ᠬᠠᠪᠤᠳᠠᠷ ᠢ ᠵᠠᠰᠠᠬᠤ ᠥᠨᠳᠥᠷ ᠦᠨᠡᠲᠡᠢ ᠡᠮ ᠢ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠤᠷᠤᠭᠤᠯᠬᠤ ᠲᠤᠬᠠᠢ ᠠᠩᠬ᠎ᠠ ᠤᠳᠠᠭ᠎ᠠ ᠬᠡᠯᠡᠯᠴᠡᠵᠡᠢ
ᠨᠡᠶᠢᠲᠡᠯᠡᠭᠰᠡᠨ ᠴᠠᠭ᠄
2024/10/29
     10 ᠰᠠᠷ᠎ᠠ ᠶᠢᠨ 27 ᠤ ᠡᠳᠦᠷ᠂ 2024 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠢ ᠲᠣᠭᠲᠠᠭᠠᠬᠤ ᠲᠤᠬᠠᠢ ᠶᠢᠨ ᠲᠠᠯᠠᠪᠤᠷ ᠲᠤ ᠬᠡᠯᠡᠯᠴᠡᠭᠡᠷ ᠬᠢᠵᠦ ᠦᠨ᠎ᠡ ᠬᠠᠶᠠᠯᠴᠠᠬᠤ ᠠᠵᠢᠯ ᠡᠬᠢᠯᠡᠪᠡ᠃ ᠬᠡᠯᠡᠯᠴᠡᠭᠡᠷ ᠲᠤ ᠣᠷᠣᠯᠴᠠᠬᠰᠠᠨ 162 ᠵᠦᠢᠯ ᠤᠨ ᠡᠮ ᠤᠨ ᠵᠦᠢᠯᠡᠰ ᠲᠤ ᠠᠩᠬ᠎ᠠ ᠤᠳᠠᠭ᠎ᠠ ᠬᠠᠪᠤᠳᠠᠷ ᠢ ᠵᠠᠰᠠᠬᠤ ᠥᠨᠳᠥᠷ ᠦᠨᠡᠲᠡᠢ ᠰᠢᠨ᠎ᠡ ᠶᠢ ᠡᠭᠦᠳᠦᠭᠰᠡᠨ ᠡᠮ ᠵᠢᠴᠢ ᠬᠤᠪᠣᠷ ᠲᠣᠬᠢᠶᠠᠯᠳᠤᠬᠤ ᠡᠪᠡᠳᠴᠢᠨ ᠤ ᠰᠢᠨ᠎ᠡ ᠡᠮ ᠪᠠᠭᠲᠠᠵᠠᠢ᠃      162 ᠵᠦᠢᠯ ᠤᠨ ᠡᠮ ᠤᠨ ᠳᠣᠲᠣᠷ᠎ᠠ ᠰᠢᠨ᠎ᠡ ᠮᠡᠷᠭᠡᠵᠢᠯ ᠤᠨ ᠪᠤᠶᠤ ᠵᠠᠬ᠎ᠠ ᠳᠡᠯᠭᠡᠭᠦᠷ ᠲᠤ ᠭᠠᠷᠭᠠᠬᠤ ᠪᠠᠷ ᠰᠢᠨ᠎ᠡ ᠪᠠᠷ ᠵᠥᠪᠰᠢᠶᠡᠷᠡᠭᠰᠡᠨ ᠣᠯᠠᠨ ᠵᠦᠢᠯ ᠤᠨ ᠡᠮ ᠪᠤᠶ᠂ ᠡᠭᠦᠨ ᠳᠤ ᠬᠠᠪᠤᠳᠠᠷ ᠢ ᠵᠠᠰᠠᠬᠤ ᠰᠢᠨ᠎ᠡ ᠶᠢ ᠡᠭᠦᠳᠦᠭᠰᠡᠨ ᠡᠮ ᠪᠠᠶᠢᠬᠤ ᠮᠥᠷᠲᠡᠭᠡᠨ ᠪᠠᠰᠠ ᠴᠢᠰᠤᠨ ᠥᠭᠡᠬᠦ ᠥᠨᠳᠥᠷᠵᠢᠭᠰᠡᠨ᠂ ᠰᠢᠬᠢᠷ ᠰᠢᠵᠢᠩ ᠡᠪᠡᠳᠴᠢᠨ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠴᠢᠭᠯᠡᠭᠦᠯᠦᠭᠰᠡᠨ ᠬᠠᠮᠤᠭ ᠤᠨ ᠰᠢᠨ᠎ᠡ ᠡᠮᠨᠡᠨ ᠵᠠᠰᠠᠬᠤ ᠡᠮ ᠪᠠᠶᠢᠵᠤ᠂ ᠵᠠᠷᠢᠮ ᠬᠤᠪᠣᠷ ᠲᠣᠬᠢᠶᠠᠯᠳᠤᠬᠤ ᠡᠪᠡᠳᠴᠢᠨ ᠤ ᠡᠮ ᠤᠨ ᠵᠦᠢᠯᠡᠰ ᠴᠦ ᠬᠡᠯᠡᠯᠴᠡᠭᠡ ᠬᠢᠬᠦ ᠬᠡᠪᠴᠢᠶᠡᠨ ᠳᠤ ᠣᠷᠣᠵᠠᠢ᠃      ᠲᠤᠰ ᠤᠳᠠᠭᠠᠨ ᠤ ᠬᠡᠯᠡᠯᠴᠡᠭᠡᠷ 10 ᠰᠠᠷ᠎ᠠ ᠶᠢᠨ 30 ᠤ ᠡᠳᠦᠷ ᠪᠤᠯᠲᠠᠯ᠎ᠠ ᠦᠷᠭᠦᠯᠵᠢᠯᠡᠵᠦ᠂ ᠡᠴᠦᠰ ᠤᠨ ᠦᠷ᠎ᠡ ᠳ᠋ᠦᠩ ᠢ 11 ᠰᠠᠷ᠎ᠠ ᠳᠤ ᠨᠡᠶᠢᠲᠡᠯᠡᠬᠦ ᠪᠠᠷ ᠪᠠᠶᠢᠨ᠎ᠠ᠃ 2025 ᠣᠨ ᠤ 1 ᠰᠠᠷ᠎ᠠ ᠶᠢᠨ 1 ᠤ ᠡᠳᠦᠷ ᠠᠴᠠ ᠬᠠᠮᠤᠭ ᠤᠨ ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠢ ᠬᠡᠷᠡᠭᠵᠢᠭᠦᠯᠵᠦ᠂ ᠨᠠᠩ ᠣᠯᠠᠨ ᠡᠪᠡᠳᠴᠢᠲᠡᠨ ᠳᠤ ᠠᠰᠢᠭ ᠬᠦᠷᠲᠡᠭᠡᠬᠦ ᠪᠣᠯᠣᠨ᠎ᠠ᠃      ᠥᠩᠭᠡᠷᠡᠭᠰᠡᠨ 6 ᠵᠢᠯ ᠳᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡᠷ ᠲᠤ ᠨᠡᠶᠢᠲᠡ 744 ᠵᠦᠢᠯ ᠤᠨ ᠡᠮ ᠢ ᠰᠢᠨ᠎ᠡ ᠪᠠᠷ ᠰᠢᠯᠵᠢᠭᠦᠯᠦᠨ ᠣᠷᠣᠭᠤᠯᠵᠤ᠂ ᠭᠠᠷᠴᠠᠭ ᠳᠣᠲᠣᠷᠠᠬᠢ ᠡᠸᠦ᠋ᠷᠦᠫᠡ ᠡᠮ ᠪᠠ ᠬᠢᠲᠠᠳ ᠪᠡᠯᠡᠨ ᠡᠮ ᠤᠨ ᠲᠤᠭ᠎ᠠ ᠨᠡᠮᠡᠭᠳᠡᠭᠡᠳ ᠣᠲᠣ ᠨᠢᠭᠡᠨᠲᠡ 3088 ᠵᠦᠢᠯ ᠪᠣᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号