ᠦᠴᠦᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠠᠯᠪᠠᠨ ᠳᠤ ᠪᠠᠶᠢᠭ᠎ᠠ ᠴᠡᠷᠢᠭ ᠤᠨ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠬᠦᠷᠭᠡᠪᠡ
ᠨᠡᠶᠢᠲᠡᠯᠡᠭᠰᠡᠨ ᠴᠠᠭ᠄
2024/10/25
      10 ᠰᠠᠷ᠎ᠠ ᠶᠢᠨ 23 ᠤ ᠡᠳᠦᠷ᠂ ᠦᠴᠦᠸᠠᠨ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠤᠷᠢᠳ ᠬᠤᠵᠢᠳ ᠬᠥᠬᠡ ᠡᠷᠭᠢ ᠪᠠᠯᠭᠠᠰᠤᠨ ᠤ ᠪᠢᠨ ᠾᠧ ᠨᠡᠶᠢᠭᠡᠮ ᠲᠣᠭᠤᠷᠢᠭ ᠵᠢᠴᠢ ᠬᠥᠬᠡᠬᠤᠲᠠ ᠶᠢᠨ ᠢᠦᠢ ᠴᠢᠦᠸᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ ᠲᠤ ᠬᠦᠷᠴᠦ᠂ᠬᠤᠤ ᠬᠤᠢ ᠴᠢᠶᠠᠩ᠂ ᠯᠢᠦ ᠰᠢᠶᠠᠩ ᠢᠦᠢ᠂ ᠪᠠᠢ ᠶᠦᠨ ᠫᠧᠩ᠂ ᠸᠠᠩ ᠬᠠᠨ ᠸᠧᠢ ᠵᠡᠷᠭᠡ ᠳᠦᠷᠪᠡᠨ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠠᠯᠪᠠᠨ ᠳᠤ ᠪᠠᠶᠢᠭ᠎ᠠ ᠴᠡᠷᠢᠭ ᠤᠨ ᠭᠡᠷ ᠪᠦᠯᠢ ᠶᠢᠨ ᠬᠢᠨ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠪᠣᠯᠣᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠴᠡᠷᠢᠭ ᠤᠨ ᠭᠡᠷ ᠪᠦᠯᠢ ᠶᠢᠨ ᠬᠢᠨ ᠳᠤ ᠪᠦᠴᠡ ᠵᠡᠭᠦᠯᠭᠡᠵᠦ᠂ ᠲᠡᠳᠡᠨ ᠳᠤ ᠴᠢᠩ ᠰᠡᠳᠬᠢᠯ ᠤᠨ ᠪᠠᠶᠠᠷ ᠬᠦᠷᠭᠡᠵᠦ᠂ ᠨᠠᠮ ᠪᠣᠯᠣᠨ ᠵᠠᠰᠠᠭ ᠤᠨ ᠣᠷᠳᠣᠨ ᠤ ᠭᠦᠨ ᠬᠠᠯᠠᠮᠵᠢᠯᠠᠯ ᠢᠶᠠᠨ ᠢᠯᠡᠳᠬᠡᠪᠡ᠃
     ᠠᠯᠪᠠᠨ ᠳᠤ ᠪᠠᠶᠢᠭ᠎ᠠ ᠴᠡᠷᠢᠭ ᠤᠨ ᠭᠡᠷ ᠲᠤ᠂ ᠲᠣᠬᠤᠨᠢᠭᠤᠯᠬᠤ ᠳᠤᠭᠤᠶᠢᠯᠠᠩ ᠤᠨ ᠤᠳᠤᠷᠢᠳᠤᠯᠭ᠎ᠠ ᠴᠡᠷᠢᠭ ᠤᠨ ᠭᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠭᠠᠪᠢᠶ᠎ᠠ ᠪᠠᠶᠢᠭᠤᠯᠤᠭᠰᠠᠨ ᠴᠡᠷᠢᠭ ᠠᠩᠭᠢ ᠶᠢᠨ ᠠᠵᠢᠯ ᠤᠨ ᠪᠠᠶᠢᠳᠠᠯ ᠵᠢᠴᠢ ᠭᠡᠷ ᠪᠦᠯᠢ ᠶᠢᠨ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ ᠣᠶᠢᠯᠠᠭᠠᠵᠤ᠂ ᠴᠡᠷᠢᠭ ᠤᠨ ᠭᠡᠷ ᠪᠦᠯᠢ ᠶᠢᠨ  ᠬᠢᠨ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ ᠬᠥᠮᠥᠵᠢᠭᠦᠯᠵᠦ᠂ ᠨᠤᠲᠤᠭ ᠤᠰᠤᠨ ᠳᠠᠭᠠᠨ ᠢᠷᠠᠭᠤ ᠠᠯᠳᠠᠷ ᠣᠯᠭᠤᠭᠰᠠᠨ ᠳᠤ ᠲᠠᠯᠠᠷᠬᠠᠵᠤ᠂ ᠭᠡᠷ ᠪᠦᠯᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠬᠡᠦᠬᠡᠳ ᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠳᠤ ᠣᠷᠣᠯᠴᠠᠬᠤ᠂ ᠤᠯᠤᠰ ᠤᠨ ᠢᠶᠠᠨ ᠲᠥᠯᠥᠭᠡ ᠵᠣᠷᠢᠭ ᠰᠢᠭᠤᠳᠬᠤ ᠶᠢ ᠳᠡᠮᠵᠢᠵᠦ᠂ ᠲᠡᠳᠡᠨ ᠤ ᠪᠠᠲᠤ ᠪᠠᠬᠢ ᠥᠮᠥᠭ ᠲᠦᠰᠢᠭ ᠦᠷᠭᠦᠯᠵᠢᠯᠡᠨ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠡᠢ᠃
     ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠨᠢᠭᠡᠪᠦᠷᠢ ᠨᠢ ᠠᠯᠪᠠᠨ ᠳᠤ ᠪᠠᠶᠢᠭ᠎ᠠ ᠴᠡᠷᠢᠭ ᠤᠨ ᠰᠢᠷᠭᠠᠭᠤ ᠬᠠᠲᠠᠭᠤᠵᠢᠯᠲᠠᠢ ᠬᠥᠯᠥᠰᠦ ᠤᠷᠤᠰᠬᠠᠭᠰᠠᠨ ᠢ ᠭᠡᠷᠡᠴᠢᠯᠡᠵᠦ᠂ ᠠᠷᠤ ᠲᠠᠯ᠎ᠠ ᠶᠢᠨ ᠲᠦᠷᠦᠯ ᠰᠠᠳᠤᠨ ᠤ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃
     ᠤᠷᠲᠤ ᠬᠤᠭᠤᠴᠠᠭᠠᠨ ᠤ ᠲᠤᠷᠰᠢ᠂ ᠦᠴᠦᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠭᠡᠷ ᠲᠤ ᠨᠢ ᠬᠦᠷᠴᠦ ᠪᠠᠶᠠᠷ ᠤᠨ ᠮᠡᠳᠡᠭᠡ ᠬᠦᠷᠭᠡᠬᠦ ᠶᠢ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠴᠢᠬᠤᠯᠠ ᠠᠵᠢᠯ ᠤᠨ ᠠᠭᠤᠯᠭ᠎ᠠ ᠪᠣᠯᠭᠠᠨ ᠠᠳᠬᠤᠪᠠ᠃ ᠣᠲᠣ ᠪᠣᠯᠲᠠᠯ᠎ᠠ᠂ 2024 ᠣᠨ ᠳᠤ ᠨᠢᠭᠡᠨᠲᠡ 3 ᠳ᠋ᠤᠭᠠᠷ ᠳᠡᠰ ᠤᠨ ᠭᠠᠪᠢᠶ᠎ᠠ ᠪᠠᠶᠢᠭᠤᠯᠤᠭᠰᠠᠨ 5 ᠰᠢᠯᠢᠳᠡᠭ ᠪᠠᠶᠢᠯᠳᠤᠭᠴᠢ᠂ 31 ᠨᠡᠷᠡᠰ ︽ᠳᠥᠷᠪᠡ ᠶᠢ ᠪᠦᠷᠢᠯᠳᠦᠭᠦᠯᠦᠭᠰᠡᠨ︾ ᠰᠢᠯᠢᠳᠡᠭ ᠪᠠᠶᠢᠯᠳᠤᠭᠴᠢ᠂ ᠰᠢᠯᠢᠳᠡᠭ ᠠᠵᠢᠯᠲᠠᠨ ᠪᠠ ︽ᠴᠢᠳᠠᠪᠤᠷᠢ ᠶᠢᠨ ᠪᠣᠭᠤᠮᠲᠠ ᠰᠢᠪᠲᠤᠯᠤᠭᠰᠠᠨ ᠲᠡᠷᠢᠭᠦᠨ ᠤ ᠬᠤᠪᠢ ᠬᠥᠮᠥᠨ︾ ᠤ ᠠᠯᠪᠠᠨ ᠳᠤ ᠪᠠᠶᠢᠭ᠎ᠠ ᠴᠡᠷᠢᠭ ᠤᠨ ᠭᠡᠷ ᠪᠦᠯᠢ ᠳᠤ ᠭᠠᠪᠢᠶ᠎ᠠ ᠪᠠᠶᠢᠭᠤᠯᠤᠭᠰᠠᠨ ᠱᠠᠩᠨᠠᠯ ᠭᠥᠷᠳᠡᠭᠰᠡᠨ ᠪᠠᠶᠠᠷ ᠤᠨ ᠮᠡᠳᠡᠭᠡ ᠪᠠ ᠲᠣᠬᠤᠨᠢᠭᠤᠯᠬᠤ ᠮᠥᠩᠭᠦ᠂ ᠲᠣᠬᠤᠨᠢᠭᠤᠯᠬᠤ ᠪᠣᠳᠠᠰ ᠬᠦᠷᠭᠡᠵᠦ᠂ ︽ᠢᠷᠠᠭᠤ ᠠᠯᠳᠠᠷᠲᠤ ᠭᠡᠷ ᠪᠦᠯᠢ︾ ᠳᠤ ᠳᠠᠬᠢᠨᠲᠠ ᠢᠷᠠᠭᠤ ᠠᠯᠳᠠᠷ ᠨᠡᠮᠡᠷᠢᠯᠡᠵᠦ᠂ ᠴᠡᠷᠢᠭ ᠴᠡᠷᠢᠭ ᠤᠨ ᠭᠡᠷ ᠪᠦᠯᠢ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠭᠡᠷ ᠪᠦᠯᠢ ᠶᠢᠨ ᠬᠢᠨ ᠳᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠦᠬᠦ ᠨᠡᠶᠢᠭᠡᠮ ᠳᠤ ᠴᠡᠷᠢᠭ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠠᠯᠪᠠᠨ ᠳᠤ ᠪᠠᠶᠢᠭ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷᠲᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠪᠦᠬᠦ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号