ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠨ | ᠬᠤᠷᠠᠯᠳᠤᠭᠤᠯᠤᠭᠰᠠᠨ ᠪᠦᠭᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ | ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ | ᠤᠯᠠᠷᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ | ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.4 ᠬᠤᠪᠢ ᠳᠠᠪᠠᠵᠤ᠂ 15 ᠰᠠᠷ᠎ᠠ | ᠳᠠᠷᠠᠭᠠᠯᠠᠨ 7% ᠶᠢ ᠳᠠᠪᠠᠵᠠᠢ᠃ | ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ | ᠲᠣᠭᠲᠠᠭᠤᠨ ᠢᠶᠠᠷ ᠣᠷᠴᠢᠵᠤ᠂ ᠰᠢᠨ᠎ᠡ ᠬᠥᠳᠡᠯᠭᠡᠬᠦ ᠡᠨᠧᠷᠭᠢ ᠶᠢᠨ ᠨᠡᠮᠡᠭᠳᠡᠯ ᠤᠨ ᠬᠠᠨᠳᠤᠰᠢ ᠡᠷᠴᠢᠮᠲᠡᠢ ᠪᠠᠶᠢᠯ᠎ᠠ᠃ | ᠠᠵᠤ ᠦᠢᠯᠡᠳᠪᠦᠷᠢ ᠶᠢᠨ ᠭᠤᠷᠪᠠᠨ ᠶᠡᠭᠡ ᠲᠦᠷᠦᠯ ᠵᠦᠢᠯ ᠤᠨ ᠬᠤᠪᠢ ᠳᠤ᠂ ᠪᠦᠭᠦ ᠣᠷᠣᠨ ᠤ ᠠᠭᠤᠷᠬᠠᠢ ᠮᠠᠯᠲᠠᠬᠤ | ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ | ᠦᠢᠯᠡᠳᠬᠦ ᠦᠢᠯᠡᠰ ᠤᠨ ᠨᠡᠮᠡᠭᠳᠡᠯ ᠦᠷᠳᠡᠭ 9% ᠪᠠᠷ ᠨᠡᠮᠡᠭᠳᠡᠨ᠂ ᠴᠠᠭᠢᠯᠭᠠᠨ ᠬᠦᠴᠦ ᠢᠯᠴᠢ ᠶᠢᠨ ᠬᠦᠴᠦ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 9. | 9% ᠪᠠᠷ ᠨᠡᠮᠡᠭᠳᠡᠵᠡᠢ᠃ ᠰᠢᠨ᠎ᠡ ᠬᠥᠳᠡᠯᠭᠡᠬᠦ ᠡᠨᠧᠷᠭᠢ ᠶᠢᠨ ᠬᠤᠪᠢ ᠳᠤ᠂ ᠲᠣᠨᠣᠭᠯᠠᠯ ᠦᠢᠯᠡᠳᠬᠦ ᠦᠢᠯᠡᠰ ᠤᠨ | ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠵᠦ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 31.6% ᠪᠠᠷ ᠨᠡᠮᠡᠭᠳᠡᠨ᠂ ᠲᠤᠰ ᠲᠤᠰ ᠪᠦᠭᠦ ᠣᠷᠣᠨ | ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠠᠴᠠ ᠵᠠᠭᠤᠨ ᠤ ᠬᠠᠷᠢᠴᠠᠯ ᠢᠶᠠᠷ 34.6 | ᠬᠤᠪᠢ ᠪᠠ 24.4 ᠬᠤᠪᠢ ᠳᠠᠪᠠᠪᠠ᠃ ᠠᠵᠤ ᠠᠬᠤᠢ ᠶᠢᠨ ᠲᠦᠷᠦᠯ ᠭᠡᠯᠪᠡᠷᠢ ᠶᠢᠨ ᠬᠤᠪᠢ ᠳᠤ᠂ ᠤᠯᠤᠰ ᠤᠨ | ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ | ᠤ ᠬᠢ ᠠᠴᠠ 5.8% ᠪᠠᠷ ᠨᠡᠮᠡᠭᠳᠡᠵᠦ᠂ ᠬᠤᠪᠢᠴᠠᠭᠠᠳᠤ ᠳᠦᠷᠢᠮ ᠤᠨ ᠠᠵᠤ ᠠᠬᠤᠶᠢᠯᠠᠯ ᠤᠨ ᠨᠡᠮᠡᠭᠳᠡᠯ ᠦᠷᠳᠡᠭ 7. | 4% ᠪᠠᠷ ᠨᠡᠮᠡᠭᠳᠡᠨ᠂ ᠭᠠᠳᠠᠭᠠᠳᠤ ᠶᠢᠨ ᠠᠷᠠᠯᠵᠢᠶᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠠᠷᠠᠯᠵᠢᠶᠠᠴᠢᠨ ᠤ | ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠦᠷᠳᠡᠭ 3.7% ᠪᠠᠷ ᠨᠡᠮᠡᠭᠳᠡᠵᠡᠢ᠃ ᠭᠤᠣᠯ ᠪᠤᠯᠬᠤ | ᠦᠢᠯᠡᠳᠬᠦᠨ ᠤ ᠬᠤᠪᠢ ᠳᠤ᠂ ᠲᠦᠭᠦᠬᠡᠢ ᠨᠡᠭᠦᠷᠡᠰᠦ ᠶᠢᠨ ᠭᠠᠷᠤᠯᠲᠠ 9.5 ᠳ᠋ᠦᠩᠰᠢᠭᠤᠷ ᠳᠤᠨ ᠳᠤ ᠬᠦᠷᠴᠦ 4. | 6% ᠪᠠᠷ ᠨᠡᠮᠡᠭᠳᠡᠨ᠂ ᠨᠡᠶᠢᠳᠡ 5990.7 ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ 9.6% ᠪᠠᠷ | ᠨᠡᠮᠡᠭᠳᠡᠪᠡ᠃ 2550.6 ᠲᠦᠮᠡᠨ ᠳᠤᠨ ᠪᠣᠯᠣᠳ ᠮᠠᠲ᠋ᠧᠷᠢᠶᠠᠯ ᠦᠢᠯᠡᠳᠪᠦᠷᠢᠯᠡᠵᠦ 1.5% ᠪᠠᠷ ᠨᠡᠮᠡᠭᠳᠡᠨ᠂ ᠬᠤᠪᠣᠷ | ᠰᠢᠷᠣᠢ ᠶᠢᠨ ᠨᠢᠭᠡᠳᠪᠦᠷᠢ ᠪᠣᠳᠠᠰ ᠪᠠ ᠤᠯᠠᠨ ᠲᠠᠯᠠᠰᠲᠤ ᠴᠠᠬᠢᠭᠤᠷ ᠤᠨ ᠭᠠᠷᠤᠯᠲᠠ ᠲᠤᠰᠪᠤᠷᠢ 2.4 ᠳᠠᠭᠢᠨ ᠪᠠ 1. | 2 ᠳᠠᠭᠢᠨ ᠨᠡᠮᠡᠭᠳᠡᠵᠡᠢ᠃ ᠡᠨᠡ ᠵᠢᠯ ᠤᠨ ᠲᠦᠷᠦᠭᠦᠤ 8 ᠰᠠᠷ᠎ᠠ ᠳᠤ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 18856.4 ᠳ᠋ᠦᠩᠰᠢᠭᠤᠷ ᠲᠥᠭᠦᠷᠢᠭ ᠤᠨ ᠡᠵᠡᠩᠨᠡᠯᠲᠡ | ᠶᠢᠨ ᠤᠷᠤᠯᠭ᠎ᠠ ᠡᠭᠦᠳᠴᠦ᠂ 2014.5 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠣᠯᠣᠭᠰᠠᠨ ᠪᠠᠶᠢᠨ᠎ᠠ᠃ | |