10 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠠᠩᠬᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ | ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠬᠦᠯᠡᠩ ᠤᠨ ᠴᠤᠭᠯᠠᠭᠠᠨ᠂ ᠳᠥᠷᠪᠡᠳᠦᠭᠡᠷ ᠬᠤᠭᠤᠴᠠᠭᠠᠨ ᠤ | ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ | ᠲᠠᠨᠢᠯᠴᠠᠭᠤᠯᠭ᠎ᠠ ᠶᠢᠨ ᠬᠤᠷᠠᠯ ᠵᠧᠵᠢᠶᠠᠩ ᠮᠤᠵᠢ ᠶᠢᠨ ᠬᠠᠩᠵᠧᠦ ᠬᠤᠲᠠ ᠳᠤ ᠦᠪᠡᠳᠡᠭᠰᠢ ᠶᠡᠭᠡ ᠪᠠᠷ ᠡᠬᠢᠯᠡᠵᠦ᠂ | ᠠᠵᠢᠯᠯᠠᠭ᠎ᠠ ᠨᠢ 3 ᠡᠳᠦᠷ ᠶᠠᠪᠤᠭᠳᠠᠪᠠ᠃ | | | | | | ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠬᠠᠩᠵᠧᠦ ᠬᠤᠲᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠴᠢᠬᠤᠯᠠ ᠬᠤᠲᠠ ᠪᠣᠯᠤᠭᠰᠠᠨ ᠤ | ᠬᠤᠪᠢ ᠳᠤ᠂ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ | ᠪᠣᠷᠣᠯᠠᠭᠤᠯᠬᠤ ᠬᠡᠪᠴᠢᠶ᠎ᠡ ᠶᠢ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠢ | ᠳᠡᠯᠭᠡᠨ ᠦᠵᠡᠭᠦᠯᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠪᠡᠭᠡᠵᠢᠩ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠪᠡᠭᠡᠵᠢᠩ ᠵᠧᠵᠢᠶᠠᠩ ᠥᠪᠥᠷ ᠮᠣᠩᠭᠤᠯ ᠤᠨ ᠭᠤᠷᠪᠠᠨ | ᠭᠠᠵᠠᠷ ᠤᠨ 6 ᠰᠠᠯᠠᠭ᠎ᠠ ᠮᠥᠴᠢᠷ ᠬᠠᠮᠲᠤ ᠪᠠᠷ ᠲᠣᠰ ᠤᠳᠠᠭᠠᠨ ᠤ ᠰᠢᠷᠢᠰ ᠠᠵᠢᠯᠯᠠᠭ᠎ᠠ ᠶᠢ ᠡᠷᠭᠢᠯᠡᠪᠡ᠃ ᠪᠡᠭᠡᠵᠢᠩ | ᠵᠧᠵᠢᠶᠠᠩ ᠥᠪᠥᠷ ᠮᠣᠩᠭᠤᠯ ᠤᠨ ᠭᠤᠷᠪᠠᠨ ᠭᠠᠵᠠᠷ ᠤᠨ ᠲᠠᠷᠢᠶᠠᠯᠠᠩ ᠮᠠᠯ ᠠᠵᠤ ᠠᠬᠤᠢ᠂ ᠬᠤᠳᠠᠯᠳᠤᠭᠠᠨ ᠤ ᠶᠠᠪᠤᠳᠠᠯ᠂ | ᠰᠣᠶᠣᠯ ᠵᠢᠭᠤᠯᠴᠢᠯᠠᠯ᠂ ᠪᠡᠭᠡᠵᠢᠩ ᠬᠤᠲᠠ ᠶᠢᠨ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠪᠦᠯᠬᠦᠮ | ᠵᠡᠷᠭᠡ ᠨᠢᠭᠡᠴᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ | ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ 200 ᠰᠢᠬᠠᠮ ᠬᠥᠮᠥᠨ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠳᠤ ᠣᠷᠣᠯᠴᠠᠪᠠ᠃ | | | | | | ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠤᠯᠠᠨ ᠠᠴᠠ ᠣᠨᠴᠠᠭᠠᠢ ᠪᠠᠶᠢᠭᠠᠯᠢ ᠶᠢᠨ ᠡᠬᠢ ᠪᠠᠶᠠᠯᠢᠭ ᠪᠣᠯᠣᠨ ᠭᠠᠵᠠᠷ ᠵᠦᠢ ᠶᠢᠨ ᠳᠠᠪᠠᠭᠤᠯᠢᠭ ᠲᠤ ᠲᠦᠰᠢᠭᠯᠡᠨ᠂ | ᠠᠵᠤ ᠦᠢᠯᠡᠰ ᠤᠨ ᠪᠦᠲᠦᠴᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠳᠪᠦᠷᠢᠯᠡᠯ ᠤᠨ ᠴᠢᠳᠠᠪᠤᠷᠢ ᠪᠠᠨ | ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠠᠮᠤ ᠪᠤᠳᠠᠭᠠᠨ ᠤ | ᠶᠡᠷᠦᠩᠬᠡᠢ ᠤᠨᠠᠯᠲᠠ ᠶᠢ ᠪᠦᠬᠦ ᠤᠯᠤᠰ ᠤᠨ ᠠᠷᠪᠠᠳᠤᠭᠠᠷ ᠪᠠᠶᠢᠷᠢ ᠠᠴᠠ ᠵᠢᠷᠭᠤᠳᠤᠭᠠᠷ ᠪᠠᠶᠢᠷᠢᠨ ᠳᠤ ᠬᠦᠷᠲᠡᠯ᠎ᠡ | ᠳᠡᠭᠡᠭᠰᠢᠯᠡᠭᠦᠯᠵᠦ᠂ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ ᠵᠢᠴᠢ ᠢᠮᠠᠭᠠᠨ ᠨᠣᠯᠤᠤᠷ᠂ ᠲᠡᠵᠢᠭᠡᠯ | ᠡᠪᠡᠰᠦᠨ ᠤ ᠭᠠᠷᠤᠯᠲᠠ ᠶᠢ ᠪᠦᠬᠦ ᠤᠯᠤᠰ ᠤᠨ ᠲᠡᠷᠢᠭᠦᠨ ᠳᠤ ᠣᠷᠣᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ︽ᠠᠮᠤ | ᠪᠤᠳᠠᠭᠠᠨ ᠤ ᠬᠥᠮᠥᠷᠭᠡ︾᠂ ︽ᠮᠢᠬᠠᠨ ᠤ ᠬᠥᠮᠥᠷᠭᠡ︾᠂ ︽ᠰᠦ ᠶᠢᠨ ᠰᠠᠪᠠ︾ ᠪᠣᠯᠣᠨ ︽ᠨᠣᠯᠤᠤᠷ ᠤᠨ ᠬᠤᠲᠠ︾ ᠪᠣᠯᠪᠠ᠃ | ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠲᠣᠭᠲᠠᠴᠠ ᠪᠠᠶᠢᠭᠤᠯᠬᠤ᠂ ᠰᠠᠭᠤᠷᠢ ᠲᠠᠯᠪᠢᠬᠤ ᠪᠠᠷ | ᠳᠠᠮᠵᠢᠭᠤᠯᠤᠨ᠂ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠵᠦ᠂ ᠪᠣᠷᠣᠯᠠᠭᠤᠯᠬᠤ | ᠵᠠᠮ ᠢ ᠥᠷᠭᠡᠳᠬᠡᠨ᠂ ᠵᠠᠭᠪᠤᠷ ᠢ ᠡᠭᠦᠳᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ | ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠭᠲᠠᠴᠠ ᠶᠢ ᠠᠰᠢᠭᠯᠠᠨ᠂ ᠤᠷᠢᠳ ᠬᠤᠵᠢᠳ ᠪᠡᠭᠡᠵᠢᠩ᠂ | ᠴᠦᠩᠴᠢᠩ ᠳᠤ ︽ᠪᠣᠬᠢᠷᠲᠤᠯ ᠦᠭᠡᠢ ᠪᠦᠲᠦᠭᠡᠭᠳᠡᠬᠦᠨ ᠭᠠᠷᠭᠠᠬᠤ︾ ᠬᠡᠷᠡᠭᠯᠡᠭᠡ ᠪᠠᠷ ᠬᠠᠪᠰᠤᠷᠤᠨ ᠲᠡᠳᠬᠦᠵᠦ | ᠲᠠᠨᠢᠯᠴᠠᠭᠤᠯᠬᠤ ᠠᠵᠢᠯᠯᠠᠭ᠎ᠠ ᠶᠢ ᠡᠷᠭᠢᠯᠡᠵᠦ᠂ ︽ᠬᠢᠩᠭᠠᠨ ᠠᠶᠢᠮᠠᠭ ᠤᠨ ᠲᠤᠲᠤᠷᠭ᠎ᠠ︾᠂ ︽ᠰᠢᠯᠢ ᠶᠢᠨ ᠭᠤᠣᠯ ᠤᠨ | ᠬᠤᠨᠢᠨ ᠮᠢᠬ᠎ᠠ︾᠂ ︽ᠤᠯᠠᠭᠠᠨᠬᠠᠳᠠ ᠶᠢᠨ ᠡᠯᠳᠡᠪ ᠠᠮᠤ︾᠂ ︽ᠤᠯᠠᠭᠠᠨᠴᠠᠪ ᠤᠨ ᠲᠥᠮᠥᠰᠥ︾᠂ ︽ᠬᠤᠷᠴᠢᠨ ᠤ ᠦᠬᠡᠷ ᠤᠨ | ᠮᠢᠬ᠎ᠠ︾᠂ ︽ᠪᠣᠷᠣᠳᠣᠬᠤᠢ ᠶᠢᠨ ᠭᠤᠯᠢᠷ︾᠂ ︽ᠦᠴᠦᠸᠠᠨ ᠤ ᠨᠣᠬᠠᠢ ᠶᠢᠨ ᠬᠤᠰᠢᠭᠤ︾ ᠵᠡᠷᠭᠡ ᠮᠠᠰᠢ ᠣᠯᠠᠨ ︽ᠥᠪᠥᠷ | ᠮᠣᠩᠭᠤᠯ ᠤᠨ ᠨᠠᠷᠠᠲᠤ ᠲᠡᠮᠳᠡᠭᠲᠦ︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠨᠢ ᠨᠡᠶᠢᠰᠯᠡᠯ ᠳᠤ | ᠠᠯᠳᠠᠷᠰᠢᠬᠤ ᠪᠠᠷ ᠪᠠᠷᠠᠬᠤ ᠦᠭᠡᠢ᠂ ᠪᠠᠰᠠ ᠬᠥᠬᠡᠮᠥ᠋ᠷᠡᠨ ᠤ ᠡᠮᠦᠨ᠎ᠡ ᠤᠮᠠᠷ᠎ᠠ ᠳᠤ ᠪᠣᠷᠣᠯᠠᠭᠤᠯᠤᠭᠳᠠᠵᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠤᠯᠲᠠ ᠶᠢᠨ ᠬᠡᠮᠵᠢᠶ᠎ᠡ ᠵᠢᠯ ᠳᠠᠷᠠᠭᠠᠯᠠᠨ | ᠳᠡᠭᠡᠭᠰᠢᠯᠡᠵᠦ᠂ 2023 ᠣᠨ ᠳᠤ 208 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠣᠲᠣ ᠪᠣᠯᠲᠠᠯ᠎ᠠ | ᠨᠢᠭᠡᠨᠲᠡ 258 ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ | | | | | | | | | | | | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |