ᠲᠥᠪᠯᠡᠷᠡᠭᠦᠯᠦᠨ ᠴᠡᠨᠡᠭᠯᠡᠵᠦ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠴᠢᠳᠠᠪᠤᠷᠢ ᠶᠢ ᠳᠠᠬᠢᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/10/29
     2024 ᠣᠨ ᠤ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠴᠦᠸᠠᠨ ᠰᠢᠶᠠᠨ ᠤ ᠨᠡᠶᠢᠭᠡᠮ ᠤᠨ ᠠᠵᠢᠯᠲᠠᠨ ᠤ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ 10 ᠰᠠᠷ᠎ᠠ ᠶᠢᠨ 28 ᠤ ᠡᠳᠦᠷ᠂ ᠦᠴᠦᠸᠠᠨ ᠰᠢᠶᠠᠨ 2024 ᠣᠨ ᠤ ᠬᠤᠶᠠᠳᠤᠭᠠᠷ ᠬᠤᠭᠤᠴᠠᠭᠠᠨ ᠤ ᠨᠡᠶᠢᠭᠡᠮ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃
     ᠲᠣᠰ ᠤᠳᠠᠭᠠᠨ ᠤ ᠪᠣᠯᠪᠠᠰᠤᠷᠠᠭᠤᠯᠤᠯ ᠨᠢ ᠦᠴᠦᠸᠠᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠬᠤ᠋ ᠯᠢ ᠶᠢ ᠤᠷᠢᠵᠤ᠂ ︽︿ᠶᠣᠰᠣᠯᠠᠯ﹀ ᠲᠠᠢ ᠬᠠᠮᠲᠤ ᠠᠵᠢᠯᠯᠠᠵᠤ ᠬᠥᠮᠥᠵᠢᠯ ᠪᠣᠯᠪᠠᠰᠤᠷᠠᠯ ᠢᠶᠠᠨ ᠳᠡᠭᠡᠭᠰᠢᠯᠡᠭᠦᠯᠦᠨ ︽ᠰᠢᠨ᠎ᠡ︾ ᠠᠴᠠ ᠡᠭᠦᠰᠴᠦ ᠳᠠᠯᠳᠠ ᠬᠦᠴᠦᠨ ᠢ ᠪᠠᠳᠠᠷᠠᠭᠤᠯᠬᠤ︾ ᠭᠡᠬᠦ ᠰᠡᠳᠦᠪ ᠢᠶᠠᠷ ᠪᠣᠯᠪᠠᠰᠤᠷᠠᠭᠤᠯᠤᠯ ᠪᠠ ᠰᠣᠯᠢᠯᠴᠠᠭ᠎ᠠ ᠥᠷᠨᠢᠭᠦᠯᠪᠡ᠃ ᠬᠡᠷᠡᠭ ᠤᠨ ᠵᠢᠱᠢᠶ᠎ᠡ ᠶᠢ ᠵᠠᠳᠠᠯᠬᠤ᠂ ᠦᠵᠡᠭᠳᠡᠯ ᠢᠶᠠᠷ ᠳᠡᠯᠭᠡᠷᠡᠭᠦᠯᠬᠦ᠂ ᠲᠣᠭᠯᠠᠭᠠᠮ ᠢᠶᠠᠷ ᠬᠠᠷᠢᠯᠴᠠᠨ ᠦᠢᠯᠡᠳᠦᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠳ ᠲᠠᠢ ᠨᠡᠶᠢᠭᠡᠮ ᠤᠨ ᠠᠵᠢᠯ ᠤᠨ ᠪᠣᠳᠠᠲᠤ ᠶᠠᠪᠤᠳᠠᠯ ᠳᠤᠮᠳᠠ ᠲᠤᠯᠭᠠᠷᠠᠵᠤ ᠮᠡᠳᠡᠬᠦ ᠬᠦᠴᠢᠷ ᠠᠰᠠᠭᠤᠳᠠᠯ ᠪᠠ ᠰᠢᠢᠳᠪᠦᠷᠢᠯᠡᠬᠦ ᠠᠷᠭ᠎ᠠ ᠵᠢᠴᠢ ᠬᠠᠮᠢᠶ᠎ᠠ ᠪᠦᠬᠦᠢ ᠠᠵᠢᠯ ᠮᠡᠷᠭᠡᠵᠢᠯ ᠤᠨ ᠶᠣᠰᠣ ᠮᠣᠷᠠᠯ ᠤᠨ ᠱᠠᠭᠠᠷᠳᠠᠯᠭ᠎ᠠ ᠶᠢ ᠬᠤᠪᠢᠶᠠᠯᠴᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠢ ᠬᠠᠪᠰᠤᠷᠤᠨ ᠪᠦᠲᠦᠮᠵᠢᠲᠡᠶ ᠨᠡᠪᠲᠡᠷᠡᠯᠴᠡᠬᠦ ᠤᠷ᠎ᠠ ᠮᠡᠷᠭᠡᠵᠢᠯ ᠪᠠ ᠨᠡᠪᠲᠡᠷᠡᠯᠴᠡᠬᠦ ᠠᠷᠭ᠎ᠠ ᠮᠠᠶ᠋ᠢᠭ ᠵᠢᠴᠢ ᠣᠯᠠᠨ ᠲᠦᠮᠡᠨ ᠤ ᠰᠤᠷᠪᠤᠯᠵᠢᠯᠠᠬᠤ ᠪᠠᠷ ᠬᠦᠯᠢᠶᠡᠨ ᠠᠪᠬᠤ ᠳᠤ ᠠᠩᠬᠠᠷᠬᠤ ᠵᠦᠢᠯᠡᠰ ᠢ ᠭᠦᠢᠴᠡᠳ ᠡᠵᠡᠮᠰᠢᠭᠦᠯᠵᠦ᠂ ᠪᠣᠯᠪᠠᠰᠤᠷᠠᠭᠤᠯᠤᠯ ᠳᠤ ᠣᠷᠣᠯᠴᠠᠭᠰᠠᠳ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠪᠠᠶᠢᠳᠠᠯ ᠤᠨ ᠨᠡᠶᠢᠭᠡᠮ ᠤᠨ ᠠᠵᠢᠯ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠠᠵᠢᠯ ᠤᠨ ᠰᠠᠨᠠᠭᠠᠴᠢᠯᠠᠭᠠᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠦ᠂ ᠬᠤᠲᠠ ᠬᠥᠳᠡᠭᠡ ᠶᠢᠨ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠪᠠ ᠣᠯᠠᠨ ᠲᠦᠮᠡᠨ ᠤ ᠠᠵᠢᠯ ᠬᠢᠬᠦ ᠵᠡᠷᠭᠡ ᠴᠢᠳᠠᠪᠤᠷᠢ ᠶᠢ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠣᠯᠠᠨ ᠲᠠᠯ᠎ᠠ ᠶᠢᠨ ᠭᠠᠷ︾ ᠪᠣᠯᠭᠠᠨ᠎ᠠ᠃      ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠪᠥᠬᠦ ᠺᠠᠳ᠋ᠷ᠂ ᠪᠥᠬᠦ ᠰᠢᠶᠠᠨ ᠤ ᠨᠡᠶᠢᠭᠡᠮ ᠲᠣᠭᠤᠷᠢᠭ ᠤᠨ ᠠᠵᠢᠯᠲᠠᠨ ᠪᠠ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠢᠴᠢ ᠠᠵᠢᠯᠲᠠᠨ 100 ᠰᠢᠬᠠᠮ ᠬᠥᠮᠥᠨ ᠪᠣᠯᠪᠠᠰᠤᠷᠠᠭᠤᠯᠤᠯ ᠳᠤ ᠣᠷᠣᠯᠴᠠᠪᠠ᠃ ︵ᠰᠤᠷᠪᠤᠯᠵᠢᠯᠠᠬᠴᠢ᠄ ᠴᠧᠩ ᠵᠢᠶᠦ᠋ᠨ ᠴᠢᠩ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号