ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠨ | ᠬᠤᠷᠠᠯᠳᠤᠭᠤᠯᠤᠭᠰᠠᠨ ᠪᠦᠭᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ | ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ ᠰᠡᠭᠦᠯᠴᠢ | ᠪᠤᠯᠳᠠᠯ᠎ᠠ ᠮᠠᠨ ᠤ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 4000 | ᠡᠷᠦᠭᠡ ᠶᠢ ᠳᠠᠪᠠᠪᠠ᠃ | ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ︽ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4000 ᠡᠷᠦᠭᠡ ᠶᠢ ᠳᠠᠪᠠᠭᠤᠯᠬᠤ | ᠪᠠᠷ ᠴᠢᠷᠮᠠᠶᠢᠨ᠎ᠠ︾ ᠭᠡᠵᠦ ᠳᠤᠷᠠᠳᠴᠠᠢ᠃ 9 ᠰᠠᠷ᠎ᠠ ᠶᠢᠨ ᠰᠡᠭᠦᠯᠴᠢ ᠪᠤᠯᠬᠤ ᠳᠤ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 4004 ᠡᠷᠦᠭᠡ ᠪᠣᠯᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 266 ᠡᠷᠦᠭᠡ ᠴᠡᠪᠡᠷ ᠨᠡᠮᠡᠭᠳᠡᠵᠦ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠵᠠᠭᠤᠨ ᠤ ᠬᠠᠷᠢᠴᠠᠯ ᠢᠶᠠᠷ 2.7 ᠬᠤᠪᠢ ᠲᠠᠶᠢᠴᠢᠯᠠᠵᠦ᠂ ᠪᠦᠭᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠳᠤ 37. | 5% ᠶᠢᠨ ᠬᠤᠪᠢ ᠨᠡᠮᠡᠷᠢ ᠦᠵᠡᠭᠦᠯᠪᠡ᠃︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠪᠦᠭᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠯᠢᠶᠡᠳ ᠲᠦᠷᠭᠡᠨ ᠨᠡᠮᠡᠭᠳᠡᠵᠦ᠂ | 2021 ᠣᠨ ᠤ ᠡᠬᠢᠨ ᠤ 3011 ᠡᠷᠦᠭᠡ ᠪᠠᠶᠢᠭᠰᠠᠨ ᠠᠴᠠ ᠪᠠᠨ ᠤᠳᠤ 4004 ᠡᠷᠦᠭᠡ ᠪᠣᠯᠵᠤ᠂ 993 | ᠡᠷᠦᠭᠡ ᠴᠡᠪᠡᠷ ᠨᠡᠮᠡᠭᠳᠡᠵᠡᠢ᠃ ᠡᠨᠡ ᠬᠦ ᠰᠢᠨ᠎ᠡ ᠪᠠᠷ ᠨᠡᠮᠡᠭᠳᠡᠭᠰᠡᠨ 1000 ᠰᠢᠬᠠᠮ ᠠᠵᠤ ᠠᠬᠤᠶᠢᠯᠠᠯ ᠨᠢ ᠪᠦᠭᠦ | ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ | ᠢᠶᠠᠷ ᠨᠡᠮᠡᠭᠳᠡᠬᠦ ᠪᠠᠶᠢᠳᠠᠯ ᠢᠶᠠᠨ ᠪᠠᠲᠤᠯᠠᠵᠤ᠂ ᠪᠦᠭᠦ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ᠂ | ᠲᠣᠭᠲᠠᠭᠤᠨ ᠢᠶᠠᠷ ᠣᠷᠴᠢᠬᠤ ᠳᠤ ᠪᠠᠲᠤ ᠰᠠᠭᠤᠷᠢ ᠲᠠᠯᠪᠢᠪᠠ᠃ ᠡᠨᠡ ᠨᠢ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠨᠡᠮᠡᠭᠳᠡᠭᠰᠡᠨ ᠠᠴᠠ ᠭᠠᠳᠠᠨ᠎ᠠ᠂ ᠪᠦᠭᠦ ᠣᠷᠣᠨ ᠤ ᠡᠨᠧᠷᠭᠢ ᠶᠢᠨ ᠠᠵᠤ | ᠦᠢᠯᠡᠳᠪᠦᠷᠢ ᠡᠷᠴᠢᠮᠲᠡᠢ ᠲᠤᠯᠭᠠᠭᠤᠷᠢᠯᠠᠯ ᠬᠠᠩᠭᠠᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠲᠠᠰᠤᠷᠠᠯᠳᠠ ᠦᠭᠡᠢ ᠴᠢᠩᠭᠠᠷᠠᠭᠰᠠᠨ ᠠᠴᠠ ᠪᠣᠯᠵᠠᠢ᠃ ᠲᠦᠷᠦᠭᠦᠦ ᠭᠤᠷᠪᠠᠨ ᠤᠯᠠᠷᠢᠯ ᠳᠤ ᠪᠦᠭᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠨᠡᠭᠦᠷᠡᠰᠦ ᠶᠢᠨ ᠭᠠᠷᠤᠯᠲᠠ ᠪᠠ | ᠴᠠᠭᠢᠯᠭᠠᠨ ᠭᠠᠷᠭᠠᠭᠰᠠᠨ ᠬᠡᠮᠵᠢᠶ᠎ᠡ ᠴᠥᠮ ᠪᠦᠭᠦ ᠤᠯᠤᠰ ᠲᠤ ᠮᠠᠩᠯᠠᠶᠢᠯᠠᠪᠠ᠃ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ | ᠠᠴᠠ 5.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠵᠠᠭᠤᠨ ᠤ | ᠬᠠᠷᠢᠴᠠᠯ ᠢᠶᠠᠷ 3.9 ᠬᠤᠪᠢ ᠲᠠᠶᠢᠴᠢᠯᠠᠪᠠ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ | ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41.8% ᠪᠠᠷ | ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠳᠡᠭ 43.4% ᠪᠠᠷ ᠨᠡᠮᠡᠭᠳᠡᠨ᠂ ᠲᠤᠰ ᠲᠤᠰ | 9 ᠰᠠᠷ᠎ᠠ ᠪᠠ 15 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠪᠦᠭᠦ ᠣᠷᠣᠨ ᠤ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ 20% ᠪᠠᠷ ᠨᠡᠮᠡᠭᠳᠡᠭᠰᠡᠨ ᠰᠠᠭᠤᠷᠢᠨ ᠳᠡᠭᠡᠷ᠎ᠡ | ᠡᠨᠡ ᠵᠢᠯ ᠦᠷᠭᠦᠯᠵᠢᠯᠡᠨ 31.6% ᠪᠠᠷ ᠨᠡᠮᠡᠭᠳᠡᠵᠡᠢ᠃ | |