠ᠃ ᠠᠶᠤᠯ ᠶᠡᠬᠡᠲᠡᠢ ᠠᠵᠢᠯ ᠲᠥᠷᠥᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠦᠳᠡᠯᠮᠦᠷᠢ ᠶᠢᠨ ᠠᠶᠤᠯᠭᠦᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠢ | ᠱᠠᠯᠠᠪᠳᠠᠭᠤᠯᠵᠤ ᠠᠵᠢᠯᠯᠠᠬᠤ ᠴᠠᠭ ᠪᠣᠯᠣᠨ ᠠᠮᠠᠷᠠᠯᠲᠠ ᠪᠠ ᠠᠮᠠᠷᠠᠯᠲᠠ ᠶᠢᠨ ᠴᠢᠯᠦᠭᠡ ᠠᠪᠬᠤ ᠳᠦᠷᠢᠮ ᠢ ᠬᠠᠤᠯᠢ | ᠶᠣᠰᠣᠭᠠᠷ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠠᠵᠢᠯᠴᠢᠨ ᠤ ᠰᠤᠪᠢᠯᠠᠯᠲᠠ ᠪᠠ ᠠᠮᠠᠷᠠᠯᠲᠠ ᠶᠢᠨ ᠳᠦᠷᠢᠮ ᠢ | ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠠᠵᠢᠯᠴᠢᠨ ᠤ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠠᠬᠢᠭᠤᠯᠤᠨ᠎ᠠ᠃ | ︵ᠠᠷᠪᠠᠨ ᠳᠣᠯᠤᠭ᠎ᠠ︶ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠯᠡᠭᠴᠢᠳ ᠤᠨ ᠡᠷᠬᠡ | ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ ᠰᠢᠨ᠎ᠡ ᠠᠵᠢᠯ ᠣᠯᠭᠤᠯᠲᠠ ᠶᠢᠨ | ᠭᠡᠯᠪᠡᠷᠢ ᠶᠢᠨ ᠬᠦᠷᠢᠶᠡᠨ ᠳᠠᠬᠢ ᠬᠠᠤᠯᠢ ᠲᠣᠭᠲᠠᠭᠠᠬᠤ ᠶᠢ ᠠᠬᠢᠭᠤᠯᠬᠤ ᠶᠢ ᠰᠤᠳᠤᠯᠤᠨ᠎ᠠ᠃ ᠠᠵᠢᠯᠴᠢᠨ ᠤ ᠡᠪᠯᠡᠯ ᠤᠨ | ᠭᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ︽ᠨᠢᠭᠡ ᠵᠠᠬᠢᠳᠠᠯ ᠬᠤᠶᠠᠷ ᠪᠢᠴᠢᠭ︾ ᠢ ᠪᠦᠭᠦ ᠲᠠᠯ᠎ᠠ ᠪᠠᠷ | ᠬᠡᠷᠡᠭᠵᠢᠭᠦᠯᠵᠦ᠂ ᠲᠠᠪᠴᠠᠩ ᠤᠨ ᠠᠵᠤ ᠠᠬᠤᠶᠢᠯᠠᠯ ᠪᠠ ᠲᠠᠪᠴᠠᠩ ᠤᠨ ᠠᠵᠢᠯᠴᠢᠨ ᠬᠡᠷᠡᠭᠯᠡᠬᠦ ᠲᠠᠯ᠎ᠠ ᠪᠠᠷ ᠬᠤᠷᠰᠢᠭᠰᠠᠨ | ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ | ᠬᠥᠳᠡᠯᠮᠦᠷᠢᠴᠢᠳ ᠤᠨ ᠠᠵᠢᠯᠴᠢᠨ ᠤ ᠡᠪᠯᠡᠯ ᠳᠤ ᠣᠷᠣᠬᠤ ᠪᠠ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ | ᠠᠵᠢᠯ ᠢ ᠢᠳᠡᠪᠬᠢᠲᠡᠢ ᠰᠠᠶᠢᠲᠤᠷ ᠬᠢᠵᠦ᠂ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠠᠮᠢᠳᠤᠯᠢᠭ ᠢᠶᠠᠷ ᠠᠵᠢᠯ | ᠣᠯᠣᠭᠰᠠᠳ᠂ ᠬᠥᠯᠥᠰᠦᠨ ᠲᠠᠷᠢᠶᠠᠴᠢᠨ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ | ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ | ᠬᠥᠳᠡᠯᠮᠦᠷᠢᠴᠢᠨ ᠤ ᠠᠵᠢᠯ ᠠᠴᠠ ᠪᠣᠯᠤᠭᠰᠠᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢᠨ ᠴᠡᠭ ᠢ ᠥᠷᠭᠡᠳᠬᠡᠨ᠎ᠡ᠃ | ᠲᠠᠪᠴᠠᠩ ᠤᠨ ᠠᠵᠤ ᠠᠬᠤᠶᠢᠯᠠᠯ ᠤᠨ ᠠᠵᠢᠯᠴᠢᠨ ᠤ ᠡᠪᠯᠡᠯ᠂ ᠬᠥᠳᠡᠯᠮᠦᠷᠢᠴᠢᠳ ᠤᠨ ᠲᠥᠯᠥᠭᠡᠯᠡᠭᠴᠢᠳ ᠲᠠᠢ | ᠪᠠᠶᠢᠩᠭᠤ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ | ᠳᠣᠯᠤᠭ᠎ᠠ᠂ ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠲᠠᠪᠴᠠᠩ ᠢ ᠪᠠᠶᠢᠭᠤᠯᠵᠤ᠂ ᠠᠵᠤ ᠦᠢᠯᠡᠰ ᠤᠨ | ᠠᠵᠢᠯᠴᠢᠨ ᠤ ᠭᠤᠣᠯ ᠬᠦᠴᠦᠨ ᠤ ᠦᠢᠯᠡᠳᠦᠯ ᠢ ᠪᠠᠳᠠᠷᠠᠭᠤᠯᠤᠨ᠎ᠠ | ︵ᠠᠷᠪᠠᠨ ᠨᠠᠢᠮᠠ︶ ᠭᠦᠳᠡᠯᠮᠦᠷᠢ ᠪᠣᠯᠣᠨ ᠤᠷ᠎ᠠ ᠴᠢᠳᠠᠪᠤᠷᠢ ᠶᠢᠨ ᠤᠷᠤᠯᠳᠤᠭᠠᠨ ᠢ ᠭᠦᠨᠵᠡᠭᠡᠢ ᠥᠷᠨᠢᠭᠦᠯᠦᠨ᠎ᠡ᠃ | ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠦᠷᠦᠯ ᠵᠦᠢᠯ᠂ | ᠭᠤᠣᠯᠳᠠᠯᠭ᠎ᠠ ᠲᠠᠢ ᠠᠵᠤ ᠦᠢᠯᠡᠰ ᠲᠠᠢ ᠤᠶᠠᠯᠳᠤᠭᠤᠯᠤᠨ᠂ ᠡᠯ᠎ᠡ ᠱᠠᠲᠤ ᠳᠠᠪᠬᠤᠷᠭ᠎ᠠ ᠤᠯᠠᠨ ᠭᠡᠯᠪᠡᠷᠢ ᠶᠢᠨ | ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠨ᠎ᠡ᠃ ᠠᠵᠤ | ᠠᠬᠤᠶᠢᠯᠠᠯ ᠤᠨ ᠣᠯᠠᠨ ᠶᠠᠩᠵᠤ ᠭᠡᠯᠪᠡᠷᠢ ᠶᠢᠨ ᠭᠦᠳᠡᠯᠮᠦᠷᠢ ᠶᠢᠨ ᠤᠷᠤᠯᠳᠤᠭᠠᠨ᠂ ᠤᠷ᠎ᠠ ᠴᠢᠳᠠᠪᠤᠷᠢ ᠶᠢᠨ | ᠮᠥᠷᠥᠶᠢᠴᠡᠭᠡᠨ ᠥᠷᠨᠢᠭᠦᠯᠬᠦ ᠶᠢ ᠳᠡᠮᠵᠢᠵᠦ᠂ ᠠᠵᠤ ᠦᠢᠯᠡᠰ ᠤᠨ ᠠᠵᠢᠯᠴᠢᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠣᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠲᠠᠰᠤᠷᠠᠯᠲᠠ ᠦᠭᠡᠢ | ᠬᠥᠭᠵᠢᠭᠡᠨ᠎ᠡ᠃ | ︵ᠠᠷᠪᠠ ᠶᠢᠰᠦ︶ ᠠᠵᠤ ᠦᠢᠯᠡᠰ ᠤᠨ ᠠᠵᠢᠯᠴᠢᠨ ᠤ ᠰᠢᠨ᠎ᠡ ᠶᠢ ᠡᠭᠦᠳᠴᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠵᠤ ᠦᠢᠯᠡᠰ ᠤᠨ ᠠᠵᠢᠯᠴᠢᠨ ᠤ ᠠᠵᠢᠯ ᠤᠨ ᠪᠠᠶᠢᠷᠢ ᠳᠠᠭᠠᠨ | ᠰᠠᠭᠤᠷᠢᠯᠠᠨ᠂ ᠲᠤᠬᠠᠢ ᠶᠢᠨ ᠲᠠᠯᠠᠪᠠᠶ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠵᠢᠭᠤᠯᠵᠤ᠂ | ᠦᠢᠯᠡᠳᠪᠦᠷᠢᠯᠡᠯ ᠤᠨ ᠪᠦᠭᠦ ᠶᠠᠪᠤᠴᠠ ᠳᠤ ᠬᠠᠨᠳᠤᠭᠤᠯᠤᠭᠰᠠᠨ ᠮᠡᠷᠭᠡᠵᠢᠯ ᠤᠨ ᠰᠢᠨᠡᠴᠢᠯᠡᠯᠲᠡ᠂ ᠮᠡᠷᠭᠡᠵᠢᠯ ᠤᠨ ᠰᠢᠨ᠎ᠡ | ᠶᠢ ᠡᠭᠦᠳᠬᠦ᠂ ᠮᠡᠷᠭᠡᠵᠢᠯ ᠤᠨ ᠪᠣᠭᠤᠮᠲᠠ ᠰᠢᠪᠲᠤᠯᠬᠤ᠂ ᠮᠡᠷᠭᠡᠵᠢᠯ ᠤᠨ ᠡᠭᠦᠳᠦᠨ ᠪᠦᠲᠦᠭᠡᠯᠲᠡ ᠪᠠ ᠵᠢᠵᠢᠭ ᠡᠭᠦᠳᠦᠯᠲᠡ᠂ | ᠵᠢᠵᠢᠭ ᠪᠦᠲᠦᠭᠡᠯᠲᠡ᠂ ᠵᠢᠵᠢᠭ ᠰᠢᠨᠡᠴᠢᠯᠡᠯᠲᠡ᠂ ᠵᠢᠵᠢᠭ ᠵᠢᠷᠤᠭ ᠲᠥᠯᠥᠪᠯᠡᠭᠡ᠂ ᠵᠢᠵᠢᠭ ᠰᠠᠨᠠᠭᠤᠯᠭ᠎ᠠ ᠵᠡᠷᠭᠡ ᠣᠯᠠᠨ | ᠲᠦᠮᠡᠨᠴᠢ ᠴᠢᠨᠠᠷᠲᠠᠢ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠠᠵᠤ ᠠᠬᠤᠶᠢᠯᠠᠯ ᠤᠨ | ᠳᠣᠲᠣᠷᠠᠬᠢ ᠠᠩᠭᠢ ᠳᠤᠭᠤᠶᠢᠯᠠᠩ ᠤᠨ ᠦᠢᠯᠡᠳᠦᠯ ᠢ ᠪᠠᠳᠠᠷᠠᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ ᠲᠣᠮᠣ | ᠤᠯᠤᠰ ᠤᠨ ᠤᠷᠠᠨ ᠳᠠᠷᠬᠠᠨ᠂ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠴᠢᠬᠤᠯᠠ ᠶᠡᠭᠡ | ᠮᠡᠷᠭᠡᠵᠢᠯ ᠤᠨ ᠰᠢᠨᠡᠴᠢᠯᠡᠯᠲᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ | ᠵᠦᠢᠯ ᠳᠤ ᠣᠷᠤᠯᠴᠠᠬᠤ ᠶᠢ ᠬᠥᠲᠥᠯᠥᠨ ᠵᠢᠯᠤᠭᠤᠳᠬᠤ ᠪᠠ ᠳᠠᠮᠵᠢᠨ᠎ᠠ᠃ ᠠᠵᠤ ᠦᠢᠯᠡᠰ ᠤᠨ ᠠᠵᠢᠯᠴᠢᠨ ᠤ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠳᠠᠪᠰᠢᠯᠲᠠ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠰᠠᠶᠢᠲᠤᠷ ᠬᠢᠨ᠎ᠡ᠃ | ︵ᠬᠤᠷᠢ︶ ᠭᠦᠳᠡᠯᠮᠦᠷᠢ ᠶᠢᠨ ᠵᠢᠱᠢᠶᠡᠴᠢ ᠪᠣᠯᠣᠨ ᠤᠷᠠᠨ ᠳᠠᠷᠬᠠᠨ ᠴᠢᠳᠠᠪᠤᠷᠢᠲᠠᠨ ᠤ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ | ᠰᠢᠨ᠎ᠡ ᠶᠢ ᠡᠭᠦᠳᠬᠦ ᠠᠵᠢᠯᠯᠠᠬᠤ ᠲᠠᠰᠤᠭ᠂ ᠤᠷ᠎ᠠ ᠮᠡᠷᠭᠡᠵᠢᠯ ᠤᠨ ᠶᠡᠭᠡ ᠪᠠᠭᠰᠢᠲᠠᠨ ᠤ ᠠᠵᠢᠯᠯᠠᠬᠤ ᠲᠠᠰᠤᠭ᠂ ᠠᠵᠢᠯᠲᠠᠨ | ᠠᠵᠢᠯᠴᠢᠨ ᠤ ᠰᠢᠨ᠎ᠡ ᠶᠢ ᠡᠭᠦᠳᠬᠦ ᠠᠵᠢᠯᠯᠠᠬᠤ ᠲᠠᠰᠤᠭ᠂ ᠵᠠᠯᠠᠭᠤᠴᠤᠳ ᠤᠨ ᠰᠢᠨ᠎ᠡ ᠶᠢ ᠡᠭᠦᠳᠬᠦ ᠬᠤᠰᠢᠭᠤᠴᠢ ᠶᠢᠨ | ᠠᠵᠢᠯᠯᠠᠬᠤ ᠲᠠᠰᠤᠭ ᠵᠡᠷᠭᠡ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠶᠢᠵᠢᠭᠰᠠᠨ ᠨᠠᠷᠢᠯᠢᠭᠵᠢᠭᠰᠠᠨ | ᠣᠨᠴᠠᠯᠢᠬᠵᠢᠬᠰᠠᠨ ᠰᠢᠨ᠎ᠡ ᠳᠤᠮᠳᠠ ᠪᠠᠭ᠎ᠠ ᠠᠵᠤ ᠠᠬᠤᠶᠢᠯᠠᠯ᠂ ᠲᠤᠰᠬᠠᠶᠢᠵᠢᠭᠰᠠᠨ ᠨᠠᠷᠢᠯᠢᠭᠵᠢᠭᠰᠠᠨ | ᠣᠨᠴᠠᠯᠢᠬᠵᠢᠬᠰᠠᠨ ᠰᠢᠨ᠎ᠡ︽ᠵᠢᠵᠢᠭ ᠠᠪᠤᠷᠭᠤ︾ᠠᠵᠤ ᠠᠬᠤᠶᠢᠯᠠᠯ ᠳᠤ ᠰᠢᠨ᠎ᠡ ᠶᠢ ᠡᠭᠦᠳᠬᠦ ᠠᠵᠢᠯᠯᠠᠬᠤ ᠲᠠᠰᠤᠭ ᠤᠨ | ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠤᠨ᠎ᠠ᠃ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ | ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠰᠢᠨ᠎ᠡ ᠶᠢ ᠡᠭᠦᠳᠬᠦ ᠠᠵᠢᠯᠯᠠᠬᠤ ᠲᠠᠰᠤᠭ ᠤᠨ ᠬᠤᠯᠪᠤᠭ᠎ᠠ ᠶᠢ | ᠵᠣᠷᠢᠭᠵᠢᠭᠤᠯᠤᠨ ᠬᠥᠭᠵᠢᠭᠦᠯᠦᠨ᠎ᠡ᠃ ︽ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠠᠵᠤ ᠠᠬᠤᠶᠢᠯᠠᠯ ᠢ ᠲᠤᠰᠠᠯᠠᠬᠤ | ᠠᠶᠠᠨ︾ ᠢ ᠬᠡᠷᠡᠭᠵᠢᠭᠦᠯᠵᠦ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠬᠵᠢᠬᠰᠠᠨ ᠰᠢᠨ᠎ᠡ ᠳᠤᠮᠳᠠ ᠪᠠᠭ᠎ᠠ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ᠃ | ᠨᠠᠢᠮᠠ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠤᠵᠠᠭᠠᠶᠢᠷᠠᠭᠤᠯᠵᠤ᠂ ᠨᠠᠮ ᠤᠨ ᠤᠷᠳᠤ | ᠬᠤᠭᠤᠴᠠᠭ᠎ᠠ ᠪᠠᠷ ᠲᠦᠷᠦ ᠪᠠᠷᠢᠬᠤ ᠠᠩᠭᠢ ᠶᠢᠨ ᠰᠠᠭᠤᠷᠢ ᠪᠠ ᠤᠯᠠᠨ ᠲᠦᠮᠡᠨᠴᠢ ᠰᠠᠭᠤᠷᠢ ᠶᠢ ᠲᠠᠰᠤᠷᠠᠯᠳᠠ ᠦᠭᠡᠢ | ᠪᠠᠬᠢᠵᠢᠭᠦᠯᠦᠨ᠎ᠡ | ︵ᠬᠤᠷᠢᠨ ᠨᠢᠭᠡ︶ ᠦᠢᠯᠡᠳᠬᠦ ᠦᠢᠯᠡᠰ ᠤᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠲᠣᠭᠲᠠᠭᠤᠨ | ᠪᠠᠶᠢᠯᠭᠠᠨ᠎ᠠ᠃ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ | ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠨ ᠳᠤ᠂ | ᠦᠢᠯᠡᠳᠬᠦ ᠦᠢᠯᠡᠰ ᠤᠨ ᠤᠷ᠎ᠠ ᠮᠡᠷᠭᠡᠵᠢᠯ ᠤᠨ ᠰᠠᠭᠤᠷᠢ ᠢᠨᠵᠧᠨᠧᠷᠢᠩ ᠪᠠ ᠦᠢᠯᠡᠳᠬᠦ ᠦᠢᠯᠡᠰ ᠤᠨ | ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ ᠶᠢ ᠳᠠᠮᠵᠢᠨ᠎ᠠ᠃ ᠦᠢᠯᠡᠳᠬᠦ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ᠠᠵᠤ ᠦᠢᠯᠡᠰ ᠤᠨ | ᠠᠵᠢᠯᠴᠢᠨ ᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ | ᠰᠢᠯᠵᠢᠭᠦᠯᠵᠦ ᠪᠤᠯᠪᠠᠰᠤᠷᠠᠭᠤᠯᠬᠤ ᠪᠠᠨ ᠴᠢᠩᠭᠠᠳᠬᠠᠬᠤ ᠶᠢ ᠳᠡᠮᠵᠢᠬᠦ ᠪᠠ ᠬᠥᠲᠥᠯᠥᠨ ᠵᠢᠯᠤᠭᠤᠳᠴᠤ᠂ ᠠᠵᠤ | ᠦᠢᠯᠡᠰ ᠤᠨ ᠠᠵᠢᠯᠴᠢᠨ ᠤ ᠣᠯᠠᠨ ᠠᠵᠢᠯ ᠤᠨ ᠪᠠᠶᠢᠷᠢ ᠳᠤ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠬᠤᠷᠢᠨ ᠬᠤᠶᠠᠷ︶ ᠲᠣᠮᠣ ᠤᠯᠤᠰ ᠤᠨ ᠤᠷᠠᠨ ᠳᠠᠷᠬᠠᠨ ᠢ ᠶᠡᠭᠡ ᠪᠠᠷ ᠬᠥᠮᠥᠵᠢᠭᠦᠯᠦᠨ᠎ᠡ᠃ ᠲᠣᠮᠣ | ᠤᠯᠤᠰ ᠤᠨ ᠤᠷᠠᠨ ᠳᠠᠷᠬᠠᠨ ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠣᠮᠣ | ᠤᠯᠤᠰ ᠤᠨ ᠤᠷᠠᠨ ᠳᠠᠷᠬᠠᠨ ᠤ ᠰᠢᠨ᠎ᠡ ᠶᠢ ᠡᠭᠦᠳᠬᠦ ᠰᠣᠯᠢᠯᠴᠠᠭᠠᠨ ᠤ ᠶᠡᠭᠡ ᠬᠤᠷᠠᠯ ᠵᠢᠴᠢ ᠲᠣᠮᠣ ᠤᠯᠤᠰ ᠤᠨ | ᠤᠷᠠᠨ ᠳᠠᠷᠬᠠᠨ ᠤ ᠶᠠᠷᠢᠶᠠᠨ ᠤ ᠲᠠᠪᠴᠠᠩ ᠢ ᠦᠷᠭᠦᠯᠵᠢᠯᠡᠨ ᠰᠠᠶᠢᠲᠤᠷ ᠡᠷᠭᠢᠯᠡᠨ᠎ᠡ᠃ ᠡᠮᠡᠭᠲᠡᠢ ᠤᠷᠠᠨ ᠳᠠᠷᠬᠠᠳ ᠢ | ᠬᠥᠮᠥᠵᠢᠭᠦᠯᠬᠦ ᠶᠢ ᠴᠢᠩᠭᠠᠳᠬᠠᠵᠤ᠂ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ ᠤᠷᠠᠨ ᠳᠠᠷᠬᠠᠨ ᠤ | ᠤᠬᠠᠭᠤᠯᠭ᠎ᠠ ᠶᠢ ᠥᠷᠭᠡᠨ ᠳᠡᠯᠭᠡᠷ ᠭᠦᠨᠵᠡᠭᠡᠢ ᠥᠷᠨᠢᠭᠦᠯᠵᠦ᠂ ᠨᠡᠶᠢᠭᠡᠮ ᠳᠠᠶᠠᠭᠠᠷ ᠲᠤ ᠤᠷᠠᠨ ᠳᠠᠷᠬᠠᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠤᠷᠠᠨ ᠳᠠᠷᠬᠠᠨ ᠤ ᠥᠯᠢᠭᠡᠷ ᠢ ᠰᠠᠶᠢᠲᠤᠷ ᠶᠠᠷᠢᠵᠤ᠂ ᠲᠣᠭᠲᠠᠭᠠᠯ ᠶᠣᠰᠣᠭᠠᠷ | ᠬᠥᠬᠢᠭᠦᠯᠦᠨ ᠰᠠᠶᠢᠰᠢᠶᠠᠬᠤ ᠠᠵᠢᠯ ᠢ ᠥᠷᠨᠢᠭᠦᠯᠦᠨ᠎ᠡ᠃ | ︵ᠬᠤᠷᠢᠨ ᠭᠤᠷᠪᠠ︶ ᠨᠡᠩ ᠤᠯᠠᠨ ᠵᠠᠯᠠᠭᠤᠴᠤᠳ ᠢ ᠠᠵᠤ ᠦᠢᠯᠡᠰ ᠤᠨ ᠠᠵᠢᠯᠴᠢᠨ ᠤ ᠡᠩᠨᠡᠭᠡ ᠳᠤ ᠲᠡᠳᠡᠨ | ᠣᠷᠣᠭᠤᠯᠤᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠠᠵᠢᠯ ᠣᠯᠭᠤᠯᠲᠠ ᠶᠢᠨ ᠵᠢᠯᠣᠭᠤᠳᠤᠯᠭ᠎ᠠ᠂ ᠠᠵᠢᠯ | ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ | ᠪᠠᠶᠢᠭᠤᠯᠤᠨ᠎ᠠ᠃ ᠠᠵᠢᠯᠯᠠᠬᠤ ᠣᠷᠴᠢᠨ ᠪᠠ ᠭᠦᠳᠡᠯᠮᠦᠷᠢ ᠶᠢᠨ ᠨᠥᠬᠦᠴᠡᠯ ᠢ ᠰᠠᠶᠢᠵᠢᠷᠠᠭᠤᠯᠵᠤ᠂ ᠤᠶᠤᠨ ᠤ ᠪᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠦᠢᠯᠡᠳᠬᠦ ᠦᠢᠯᠡᠰ ᠤᠨ ᠠᠵᠢᠯ ᠤᠨ ᠪᠠᠶᠢᠷᠢ ᠶᠢᠨ ᠵᠠᠯᠠᠭᠤᠴᠤᠳ ᠢ | ᠲᠠᠲᠠᠬᠤ ᠬᠦᠴᠦᠨ ᠢ ᠴᠢᠩᠭᠠᠷᠠᠭᠤᠯᠤᠨ᠎ᠠ᠃ ᠠᠵᠤ ᠦᠢᠯᠡᠰ ᠤᠨ ᠠᠵᠢᠯᠴᠢᠨ ᠤ ᠦᠰᠦᠨ ᠪᠣᠶᠢᠵᠢᠵᠤ ᠬᠥᠭᠵᠢᠬᠦ | ᠲᠠᠪᠴᠠᠩ ᠢ ᠪᠠᠶᠢᠭᠤᠯᠵᠤ᠂ ᠨᠠᠩ ᠣᠯᠠᠨ ᠣᠶᠤᠲᠠᠳ ᠤᠨ ᠤᠷ᠎ᠠ ᠮᠡᠷᠭᠡᠵᠢᠯ ᠡᠵᠡᠮᠰᠢᠵᠦ ᠴᠢᠳᠠᠪᠤᠷᠢᠲᠠᠨ ᠪᠤᠯᠬᠤ᠂ ᠤᠷ᠎ᠠ | ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠵᠠᠮ ᠢᠶᠠᠷ ᠵᠠᠮᠨᠠᠬᠤ ᠶᠢ ᠬᠥᠲᠥᠯᠥᠨ ᠵᠢᠯᠣᠭᠤᠳᠤᠨ᠎ᠠ᠃ | ︵ᠬᠤᠷᠢᠨ ᠳᠥᠷᠪᠡ︶ ᠬᠥᠯᠥᠰᠦᠨ ᠲᠠᠷᠢᠶᠠᠴᠢᠨ ᠢ ᠥᠨᠳᠥᠷ ᠬᠡᠪ ᠪᠣᠯᠪᠠᠰᠤᠷᠠᠯ ᠲᠠᠢ ᠣᠳᠣ ᠦᠶ᠎ᠡ ᠶᠢᠨ ᠠᠵᠤ | ᠦᠢᠯᠡᠰ ᠤᠨ ᠠᠵᠢᠯᠴᠢᠨ ᠪᠣᠯᠭᠠᠨ ᠬᠥᠮᠥᠵᠢᠭᠦᠯᠦᠨ᠎ᠡ᠃ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢᠨ ᠲᠣᠭᠤᠷᠢᠨ ᠳᠤ᠂ ᠬᠥᠯᠥᠰᠦᠨ ᠲᠠᠷᠢᠶᠠᠴᠢᠨ ᠳᠤ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠶᠢ | ᠴᠢᠩᠭᠠᠳᠬᠠᠵᠤ᠂ ᠰᠤᠷᠤᠯᠴᠠᠬᠤ ᠬᠦᠰᠡᠯ ᠵᠡᠭᠦᠳᠦ ᠪᠠᠨ ᠪᠡᠶᠡᠯᠡᠭᠦᠯᠬᠦ ᠠᠵᠢᠯᠯᠠᠭ᠎ᠠ ᠶᠢ ᠥᠷᠭᠡᠨ ᠢᠶᠠᠷ ᠬᠡᠷᠡᠭᠵᠢᠭᠦᠯᠦᠨ᠎ᠡ᠃ | ᠬᠥᠯᠥᠰᠦᠨ ᠲᠠᠷᠢᠶᠠᠴᠢᠨ ᠤ ᠬᠤᠲᠠ ᠳᠤ ᠠᠭᠤᠰᠤᠨ ᠣᠷᠣᠬᠤ ᠶᠢ ᠠᠬᠢᠭᠤᠯᠵᠤ᠂ ᠬᠤᠲᠠ ᠳᠤ ᠡᠷᠦᠭᠡ ᠠᠮᠠ ᠶᠢᠨ | ᠲᠠᠩᠰᠠ ᠣᠷᠣᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠬᠤᠲᠠ ᠣᠷᠣᠭᠰᠠᠨ | ᠬᠥᠯᠥᠰᠦᠨ ᠲᠠᠷᠢᠶᠠᠴᠢᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ | ᠲᠡᠭᠰᠢ ᠪᠠᠷ ᠡᠳ᠋ᠯᠡᠬᠦ ᠶᠢ ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ | ᠬᠥᠯᠥᠰᠦᠨ ᠲᠠᠷᠢᠶᠠᠴᠢᠨ ᠳᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ᠂ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ᠂ ᠲᠣᠭᠲᠠᠪᠤᠷᠢᠲᠠᠢ ᠠᠵᠢᠯ ᠣᠯᠬᠤ ᠶᠢ ᠠᠬᠢᠭᠤᠯᠤᠨ᠎ᠠ᠃ | ᠶᠢᠰᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ | ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ | ︵ᠬᠤᠷᠢᠨ ᠲᠠᠪᠤ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠰᠠᠨᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ | ᠲᠦᠷᠦᠭᠦᠯᠡᠨ ᠶᠡᠷᠦᠩᠬᠡᠶᠢᠯᠡᠨ ᠠᠳᠬᠤᠵᠤ᠂ ᠡᠯ᠎ᠡ ᠱᠠᠲᠤᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠠᠬᠢᠭᠤᠯᠬᠤ ᠪᠠᠶᠢᠭᠤᠯᠤᠮᠵᠢ ᠠᠴᠠ ᠲᠥᠷᠥᠯ | ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃ | ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠬᠠᠤᠯᠢ | ᠲᠣᠭᠲᠠᠭᠠᠬᠤ ᠶᠢ ᠠᠬᠢᠭᠤᠯᠤᠨ᠎ᠠ᠃ | ︵ᠬᠤᠷᠢᠨ ᠵᠢᠷᠭᠤᠭ᠎ᠠ︶ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠤᠨ᠎ᠠ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠥᠪ ᠤᠨ ᠠᠵᠤ ᠠᠬᠤᠶᠢᠯᠠᠯ ᠪᠠ | ᠣᠷᠣᠨ ᠨᠤᠲᠤᠭ ᠤᠨ ᠲᠣᠮᠣ ᠭᠡᠯᠪᠡᠷᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮ ᠤᠨ | ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠶᠢ ᠲᠡᠮᠵᠢᠨ᠎ᠠ᠃ ᠠᠵᠤ ᠠᠬᠤᠶᠢᠯᠠᠯ ᠤᠨ ᠠᠵᠤ ᠦᠢᠯᠡᠰ ᠤᠨ | ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠪᠠᠶᠢᠳᠠᠯ ᠢᠶᠠᠨ ᠠᠵᠤ ᠠᠬᠤᠶᠢᠯᠠᠯ ᠤᠨ | ᠨᠡᠶᠢᠭᠡᠮ ᠤᠨ ᠬᠠᠷᠢᠭᠤᠴᠠᠯᠭ᠎ᠠ ᠶᠢᠨ ᠮᠡᠳᠡᠭᠦᠯᠦᠯᠲᠡ᠂ ᠦᠷᠭᠦᠯᠵᠢᠯᠡᠬᠦ ᠬᠥᠭᠵᠢᠯᠲᠡ ᠶᠢᠨ ᠮᠡᠳᠡᠭᠦᠯᠦᠯᠲᠡ ᠳᠡᠭᠡᠨ | ᠣᠷᠣᠭᠤᠯᠬᠤ ᠶᠢ ᠵᠣᠷᠢᠭᠵᠢᠭᠤᠯᠤᠨ᠎ᠠ᠃ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠠᠬᠢᠭᠤᠯᠬᠤ ᠬᠥᠬᠡ ᠭᠠᠳᠠᠷᠲᠤ ᠪᠢᠴᠢᠭ ᠢ ᠨᠡᠶᠢᠲᠡᠯᠡᠨ᠎ᠡ᠃ ᠠᠵᠤ ᠦᠢᠯᠡᠰ ᠤᠨ ᠠᠵᠢᠯᠴᠢᠨ ᠤ | ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠣᠯᠣᠭᠰᠠᠨ | ᠠᠵᠤ ᠠᠬᠤᠶᠢᠯᠠᠯ ᠢ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠢᠴᠢ ᠠᠵᠢᠯᠴᠢᠨ ᠤ ᠡᠪᠯᠡᠯ | ᠵᠡᠷᠭᠡ ᠠᠴᠠ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠬᠤ ᠪᠠ ᠬᠠᠷᠠᠭᠠᠯᠵᠠᠭᠰᠠᠨ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠦᠨ᠎ᠡ᠃ | ︵ᠬᠤᠷᠢᠨ ᠳᠣᠯᠤᠭ᠎ᠠ︶ ᠨᠡᠶᠢᠭᠡᠮ ᠤᠨ ᠳᠡᠮᠵᠢᠯᠭᠡ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠵᠤ ᠦᠢᠯᠡᠰ ᠤᠨ | ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠨ᠎ᠠ᠃ ᠠᠵᠤ ᠦᠢᠯᠡᠰ ᠤᠨ | ᠠᠵᠢᠯᠴᠢᠨ ᠤ ᠡᠩᠨᠡᠭᠡ ᠶᠢᠨ ᠲᠤᠭ᠎ᠠ ᠪᠠᠷᠢᠮᠲᠠ ᠶᠢ ᠪᠦᠷᠢᠳᠬᠡᠬᠦ᠂ ᠪᠠᠶᠢᠴᠠᠭᠠᠬᠤ᠂ ᠬᠢᠨᠠᠨ ᠬᠡᠮᠵᠢᠬᠦ ᠰᠢᠰᠲ᠋ᠧᠮ ᠢ | ᠪᠠᠶᠢᠭᠤᠯᠤᠨ᠎ᠠ᠃ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ | ᠰᠡᠳᠦᠪ ᠤᠨ ᠰᠤᠳᠤᠯᠭᠠᠨ ᠢ ᠴᠢᠩᠭᠠᠳᠬᠠᠨ᠎ᠠ᠃ | |