ᠪᠦᠭᠦ ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 100% ᠳᠤ ᠭᠦᠷᠪᠡ
ᠨᠡᠶᠢᠲᠡᠯᠡᠭᠰᠡᠨ ᠴᠠᠭ᠄
2024/10/28
     ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ ᠰᠡᠭᠦᠯᠴᠢ ᠪᠤᠯᠳᠠᠯ᠎ᠠ ᠪᠦᠭᠦ ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ  ᠲᠠᠢ ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 100% ᠳᠤ ᠬᠦᠷᠴᠡᠢ᠃      ᠡᠨᠡ ᠵᠢᠯ ᠮᠠᠨ ᠤ ᠣᠷᠣᠨ ᠶᠡᠷᠦᠩᠬᠡᠢ ᠪᠡᠯᠡ ᠤᠷᠤᠭᠤᠯᠤᠯᠳᠠ ᠨᠢ 2.2 ᠲᠦᠮᠡᠨ ᠳ᠋ᠦᠩᠰᠢᠭᠤᠷ ᠲᠥᠭᠦᠷᠢᠭ  ᠲᠤ ᠬᠦᠷᠬᠦ 1240 ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠢᠳᠤᠨᠤᠨ ᠠᠴᠠ 76 ᠨᠡᠮᠡᠭᠳᠡᠨ᠂ ᠡᠨᠡ ᠵᠢᠯ 6003.2 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ 9 ᠰᠠᠷ᠎ᠠ ᠶᠢᠨ ᠰᠡᠭᠦᠯᠴᠢ ᠪᠤᠯᠳᠠᠯ᠎ᠠ 1240 ᠲᠦᠷᠦᠯ ᠵᠦᠢᠯ ᠪᠦᠭᠦᠨ ᠢᠶᠠᠷ ᠪᠠᠷᠢᠯᠭ᠎ᠠ ᠪᠠᠨ ᠡᠬᠢᠯᠡᠭᠦᠯᠦᠭᠰᠡᠨ ᠪᠤᠶᠤ ᠰᠡᠷᠭᠦᠭᠡᠵᠦ᠂ 4946.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠨᠢᠭᠡᠨᠲᠡ ᠵᠢᠯ ᠤᠨ ᠲᠥᠯᠥᠪᠯᠡᠭᠡ ᠶᠢᠨ ᠢᠶᠠᠨ 82.4% ᠶᠢ ᠪᠡᠶᠡᠯᠡᠭᠦᠯᠪᠡ᠃      ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠭᠤᠣᠯᠳᠠᠭᠤ ᠤᠯᠠᠮᠵᠢᠯᠠᠯᠲᠤ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠭᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠳᠤ ᠠᠩᠬᠠᠷᠤᠯ  ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ  ᠶᠢ ᠠᠬᠢᠭᠤᠯᠵᠤ᠂ ᠪᠦᠭᠦ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠤ ᠲᠥᠬᠦᠭᠡᠷᠦᠮᠵᠢ ᠶᠢ ᠰᠢᠨᠡᠴᠢᠯᠡᠬᠦ ᠬᠡᠷᠡᠭᠵᠢᠭᠦᠯᠬᠦ ᠲᠥᠰᠥᠯ ᠢ ᠲᠣᠭᠲᠠᠭᠠᠵᠤ ᠬᠡᠷᠡᠭᠵᠢᠭᠦᠯᠦᠨ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰᠵᠢᠭᠰᠡᠨ ᠬᠡᠷᠡᠭᠯᠡᠭᠡ᠂ ᠥᠨᠳᠥᠷ ᠲᠦᠪᠰᠢᠨ ᠪᠦᠬᠦᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠵᠡᠷᠭᠡ ᠬᠦᠷᠢᠶᠡᠨ ᠳᠤ ᠪᠡᠯᠡ ᠮᠥᠩᠭᠦ ᠶᠢᠨ ᠳᠡᠮᠵᠢᠯᠭᠡ ᠣᠯᠭᠤᠬᠤ ᠡᠷᠴᠢᠮ ᠢᠶᠠᠨ ᠴᠢᠩᠭᠠᠷᠠᠭᠤᠯᠪᠠ᠃ ᠡᠭᠦᠨ ᠤ ᠬᠠᠮᠲᠤ ᠰᠢᠨ᠎ᠡ ᠡᠨᠧᠷᠭᠢ ᠶᠢᠨ ᠲᠣᠨᠣᠭᠯᠠᠯ ᠤᠨ ᠪᠦᠭᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠳᠡᠮᠵᠢᠵᠦ᠂ ᠭᠦᠭᠡᠬᠤᠳᠠ ᠪᠤᠭᠤᠲᠤ ᠣᠷᠳᠣᠰ ᠲᠦᠩᠯᠢᠶᠣᠣ ᠳᠤ ᠰᠢᠨ᠎ᠡ ᠡᠨᠧᠷᠭᠢ ᠶᠢᠨ ᠲᠣᠨᠣᠭᠯᠠᠯ ᠢ ᠪᠦᠭᠦ ᠠᠵᠤ ᠦᠢᠯᠡᠰ ᠤᠨ ᠬᠡᠯᠬᠢᠶ᠎ᠡ ᠪᠠᠷ ᠦᠢᠯᠡᠳᠬᠦ ᠰᠠᠭᠤᠷᠢᠨ ᠢ ᠪᠠᠶᠢᠭᠤᠯᠤᠨ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠬᠤ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠤᠷᠢᠳ ᠬᠤᠵᠢᠳ ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠵᠠᠢ᠃ ᠡᠭᠦᠨ ᠳᠤ ᠪᠤᠭᠤᠲᠤ ᠬᠤᠳᠠ ᠶᠢᠨ ᠲᠦᠮᠡᠳ ᠪᠠᠷᠠᠭᠤᠨ ᠬᠤᠰᠢᠭᠤᠨ ᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠪᠤᠭᠤᠲᠤ ᠬᠤᠳᠠ ᠶᠢᠨ ᠵᠦᠩ ᠹᠦ᠋ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠰᠠᠯᠬᠢᠨ ᠬᠦᠴᠦᠨ ᠤ ᠴᠠᠭᠢᠯᠭᠠᠨ ᠤ ᠪᠦᠭᠡᠨᠴᠦᠭ ᠦᠢᠯᠡᠳᠬᠦ ᠲᠦᠷᠦᠯ ᠵᠦᠢᠯ ᠣᠶᠢᠷ᠎ᠠ ᠶᠢᠨ ᠡᠳᠦᠷ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠪᠠ᠃ ᠲᠤᠰ ᠲᠦᠷᠦᠯ ᠵᠦᠢᠯ ᠤᠨ ᠲᠥᠰᠥᠪᠯᠡᠭᠰᠡᠨ ᠦᠢᠯᠡᠳᠪᠦᠷᠢᠯᠡᠯ ᠤᠨ ᠴᠢᠳᠠᠪᠤᠷᠢ ᠨᠢ ᠵᠢᠯ ᠤᠨ 15 ᠲᠦᠮᠡᠨ ᠲᠤᠨ ᠤ ᠭᠡᠷᠡᠯᠴᠢ ᠴᠡᠨᠡᠭ ᠤᠨ ᠲᠠᠯᠪᠢᠭᠤᠷ ᠵᠢᠶᠠᠰᠠ ᠪᠠ 10 ᠲᠦᠮᠡᠨ ᠳᠤᠨ  ᠤ ᠰᠠᠯᠬᠢᠨ ᠬᠦᠴᠦᠨ ᠤ ᠴᠠᠭᠢᠯᠭᠠᠨ ᠤ ᠪᠦᠭᠡᠨᠴᠦᠭ ᠦᠢᠯᠡᠳᠪᠦᠷᠢᠯᠡᠨ᠎ᠡ᠃ ᠲᠤᠰ ᠲᠦᠷᠦᠯ ᠵᠦᠢᠯ ᠪᠦᠭᠦᠨ ᠢᠶᠠᠷ ᠪᠠᠶᠢᠭᠤᠯᠵᠤ ᠳᠠᠭᠤᠰᠤᠨ ᠠᠰᠢᠭᠯᠠᠯᠲᠠ ᠳᠤ ᠣᠷᠣᠪᠠᠯ ᠵᠢᠯ ᠳᠤ 20 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ ᠲᠤᠬᠠᠢ ᠶᠢᠨ ᠭᠠᠵᠠᠷ ᠤᠨ 300 ᠭᠠᠷᠤᠢ ᠬᠥᠮᠥᠨ ᠳᠤ ᠠᠵᠢᠯ ᠣᠯᠭᠤᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号