ᠬᠥᠬᠡ ᠣᠭᠲᠠᠷᠭᠤᠢ ᠬᠥᠪᠥᠩ ᠴᠠᠭᠠᠨ ᠡᠭᠦᠯᠡᠰ ᠤᠨ ᠳᠣᠣᠷ᠎ᠠ᠂ 7 ᠭᠠᠷᠤᠢ ᠮᠸᠲᠷ ᠥᠨᠳᠥᠷ᠂ 200 ᠭᠠᠷᠤᠢ | ᠲᠣᠨ ᠬᠦᠨᠳᠦ ᠮᠤᠨᠳᠠᠭ ᠲᠣᠮᠣ ᠠᠭᠤᠷᠬᠠᠢ ᠶᠢᠨ ᠬᠡᠷᠡᠭᠯᠡᠭᠡᠨ ᠤ ᠠᠷᠪᠠᠨ ᠬᠡᠳᠦᠨ ᠮᠠᠰᠢᠨ ᠲᠡᠷᠭᠡ ᠵᠡᠭᠦᠨᠭᠠᠷ ᠤᠨ | ᠡᠨᠧᠷᠭᠢ ᠶᠢᠨ ᠪᠦᠯᠦᠭᠯᠡᠯ ᠤᠨ ᠬᠠᠳᠠᠶᠢᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ | ᠲᠣᠭᠤᠷᠢᠭ ᠲᠤ ᠲᠣᠭᠲᠠᠭᠤᠨ ᠢᠶᠠᠷ ᠠᠶᠠᠯᠠᠨ᠎ᠠ᠃ ᠤᠷᠤᠭᠰᠢᠯᠠᠬᠤ᠂ ᠤᠬᠤᠷᠢᠬᠤ᠂ ᠮᠤᠷᠤᠶᠢᠬᠤ᠂ ᠠᠴᠢᠶᠠᠯᠠᠵᠤ ᠪᠠᠭᠤᠯᠭᠠᠬᠤ᠂ | ᠪᠦᠭᠦ ᠠᠵᠢᠯᠯᠠᠬᠤ ᠶᠠᠪᠤᠴᠠ ᠨᠢ ᠤᠷᠤᠭᠰᠢᠲᠠᠢ ᠰᠠᠶᠢᠬᠠᠨ ᠶᠠᠪᠤᠭᠳᠠᠵᠤ᠂ ᠨᠠᠩ ᠭᠠᠶᠢᠬᠠᠯᠲᠠᠢ ᠨᠢ ᠡᠲᠡᠭᠡᠷ ᠮᠤᠨᠳᠠᠭ | ᠲᠣᠮᠣ ᠮᠠᠰᠢᠨ ᠲᠡᠷᠭᠡᠨ ᠤ ᠵᠢᠯᠤᠭᠤᠳᠬᠤ ᠲᠠᠰᠤᠭ ᠲᠤ ᠵᠢᠯᠣᠭᠤᠴᠢ ᠦᠭᠡᠢ᠂ ᠮᠠᠰᠢᠨ ᠲᠡᠷᠭᠡ ᠨᠢ ᠣᠶᠤᠨᠲᠤ | ᠲᠣᠬᠢᠷᠠᠭᠤᠯᠤᠯᠲᠠ ᠪᠠᠷ ᠳᠡᠮᠵᠢᠨ᠂ ᠪᠦᠭᠦ ᠶᠠᠪᠤᠴᠠ ᠶᠢᠨ ᠵᠢᠯᠣᠭᠤᠴᠢ ᠦᠭᠡᠢ ᠶᠢ ᠪᠡᠶᠡᠯᠡᠭᠦᠯᠪᠡ᠃ | ᠬᠠᠲᠠᠶᠢᠭᠤᠣᠯ ᠵᠠᠳᠠᠭᠠᠢ ᠨᠡᠭᠦᠷᠡᠰᠦᠨ ᠠᠭᠤᠷᠬᠠᠢ ᠨᠢ 2020 ᠣᠨ ᠤ 4 ᠰᠠᠷ᠎ᠠ ᠳᠤ ᠵᠢᠯᠣᠭᠤᠴᠢ ᠦᠭᠡᠢ | ᠲᠥᠷᠥᠯ ᠵᠦᠢᠯ ᠢ ᠲᠣᠭᠲᠠᠭᠠᠵᠤ᠂ ᠲᠣᠰ ᠵᠢᠯ ᠤᠨ 8 ᠰᠠᠷ᠎ᠠ ᠳᠤ ᠤᠯᠤᠰ ᠤᠨ ᠳᠣᠲᠣᠭᠠᠳᠤ ᠶᠢᠨ ᠠᠩᠬᠠᠳᠠᠭᠴᠢ | 290 ᠲᠣᠨ ᠤ ᠲᠠᠰ ᠤᠨ ᠠᠭᠤᠷᠬᠠᠢ ᠳᠤ ᠬᠡᠷᠡᠭᠯᠡᠬᠦ ᠥᠪᠡᠰᠦᠪᠡᠨ ᠪᠠᠭᠤᠯᠭᠠᠬᠤ ᠠᠴᠢᠶᠠᠨ ᠤ ᠮᠠᠰᠢᠨ ᠲᠡᠷᠭᠡ ᠶᠢ | ᠵᠢᠯᠣᠭᠤᠴᠢ ᠦᠭᠡᠢ ᠪᠤᠯᠭᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠲᠣᠰ ᠵᠢᠯ ᠤᠨ 12 ᠰᠠᠷ᠎ᠠ ᠳᠤ ᠭᠠᠭᠴᠠ | ᠠᠴᠢᠶᠠᠨ ᠤ ᠮᠠᠰᠢᠨ ᠲᠡᠷᠭᠡ ᠪᠣᠯᠣᠨ ᠴᠠᠭᠢᠯᠭᠠᠨ ᠬᠤᠰᠤᠭᠤᠷ ᠢ ᠬᠠᠮᠵᠢᠯᠴᠠᠭᠤᠯᠤᠨ ᠠᠵᠢᠯᠯᠠᠭᠤᠯᠬᠤ ᠶᠢ ᠪᠡᠶᠡᠯᠡᠭᠦᠯᠪᠡ᠃ | 2021 ᠣᠨ ᠤ 8 ᠰᠠᠷ᠎ᠠ ᠳᠤ᠂ ᠠᠴᠢᠶᠠᠨ ᠤ ᠮᠠᠰᠢᠨ ᠲᠡᠷᠭᠡ ᠶᠢ ᠵᠢᠯᠣᠭᠤᠴᠢ ᠦᠭᠡᠢ ᠪᠠ ᠵᠢᠯᠣᠭᠤᠴᠢ ᠪᠠᠶᠢᠬᠤ ᠶᠢ | ᠤᠶᠠᠯᠳᠤᠭᠤᠯᠤᠨ ᠠᠵᠢᠯᠯᠠᠭᠤᠯᠬᠤ ᠲᠤᠷᠰᠢᠯᠲᠠ ᠶᠢ ᠪᠡᠶᠡᠯᠡᠭᠦᠯᠪᠡ᠃ ᠣᠳᠣᠬᠠᠨ ᠳᠤ 4 ᠳᠤᠭᠤᠶᠢᠯᠠᠩ ᠬᠤᠪᠢᠶᠠᠨ | ᠪᠠᠶᠢᠩᠭᠤᠵᠢᠭᠤᠯᠤᠨ ᠠᠵᠢᠯᠯᠠᠭᠤᠯᠬᠤ ᠶᠢ ᠪᠡᠶᠡᠯᠡᠭᠦᠯᠵᠦ᠂ ᠠᠭᠤᠷᠬᠠᠢ ᠳᠤ ᠬᠡᠷᠡᠭᠯᠡᠬᠦ ᠵᠢᠯᠣᠭᠤᠴᠢ ᠦᠭᠡᠢ ᠠᠴᠢᠶᠠᠨ ᠤ | ᠮᠠᠰᠢᠨ ᠲᠡᠷᠭᠡᠨ ᠤ ᠳᠤᠮᠳᠠᠴᠢ ᠠᠵᠢᠯᠯᠠᠭᠠᠨ ᠤ ᠦᠷ᠎ᠡ ᠪᠦᠲᠦᠮᠵᠢ ᠨᠢ ᠵᠢᠯᠣᠭᠤᠴᠢ ᠲᠠᠢ ᠮᠠᠰᠢᠨ ᠲᠡᠷᠭᠡᠨ ᠤ 85% | ᠠᠴᠠ ᠳᠡᠭᠡᠭᠰᠢ ᠳᠤ ᠬᠦᠷᠴᠦ᠂ 2023 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠨᠡᠶᠢᠲᠡ 1.21 | ᠲᠦᠮᠡᠨ ᠴᠠᠭ ᠭᠠᠷᠤᠢ ᠠᠶᠠᠯᠠᠵᠤ᠂ ᠨᠡᠶᠢᠲᠡ 12.39 ᠲᠦᠮᠡᠨ ᠮᠠᠰᠢᠨ ᠲᠡᠷᠭᠡ ᠶᠢ ᠠᠵᠢᠯᠯᠠᠭᠤᠯᠵᠤ᠂ 1230 | ᠲᠦᠮᠡᠨ ᠪᠣᠰᠤᠭ᠎ᠠ ᠳᠥᠷᠪᠡᠯᠵᠢᠨ ᠮᠧᠲᠷ ᠠᠭᠤᠷᠬᠠᠢ ᠮᠠᠯᠲᠠᠬᠤ ᠶᠢ ᠪᠡᠶᠡᠯᠡᠭᠦᠯᠵᠦ᠂ ᠲᠡᠭᠡᠭᠡᠪᠦᠷᠢ ᠶᠢᠨ ᠣᠷᠳᠣ ᠨᠢ 49. | 8 ᠲᠦᠮᠡᠨ ᠺᠢᠯᠣᠮᠧᠲᠷ ᠢ ᠳᠠᠪᠠᠪᠠ᠃ | ᠵᠢᠯᠣᠭᠤᠴᠢ ᠦᠭᠡᠢ ᠲᠥᠷᠥᠯ ᠵᠦᠢᠯ ᠨᠢ ᠵᠥᠪᠭᠡᠨ ᠬᠠᠲᠠᠶᠢᠭᠤᠣᠯ ᠵᠠᠳᠠᠭᠠᠢ ᠨᠡᠭᠦᠷᠡᠰᠦᠨ ᠠᠭᠤᠷᠬᠠᠢ ᠶᠢᠨ | ᠤᠯᠤᠰ ᠤᠨ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠬᠡᠪ ᠳᠠᠭᠤᠷᠢᠶᠠᠯ ᠢ | ᠪᠦᠭᠦ ᠬᠦᠴᠦᠨ ᠢᠶᠠᠷ ᠢᠶᠠᠨ ᠡᠭᠦᠳᠦᠭᠰᠡᠨ ᠤ ᠬᠤᠷᠢᠶᠠᠩᠭᠤᠢ ᠳᠦᠷᠰᠦ ᠪᠣᠯᠣᠨ᠎ᠠ᠃ ᠣᠶᠢᠷ᠎ᠠ ᠶᠢᠨ ᠵᠢᠯ ᠳᠤ᠂ | ᠬᠠᠲᠠᠶᠢᠭᠤᠣᠯ ᠵᠠᠳᠠᠭᠠᠢ ᠨᠡᠭᠦᠷᠡᠰᠦᠨ ᠠᠭᠤᠷᠬᠠᠢ ᠨᠢ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ | ᠴᠢᠳᠠᠪᠤᠷᠢ ᠵᠡᠷᠭᠡ ᠮᠡᠷᠭᠡᠵᠢᠯ ᠬᠢᠭᠡᠳ ᠨᠡᠭᠦᠷᠡᠰᠦ ᠮᠠᠯᠲᠠᠬᠤ ᠶᠢᠨ ᠭᠦᠨᠵᠡᠭᠡᠢ ᠠᠭᠤᠰᠤᠯᠴᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠤᠷᠢᠳ ᠬᠤᠵᠢᠳ ᠭᠤᠷᠪᠠᠨ ᠬᠡᠮᠵᠢᠯᠲᠦ ᠠᠭᠤᠷᠬᠠᠢ ᠮᠠᠯᠲᠠᠬᠤ ᠵᠢᠷᠤᠭ ᠲᠥᠯᠥᠪᠯᠡᠭᠡ ᠶᠢᠨ ᠵᠥᠭᠡᠯᠡᠨ | ᠲᠣᠨᠤᠭ᠂ ᠣᠶᠤᠨᠲᠤ ᠪᠠᠷ ᠳᠡᠯᠪᠡᠴᠢᠬᠦ ᠵᠢᠷᠤᠭ ᠲᠥᠯᠥᠪᠯᠡᠭᠡ ᠶᠢᠨ ᠰᠢᠰᠲ᠋ᠧᠮ᠂ ᠠᠴᠢᠶᠠᠨ ᠤ ᠮᠠᠰᠢᠨ ᠤ ᠣᠶᠤᠨᠲᠤ ᠪᠠᠷ | ᠲᠣᠬᠢᠷᠠᠭᠤᠯᠬᠤ ᠰᠢᠰᠲ᠋ᠧᠮ ᠵᠡᠷᠭᠡ ᠣᠯᠠᠨ ᠣᠶᠤᠨᠴᠢᠯᠠᠭᠰᠠᠨ ᠰᠢᠰᠲ᠋ᠧᠮ ᠢ ᠨᠡᠭᠡᠭᠡᠨ ᠬᠥᠭᠵᠢᠭᠦᠯᠵᠦ᠂ ᠠᠭᠤᠷᠬᠠᠢ | ᠮᠠᠯᠲᠠᠬᠤ ᠵᠢᠷᠤᠭ ᠲᠥᠯᠥᠪᠯᠡᠭᠡ᠂ ᠳᠡᠯᠪᠡᠴᠢᠬᠦ ᠵᠢᠷᠤᠭ ᠲᠥᠯᠥᠪᠯᠡᠭᠡ᠂ ᠥᠷᠥᠮᠳᠡᠭᠦᠷ ᠮᠠᠰᠢᠨ ᠤ ᠨᠦᠬᠡ ᠭᠠᠷᠭᠠᠬᠤ᠂ | ᠭᠠᠳᠠᠭᠰᠢᠯᠠᠭᠤᠯᠬᠤ ᠵᠡᠷᠭᠡ ᠭᠤᠭᠴᠣᠭᠠᠨ ᠤ ᠣᠶᠤᠨᠳᠤᠵᠢᠯᠳᠠ ᠶᠢ ᠪᠡᠶᠡᠯᠡᠭᠦᠯᠵᠦ᠂ ᠣᠶᠤᠨᠲᠤ ᠪᠠᠷ ᠲᠡᠷᠭᠡ ᠠᠴᠢᠶᠠᠯᠠᠬᠤ᠂ | ᠣᠶᠤᠨᠲᠤ ᠪᠠᠷ ᠨᠡᠭᠦᠷᠡᠰᠦᠨ ᠴᠢᠯᠠᠭᠤ ᠶᠢ ᠭᠠᠳᠠᠭᠰᠢᠯᠠᠭᠤᠯᠬᠤ᠂ ᠣᠶᠤᠨᠲᠤ ᠪᠠᠷ ᠳᠠᠮᠵᠢᠭᠤᠯᠬᠤ ᠵᠡᠷᠭᠡ ᠲᠥᠷᠥᠯ | ᠵᠦᠢᠯ ᠢ ᠬᠡᠷᠡᠭᠵᠢᠭᠦᠯᠵᠦ᠂ ᠨᠡᠭᠦᠷᠡᠰᠦ ᠰᠢᠯᠢᠬᠦ ᠦᠢᠯᠡᠳᠪᠦᠷᠢᠯᠡᠯ ᠤᠨ ᠦᠷᠭᠦᠯᠵᠢᠯᠡᠭᠰᠡᠨ ᠤᠷ᠎ᠠ ᠮᠡᠷᠭᠡᠵᠢᠯ ᠤᠨ ᠪᠦᠬᠦᠯᠢ | ᠴᠣᠭᠴᠠ ᠶᠢᠨ ᠤᠶᠤᠨᠳᠤᠵᠢᠯᠳᠠ ᠶᠢ ᠪᠡᠶᠡᠯᠡᠭᠦᠯᠪᠡ᠃ | ᠨᠡᠭᠦᠷᠡᠰᠦ ᠪᠣᠯ ᠮᠠᠨ ᠤ ᠤᠯᠤᠰ ᠤᠨ ᠭᠤᠣᠯ ᠡᠨᠧᠷᠭᠢ ᠶᠢᠨ ᠰᠤᠷᠪᠤᠯᠵᠢ ᠮᠥᠨ᠂ ᠡᠨᠧᠷᠭᠢ ᠶᠢᠨ | ᠰᠤᠷᠪᠤᠯᠵᠢ ᠶᠢᠨ ᠬᠠᠩᠭᠠᠯᠭ᠎ᠠ ᠳᠤ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠪᠠᠳᠠᠷᠠᠭᠤᠯᠵᠤ ᠪᠠᠶᠢᠳᠠᠭ᠃ | ᠨᠡᠭᠦᠷᠡᠰᠦᠨ ᠠᠭᠤᠷᠬᠠᠢ ᠶᠢᠨ ᠣᠶᠤᠨᠳᠦᠵᠢᠯᠳᠠ ᠪᠣᠯ ᠨᠡᠭᠦᠷᠡᠰᠦᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠭᠤᠣᠯᠯᠠᠭᠴᠢ ᠮᠡᠷᠭᠡᠵᠢᠯ ᠤᠨ ᠲᠤᠯᠭᠠᠭᠤᠷᠢᠯᠠᠯ ᠪᠠᠶᠢᠵᠤ᠂ ᠨᠡᠭᠦᠷᠡᠰᠦᠨ ᠤ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠴᠢᠭᠯᠡᠯ ᠢ ᠲᠥᠯᠥᠭᠡᠯᠡᠵᠦ᠂ ᠨᠡᠭᠦᠷᠡᠰᠦᠨ ᠤ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠠᠴᠢᠶᠠᠯᠠᠪᠤᠷᠢ ᠪᠣᠯᠣᠨ᠎ᠠ᠃ ᠤᠯᠤᠰ ᠤᠨ ᠴᠢᠬᠤᠯᠠ | ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ 2023 ᠣᠨ ᠤ ᠨᠡᠭᠦᠷᠡᠰᠦᠨ ᠤ | ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ 9.45 ᠳ᠋ᠦᠩᠰᠢᠭᠤᠷ ᠲᠣᠨ ᠨᠡᠭᠦᠷᠡᠰᠦ ᠬᠠᠩᠭᠠᠬᠤ ᠶᠢ | ᠪᠠᠲᠤᠯᠠᠬᠤ ᠡᠭᠦᠷᠭᠡ ᠶᠢ ᠪᠡᠶᠡᠯᠡᠭᠦᠯᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ | ᠬᠦᠷᠭᠡᠬᠦ ᠬᠡᠮᠵᠢᠶ᠎ᠡ ᠴᠥᠮ ᠪᠦᠭᠦ ᠤᠯᠤᠰ ᠤᠨ ᠲᠡᠷᠢᠭᠦᠨ ᠳᠤ ᠣᠷᠣᠵᠤ᠂ 29 ᠮᠤᠵᠢ ᠣᠷᠣᠨ ᠤ ᠡᠨᠧᠷᠭᠢ ᠶᠢᠨ | ᠬᠡᠷᠡᠭᠴᠡᠭᠡ ᠶᠢ ᠪᠠᠲᠤᠯᠠᠪᠠ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠲᠡᠷᠢᠭᠦᠨ ᠤ ᠮᠡᠷᠭᠡᠵᠢᠯ ᠲᠠᠢ᠂ ᠲᠡᠷᠢᠭᠦᠨ ᠤ | ᠬᠠᠮᠢᠶᠠᠷᠤᠯᠲᠠ ᠲᠠᠢ᠂ ᠬᠥᠲᠥᠯᠥᠨ ᠳᠠᠭᠠᠭᠤᠯᠬᠤ ᠴᠢᠨᠠᠷ ᠢᠶᠠᠷ ᠴᠢᠩᠭ᠎ᠠ ᠣᠶᠤᠨᠴᠢᠯᠠᠭᠰᠠᠨ ᠵᠢᠱᠢᠶ᠎ᠡ ᠦᠵᠡᠭᠦᠯᠭᠦ | ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠷᠢᠳ ᠬᠤᠵᠢᠳ | ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢ ᠣᠶᠤᠨᠴᠢᠯᠠᠬᠤ ᠪᠠᠶᠢᠭᠤᠯᠤᠯᠲᠠ ᠶᠢ ᠠᠬᠢᠭᠤᠯᠬᠤ | ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ︾᠂︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ | ᠠᠭᠤᠷᠬᠠᠢ ᠶᠢ ᠣᠶᠤᠨᠴᠢᠯᠠᠬᠤ ᠪᠠᠶᠢᠭᠤᠯᠤᠯᠲᠠ ᠶᠢ ᠦᠨᠡᠯᠡᠨ ᠵᠢᠱᠢᠬᠦ ᠪᠠ ᠰᠢᠯᠭᠠᠨ ᠠᠪᠬᠤ ᠠᠷᠭ᠎ᠠ ︵ᠲᠤᠷᠰᠢᠨ | ᠬᠡᠷᠡᠭᠵᠢᠭᠦᠯᠬᠦ︶︾᠂ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢ ᠣᠶᠤᠨᠴᠢᠯᠠᠬᠤ | ᠪᠠᠶᠢᠭᠤᠯᠤᠯᠲᠠ ᠶᠢᠨ ᠦᠨᠳᠦᠰᠦᠨ ᠱᠠᠭᠠᠷᠳᠠᠯᠭ᠎ᠠ ᠪᠠ ᠬᠤᠪᠢ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ | ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠣᠶᠤᠨᠴᠢᠯᠠᠭᠰᠠᠨ ᠵᠢᠱᠢᠶ᠎ᠡ ᠦᠵᠡᠭᠦᠯᠭᠦ ᠨᠡᠭᠦᠷᠡᠰᠦᠨ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦᠨ ᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠪᠠ᠃ | ᠯᠦᠩ ᠸᠠᠩ ᠭᠧᠦ ᠨᠡᠭᠦᠷᠡᠰᠦᠨ ᠠᠭᠤᠷᠬᠠᠢ ᠶᠢᠨ ᠬᠢᠨ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠦᠭᠦ ᠶᠠᠪᠤᠴᠠ ᠶᠢᠨ ᠲᠣᠭᠠᠴᠢᠯᠠᠭᠰᠠᠨ᠂ ᠣᠶᠤᠨᠴᠢᠯᠠᠭᠰᠠᠨ᠂ ᠬᠠᠮᠵᠢᠯᠴᠠᠨ ᠰᠢᠨ᠎ᠡ ᠶᠢ ᠡᠭᠦᠳᠬᠦ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠤᠷᠢᠳ ᠬᠤᠵᠢᠳ ᠣᠶᠤᠨᠲᠤ ᠶᠡᠷᠦᠩᠬᠡᠶᠢᠯᠡᠭᠰᠡᠨ ᠨᠡᠭᠡᠭᠡᠯᠲᠡ᠂ ᠣᠶᠤᠨᠲᠤ ᠮᠠᠯᠲᠠᠯᠲᠠ | ᠵᠡᠷᠭᠡ 10 ᠶᠡᠭᠡ ᠲᠦᠷᠦᠯ ᠤᠨ 98 ᠣᠶᠤᠨᠴᠢᠯᠠᠭᠰᠠᠨ ᠬᠤᠪᠢᠶᠠᠷᠢ ᠰᠢᠰᠲ᠋ᠧᠮ ᠢ ᠪᠠᠶᠢᠭᠤᠯᠵᠤ᠂ ᠭᠤᠣᠯ ᠮᠠᠰᠢᠨ | ᠴᠠᠭᠢᠯᠭᠠᠨ ᠤ ᠠᠭᠤᠷᠬᠠᠢ ᠶᠢᠨ ᠬᠤᠳᠳᠤᠭ ᠢ ᠵᠢᠵᠢᠭᠦᠷᠯᠡᠨ ᠰᠠᠬᠢᠬᠤ ᠴᠢᠬᠤᠯᠠ ᠦᠭᠡᠢ ᠪᠤᠯᠬᠤ ᠶᠢ ᠪᠡᠶᠡᠯᠡᠭᠦᠯᠵᠦ᠂ | ᠭᠤᠣᠯ ᠦᠢᠯᠡᠳᠪᠦᠷᠢᠯᠡᠯ ᠡᠵᠡᠩᠨᠡᠯᠲᠡ ᠶᠢᠨ ᠭᠤᠭᠴᠣᠭᠠᠨ ᠳᠤ ᠬᠥᠮᠥᠨ ᠤ ᠬᠦᠴᠦ ᠶᠢ ᠪᠠᠭᠠᠰᠬᠠᠨ ᠦᠷ᠎ᠡ ᠠᠰᠢᠭ ᠢ | ᠳᠡᠭᠡᠭᠰᠢᠯᠡᠭᠦᠯᠭᠦ ᠶᠢ ᠪᠡᠶᠡᠯᠡᠭᠦᠯᠵᠦ᠂ ᠭᠤᠣᠯ ᠪᠤᠯᠬᠤ ᠬᠦᠨᠳᠦ ᠲᠦᠭᠰᠢᠭᠦᠷᠢᠲᠡᠢ ᠠᠵᠢᠯ ᠢ ᠮᠠᠰᠢᠨ ᠢᠶᠠᠷ | ᠣᠷᠣᠯᠠᠭᠤᠯᠬᠤ ᠶᠢ ᠪᠡᠶᠡᠯᠡᠭᠦᠯᠵᠦ᠂ ᠠᠭᠤᠷᠬᠠᠢ ᠶᠢᠨ ᠬᠤᠳᠳᠤᠭ ᠤᠨ ᠭᠦᠳᠡᠯᠮᠦᠷᠢ ᠶᠢᠨ ᠣᠷᠣᠨ ᠲᠤᠭ᠎ᠠ ᠶᠢ 56% | ᠪᠠᠷ ᠪᠠᠭᠠᠰᠬᠠᠵᠤ᠂ ᠦᠢᠯᠡᠳᠪᠦᠷᠢᠯᠡᠯ ᠤᠨ ᠴᠢᠳᠠᠪᠤᠷᠢ ᠶᠢ 50% ᠪᠠᠷ ᠨᠡᠮᠡᠭᠳᠡᠭᠦᠯᠪᠡ᠂ ᠡᠨᠡ ᠪᠣᠯ ᠪᠦᠭᠦ ᠤᠯᠤᠰ ᠤᠨ | ᠠᠩᠬᠠᠳᠠᠭᠴᠢ ᠪᠦᠯᠦᠭ ᠤᠨ 47 ᠣᠶᠤᠨᠴᠢᠯᠠᠭᠰᠠᠨ ᠳᠤᠮᠳᠠ ᠲᠡᠰ ᠤᠨ ᠵᠢᠱᠢᠶ᠎ᠡ ᠦᠵᠡᠭᠦᠯᠭᠦ ᠨᠡᠭᠦᠷᠡᠰᠦᠨ | ᠠᠭᠤᠷᠬᠠᠢ ᠶᠢᠨ ᠨᠢᠭᠡ ᠪᠣᠯᠣᠨ᠎ᠠ᠃ | 2020 ᠣᠨ ᠠᠴᠠ ᠡᠬᠢᠯᠡᠨ᠂ ᠱᠠᠩ ᠸᠠᠨ ᠨᠡᠭᠦᠷᠡᠰᠦᠨ ᠠᠭᠤᠷᠬᠠᠢ ᠨᠡᠶᠢᠲᠡ 1.8 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂︽5110︾ᠣᠶᠤᠨᠲᠤ ᠠᠭᠤᠷᠬᠠᠢ ᠶᠢᠨ ᠬᠤᠳᠳᠤᠭ ᠤᠨ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ ᠣᠶᠤᠨᠴᠢᠯᠠᠭᠰᠠᠨ ᠪᠠᠶᠢᠭᠤᠯᠤᠯᠲᠠ ᠶᠢ ᠥᠷᠨᠢᠭᠦᠯᠵᠦ᠂ ᠥᠨᠥᠳᠥᠷ᠂ | ᠱᠠᠩ ᠸᠠᠨ ᠨᠡᠭᠦᠷᠡᠰᠦᠨ ᠠᠭᠤᠷᠬᠠᠢ ᠶᠢᠨ 30 ᠵᠦᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠨᠢ ᠠᠵᠢᠯ | ᠲᠥᠷᠥᠯ ᠤᠨ ᠪᠠᠷᠢᠮᠵᠢᠶ᠎ᠠ ᠪᠣᠯᠵᠤ᠂ ᠶᠡᠷᠦᠩᠬᠡᠶᠢᠯᠡᠨ ᠮᠠᠯᠲᠠᠬᠤ᠂ ᠮᠠᠯᠲᠠᠬᠤ᠂ ᠲᠣᠭᠤᠷᠢᠨ ᠪᠠᠶᠢᠴᠠᠭᠠᠬᠤ ᠮᠠᠰᠢᠨ ᠬᠥᠮᠥᠨ | ᠵᠡᠷᠭᠡ 11 ᠶᠡᠭᠡ ᠲᠥᠷᠥᠯ ᠤᠨ 200 ᠣᠶᠤᠨᠴᠢᠯᠠᠭᠰᠠᠨ ᠲᠥᠷᠥᠯ ᠵᠦᠢᠯ ᠳᠤ ᠬᠡᠷᠡᠭᠯᠡᠭᠳᠡᠵᠦ᠂ ᠵᠢᠯ ᠳᠤᠮᠳᠠᠴᠢ ᠶᠢᠨ | ᠮᠠᠰᠢᠨ ᠢ ᠠᠵᠢᠯᠯᠠᠭᠤᠯᠤᠭᠰᠠᠨ ᠨᠤᠷᠮ᠎ᠠ 98% ᠠᠴᠠ ᠳᠡᠭᠡᠭᠰᠢ ᠳᠤ ᠬᠦᠷᠴᠡᠢ᠃ | ᠰᠢᠯᠢ ᠶᠢᠨ ᠭᠤᠣᠯ ᠠᠶᠢᠮᠠᠭ 2021 ᠣᠨ ᠠᠴᠠ ᠡᠬᠢᠯᠡᠨ᠂ ︽ᠬᠥᠮᠥᠨ ᠤ ᠬᠦᠴᠦ ᠶᠢ ᠪᠠᠭᠠᠰᠬᠠᠬᠤ᠂ ᠦᠷ᠎ᠡ | ᠪᠦᠲᠦᠮᠵᠢ ᠶᠢ ᠳᠡᠭᠡᠭᠰᠢᠯᠡᠭᠦᠯᠭᠦ᠂ ᠠᠮᠤᠷ ᠲᠦᠪᠰᠢᠨ ᠢ ᠨᠡᠮᠡᠭᠳᠡᠭᠦᠯᠬᠦ︾ ᠪᠠᠷ ᠬᠠᠷᠠᠯᠲᠠ ᠪᠤᠯᠭᠠᠵᠤ᠂ ᠤᠯᠤᠰ ᠤᠨ | ᠳᠣᠲᠣᠭᠠᠳᠤ ᠶᠢᠨ ᠲᠡᠷᠢᠭᠦᠨ ᠤ ᠬᠡᠪ ᠳᠠᠭᠤᠷᠢᠶᠠᠯ ᠢᠶᠠᠷ ᠪᠠᠷᠢᠮᠵᠢᠶᠠᠯᠠᠨ᠂ ᠨᠡᠭᠦᠷᠡᠰᠦᠨ ᠠᠭᠤᠷᠬᠠᠢ ᠶᠢ ᠣᠶᠤᠨᠴᠢᠯᠠᠬᠤ | ᠪᠠᠶᠢᠭᠤᠯᠤᠯᠲᠠ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠠᠬᠢᠭᠤᠯᠪᠠ᠃ ᠪᠦᠭᠦ ᠠᠶᠢᠮᠠᠭ ᠲᠤ ᠨᠢᠭᠡᠨᠲᠡ | ᠥᠪᠡᠷᠲᠡᠭᠡᠨ ᠵᠠᠰᠠᠬᠤ ᠣᠷᠣᠨ ᠤ ᠣᠶᠤᠨᠴᠢᠯᠠᠬᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠳᠤ ᠵᠢᠭᠰᠠᠭᠠᠭᠳᠠᠭᠰᠠᠨ 17 ᠨᠡᠭᠦᠷᠡᠰᠦᠨ ᠠᠭᠤᠷᠬᠠᠢ ᠶᠢᠨ ᠨᠡᠶᠢᠲᠡ 440 ᠣᠶᠤᠨᠳᠦᠴᠢᠯᠠᠬᠰᠠᠨ | ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 26.21 ᠳ᠋ᠦᠩᠰᠢᠭᠤᠷ ᠲᠥᠭᠦᠷᠢᠭ ᠲᠤ | ᠭᠦᠷᠦᠭᠰᠡᠨ ᠪᠥᠭᠡᠳ ᠪᠦᠭᠦᠨ ᠢ 5G ᠪᠦᠷᠬᠦᠭᠦᠯᠵᠦ᠂ ︽ᠨᠢᠭᠡ ᠰᠦᠯᠵᠢᠶ᠎ᠡ᠂ ᠨᠢᠭᠡ ᠡᠭᠦᠯᠡ᠂ ᠨᠢᠭᠡ ᠲᠠᠪᠴᠠᠩ︾ ᠢ | ᠦᠨᠳᠦᠰᠦᠨ ᠳᠡᠭᠡᠨ ᠪᠡᠶᠡᠯᠡᠭᠦᠯᠵᠦ᠂ ᠤᠰᠤ ᠭᠠᠳᠠᠭᠰᠢᠯᠠᠭᠤᠯᠬᠤ᠂ ᠴᠠᠭᠢᠯᠭᠠᠨ ᠬᠠᠩᠭᠠᠬᠤ᠂ ᠨᠡᠭᠦᠷᠡᠰᠦ ᠰᠣᠩᠭᠤᠬᠤ᠂ | ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠠᠷᠪᠠᠨ ᠶᠡᠭᠡ ᠠᠬᠤᠢ ᠪᠠᠶᠢᠳᠠᠯ ᠳᠤ ᠬᠥᠮᠥᠨ ᠵᠢᠵᠢᠭᠦᠷᠯᠡᠬᠦ ᠦᠭᠡᠢ ᠪᠠᠶᠢᠬᠤ ᠶᠢ | ᠪᠡᠶᠡᠯᠡᠭᠦᠯᠪᠡ᠃ | ᠣᠳᠣᠬᠠᠨ ᠳᠤ᠂ ᠪᠦᠭᠦ ᠣᠷᠣᠨ ᠳᠤ ᠨᠢᠭᠡᠨᠲᠡ 174 ᠣᠶᠤᠨᠳᠦᠴᠢᠯᠠᠬᠰᠠᠨ ᠨᠡᠭᠦᠷᠡᠰᠦᠨ ᠠᠭᠤᠷᠬᠠᠢ | ᠪᠠᠶᠢᠭᠤᠯᠵᠤ᠂ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠶᠢᠨ ᠲᠣᠭᠠᠨ ᠤ 56% ᠶᠢ ᠡᠵᠡᠯᠡᠪᠡ᠃ | ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ 10.24 ᠳ᠋ᠦᠩᠰᠢᠭᠤᠷ ᠲᠣᠨ ᠳᠤ | ᠬᠦᠷᠴᠦ᠂ ᠪᠦᠭᠦ ᠣᠷᠣᠨ ᠤ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ | ᠴᠢᠳᠠᠪᠤᠷᠢ ᠶᠢᠨ 84% ᠶᠢ ᠡᠵᠡᠯᠡᠵᠦ᠂ ᠪᠦᠭᠦ ᠤᠯᠤᠰ ᠤᠨ ᠣᠶᠤᠨᠴᠢᠯᠠᠭᠰᠠᠨ ᠦᠢᠯᠡᠳᠪᠦᠷᠢᠯᠡᠯ ᠤᠨ ᠴᠢᠳᠠᠪᠤᠷᠢ ᠶᠢᠨ | 44% ᠶᠢ ᠡᠵᠡᠯᠡᠵᠦ᠂ ᠨᠡᠭᠦᠷᠡᠰᠦᠨ ᠠᠭᠤᠷᠬᠠᠢ ᠶᠢ ᠣᠶᠤᠨᠴᠢᠯᠠᠬᠤ ᠪᠠᠶᠢᠭᠤᠯᠤᠯᠲᠠ ᠦᠭᠡᠢ ᠪᠠᠶᠢᠭᠰᠠᠨ ᠠᠴᠠ ᠪᠠᠨ | ᠪᠠᠶᠢᠬᠤ ᠪᠣᠯᠵᠤ᠂ ᠴᠥᠭᠡᠨ ᠪᠠᠶᠢᠭᠰᠠᠨ ᠠᠴᠠ ᠪᠠᠨ ᠠᠷᠪᠢᠨ ᠪᠤᠯᠬᠤ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠦ᠂ | ᠣᠶᠤᠨᠴᠢᠯᠠᠬᠤ ᠪᠠᠶᠢᠭᠤᠯᠤᠯᠲᠠ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠪᠦᠭᠦ ᠣᠷᠣᠨ ᠤ ᠶᠠᠭ | ᠠᠵᠢᠯᠯᠠᠭᠤᠯᠵᠤ ᠪᠠᠶᠢᠭ᠎ᠠ ᠣᠶᠤᠨᠴᠢᠯᠠᠭᠰᠠᠨ ᠮᠠᠯᠲᠠᠬᠤ ᠠᠵᠢᠯ ᠤᠨ ᠬᠡᠪᠴᠢᠶ᠎ᠡ 255 ᠪᠠᠶᠢᠵᠤ᠂ ᠡᠵᠡᠯᠡᠬᠦ ᠬᠠᠷᠢᠴᠠᠯ ᠨᠢ | ᠪᠠᠷᠤᠭ 50% ᠪᠠᠶᠢᠵᠤ᠂ ᠵᠢᠯᠣᠭᠤᠴᠢ ᠦᠭᠡᠢ ᠠᠭᠤᠷᠬᠠᠢ ᠶᠢᠨ ᠠᠴᠢᠶᠠᠨ ᠤ ᠮᠠᠰᠢᠨ ᠲᠡᠷᠭᠡ ᠶᠢ 344 ᠰᠠᠤᠷᠢ | ᠳᠡᠯᠭᠡᠷᠡᠭᠦᠯᠦᠨ ᠬᠡᠷᠡᠭᠯᠡᠪᠡ᠃ ᠣᠶᠤᠨᠴᠢᠯᠠᠬᠤ ᠪᠠᠶᠢᠭᠤᠯᠤᠯᠲᠠ ᠶᠢᠨ ᠥᠭᠡᠷᠡᠴᠢᠯᠡᠯᠲᠡ ᠬᠢᠭᠰᠡᠨ ᠤ ᠳᠠᠷᠠᠭ᠎ᠠ᠂ | ᠠᠭᠤᠷᠬᠠᠢ ᠶᠢᠨ ᠬᠤᠳᠳᠤᠭ ᠲᠤ ᠠᠵᠢᠯᠯᠠᠵᠤ ᠪᠠᠶᠢᠭ᠎ᠠ 6000 ᠭᠠᠷᠤᠢ ᠬᠥᠮᠥᠨ ᠢ ᠴᠥᠭᠡᠳᠬᠡᠵᠦ᠂ ᠬᠥᠮᠥᠨ | ᠬᠠᠰᠤᠭᠰᠠᠨ ᠬᠠᠷᠢᠴᠠᠯ 20% ᠰᠢᠬᠠᠮ ᠳᠤ ᠭᠦᠷᠴᠡᠢ᠃ ᠠᠭᠤᠷᠬᠠᠢ ᠮᠠᠯᠲᠠᠬᠤ ᠠᠵᠢᠯ ᠤᠨ ᠬᠤᠳᠳᠤᠭ ᠳᠣᠲᠣᠷ᠎ᠠ | ᠠᠵᠢᠯᠯᠠᠬᠤ ᠬᠥᠮᠥᠨ ᠤ ᠲᠤᠭ᠎ᠠ ᠶᠢ 20 ᠣᠷᠴᠢᠮ ᠪᠠᠶᠢᠭᠰᠠᠨ ᠠᠴᠠ ᠨᠢ 10 ᠠᠴᠠ ᠳᠣᠷᠣᠭᠰᠢ ᠪᠤᠯᠭᠠᠵᠤ᠂ | ᠬᠠᠮᠤᠭ ᠤᠨ ᠪᠠᠭ᠎ᠠ ᠳᠠᠭᠠᠨ 3-5 ᠬᠥᠮᠥᠨ ᠳᠤ ᠬᠦᠷᠦᠭᠦᠯᠪᠡ᠃ | ︽ᠵᠡᠭᠦᠨᠭᠠᠷ ᠤᠨ ᠡᠨᠧᠷᠭᠢ ᠶᠢᠨ ᠪᠦᠯᠦᠭᠯᠡᠯ ᠤᠨ ᠬᠠᠲᠠᠶᠢᠭᠤᠤᠯ ᠵᠠᠳᠠᠭᠠᠢ ᠨᠡᠭᠦᠷᠡᠰᠦᠨ ᠠᠭᠤᠷᠬᠠᠢ᠂ ᠳ᠋ᠠ | ᠲᠠᠩ ᠤᠨ ᠯᠦᠩ ᠸᠠᠩ ᠭᠧᠦ ᠵᠡᠷᠭᠡ 9 ᠨᠡᠭᠦᠷᠡᠰᠦᠨ ᠠᠭᠤᠷᠬᠠᠢ ᠨᠢ ᠤᠯᠤᠰ ᠤᠨ ᠲᠦᠷᠦᠭᠦᠦ ᠪᠦᠯᠦᠭ ᠤᠨ | ᠣᠶᠤᠨᠴᠢᠯᠠᠭᠰᠠᠨ ᠵᠢᠱᠢᠶ᠎ᠡ ᠦᠵᠡᠭᠦᠯᠭᠦ ᠨᠡᠭᠦᠷᠡᠰᠦᠨ ᠠᠭᠤᠷᠬᠠᠢ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ | ᠪᠦᠭᠦ ᠣᠷᠣᠨ ᠤ 20 ᠨᠡᠶᠢᠲᠡᠯᠢᠭ ᠵᠢᠱᠢᠶ᠎ᠡ ᠨᠢ︽ᠪᠦᠭᠦ ᠤᠯᠤᠰ ᠤᠨ ᠨᠡᠭᠦᠷᠡᠰᠦᠨ ᠠᠭᠤᠷᠬᠠᠢ ᠶᠢ ᠣᠶᠤᠨᠴᠢᠯᠠᠬᠤ | ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠶᠢᠨ ᠡᠮᠬᠢᠳᠬᠡᠯ ︵2023 ᠣᠨ︶︾ ᠳᠤ ᠰᠣᠩᠭᠤᠭᠳᠠᠨ ᠣᠷᠣᠵᠤ᠂ ᠮᠡᠳᠡᠭᠡ | ᠵᠠᠩᠭᠢ ᠶᠢᠨ ᠰᠠᠭᠤᠷᠢ ᠲᠥᠬᠦᠭᠡᠷᠦᠮᠵᠢ᠂ ᠣᠶᠤᠨᠲᠤ ᠪᠠᠷ ᠮᠠᠯᠲᠠᠬᠤ᠂ ᠣᠶᠤᠨᠲᠤ ᠪᠠᠷ ᠲᠡᠭᠡᠭᠡᠪᠦᠷᠢᠯᠡᠬᠦ᠂ ᠣᠶᠤᠨᠲᠤ ᠪᠠᠷ | ᠭᠠᠮᠰᠢᠭ ᠢ ᠰᠡᠷᠭᠡᠶᠢᠯᠡᠬᠦ᠂ ᠣᠶᠤᠨᠲᠤ ᠪᠠᠷ ᠤᠬᠢᠶᠠᠵᠤ ᠰᠢᠯᠢᠬᠦ ᠵᠡᠷᠭᠡ 7 ᠴᠢᠭᠯᠡᠯ ᠢ ᠬᠠᠮᠤᠷᠴᠤ᠂ ᠣᠶᠤᠨᠲᠤ | ᠶᠡᠷᠦᠩᠬᠡᠶᠢᠯᠡᠭᠰᠡᠨ ᠨᠡᠭᠡᠭᠡᠨ ᠮᠠᠯᠲᠠᠬᠤ ᠰᠢᠰᠲ᠋ᠧᠮ᠂ ᠣᠨᠴᠠ ᠵᠤᠵᠠᠭᠠᠨ ᠨᠡᠭᠦᠷᠡᠰᠦᠨ ᠳᠠᠪᠬᠤᠷᠭ᠎ᠠ ᠶᠢᠨ ᠣᠶᠤᠨᠲᠤ | ᠥᠨᠳᠥᠷ ᠪᠦᠲᠦᠮᠵᠢᠲᠡᠶ ᠨᠡᠭᠡᠭᠡᠨ ᠮᠠᠯᠲᠠᠬᠤ᠂ 5G + ᠵᠢᠯᠣᠭᠤᠴᠢ ᠦᠭᠡᠢ᠂ ᠭᠠᠮᠰᠢᠭ ᠢ ᠶᠡᠷᠦᠩᠬᠡᠶᠢᠯᠡᠨ | ᠰᠡᠷᠡᠮᠵᠢᠯᠡᠭᠦᠯᠵᠦ ᠬᠢᠨᠠᠨ ᠡᠵᠡᠮᠳᠡᠬᠦ ᠰᠢᠰᠲ᠋ᠧᠮ᠂ ᠨᠡᠭᠦᠷᠡᠰᠦᠨ ᠠᠭᠤᠷᠬᠠᠢ ᠶᠢ ᠰᠣᠩᠭᠤᠬᠤ ᠣᠶᠤᠨᠴᠢᠯᠠᠭᠰᠠᠨ ᠠᠷᠭ᠎ᠠ | ᠪᠣᠳᠣᠯᠭ᠎ᠠ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠵᠠᠢ᠃ ᠡᠲᠡᠭᠡᠷ ᠣᠶᠤᠨᠴᠢᠯᠠᠭᠰᠠᠨ ᠵᠢᠱᠢᠶ᠎ᠡ ᠦᠵᠡᠭᠦᠯᠭᠦ | ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠨᠢ ᠨᠡᠭᠦᠷᠡᠰᠦᠨ ᠤ ᠠᠵᠢᠯ ᠲᠥᠷᠥᠯ ᠤᠨ ᠮᠡᠷᠭᠡᠵᠢᠯ ᠤᠨ | ᠳᠠᠪᠰᠢᠯᠲᠠ᠂ ᠲᠣᠨᠤᠭ ᠲᠥᠬᠦᠭᠡᠷᠦᠮᠵᠢ ᠶᠢᠨ ᠳᠡᠭᠡᠭᠰᠢᠯᠡᠯᠲᠡ᠂ ᠬᠠᠮᠢᠶᠠᠷᠤᠯᠲᠠ ᠶᠢᠨ ᠰᠢᠨ᠎ᠡ ᠡᠭᠦᠳᠦᠯᠲᠡ᠂ ᠦᠷ᠎ᠡ | ᠠᠰᠢᠭ ᠤᠨ ᠰᠠᠶᠢᠵᠢᠷᠠᠯᠲᠠ ᠶᠢ ᠠᠬᠢᠭᠤᠯᠬᠤ ᠳᠤ ᠬᠡᠪ ᠳᠠᠭᠤᠷᠢᠶᠠᠯ ᠪᠣᠯᠵᠤ᠂ ᠲᠣᠯᠢᠯᠠᠯ ᠬᠠᠩᠭᠠᠭᠰᠠᠨ ᠪᠠᠶᠢᠨ᠎ᠠ︾ᠭᠡᠵᠦ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠪᠡ᠃ | | |