ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠳᠠᠬᠢᠨᠲᠠ ᠲᠠᠰ ᠳᠡᠪᠰᠢᠪᠡ
ᠨᠡᠶᠢᠲᠡᠯᠡᠭᠰᠡᠨ ᠴᠠᠭ᠄
2024/10/30
     ︽ᠠᠰᠠᠷᠠᠮᠵᠢ ᠶᠢᠨ ᠬᠦᠷᠢᠶᠡᠯᠡᠩ ᠪᠢᠳᠡᠨ ᠳᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠴᠡᠢ᠂ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠠᠴᠠ ᠭᠠᠳᠠᠨ᠎ᠠ᠂ ᠳᠠᠭᠠᠳᠬᠠᠯ ᠤᠨ ᠺᠤᠮᠫᠠᠨᠢ ᠪᠠᠰᠠ 3300 ᠭᠠᠷᠤᠢ ᠲᠥᠭᠦᠷᠢᠭ ᠲᠥᠯᠥᠵᠦ ᠥᠭᠴᠡᠢ︾ ᠭᠡᠵᠦ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠡᠦᠬᠡᠳ ᠰᠢᠶᠣᠣ ᠵᠢᠶᠦ᠋ᠨ ᠰᠤᠷᠪᠤᠯᠵᠢᠯᠠᠬᠴᠢ ᠳᠤ ᠬᠡᠯᠡᠪᠡ᠃      ᠡᠨᠡ ᠵᠢᠯ ᠰᠢᠶᠣᠣ ᠵᠢᠶᠦ᠋ᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠳᠠᠭᠠᠨ ᠪᠣᠯᠭᠤᠮᠵᠢ ᠦᠭᠡᠢ ᠠᠴᠠ ᠪᠣᠯᠵᠤ ᠭᠠᠷ ᠤᠨ ᠬᠤᠷᠤᠭᠤ ᠪᠠᠨ ᠰᠢᠷᠬᠠᠲᠤᠭᠤᠯᠵᠤ᠂ ᠪᠤᠯᠴᠢᠩ ᠢᠶᠠᠨ ᠭᠡᠮᠲᠦᠭᠡᠭᠰᠡᠨ ᠪᠠᠶᠢᠵᠠᠢ᠃ ᠪᠠᠴᠢᠮ ᠡᠮᠨᠡᠭᠦᠯᠦᠭᠰᠡᠨ ᠤ ᠳᠠᠷᠠᠭ᠎ᠠ 1.3 ᠲᠦᠮᠡ ᠭᠠᠷᠤᠢ ᠲᠥᠭᠦᠷᠢᠭ ᠵᠠᠷᠤᠴᠠᠭᠤᠯᠤᠭᠰᠠᠨ ᠪᠠᠶᠢᠯ᠎ᠠ᠃ ᠵᠣᠯ ᠢᠶᠠᠷ ᠲᠤᠬᠠᠢ ᠶᠢᠨ ᠦᠶ᠎ᠡ ᠳᠤ ᠠᠰᠠᠷᠠᠮᠵᠢ ᠶᠢᠨ ᠬᠦᠷᠢᠶᠡᠯᠡᠩ ᠠᠴᠠ ᠬᠡᠦᠬᠡᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠭᠦᠭᠰᠡᠨ ᠢᠶᠠᠷ ᠠᠰᠠᠷᠠᠮᠵᠢ ᠶᠢᠨ ᠬᠦᠷᠢᠶᠡᠯᠡᠩ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠦ᠂ ᠨᠡᠩ ᠴᠤ ᠰᠢᠶᠣᠣ ᠵᠢᠶᠦ᠋ᠨ ᠤ ᠡᠮᠴᠢᠯᠡᠭᠡᠨ ᠤ ᠵᠠᠷᠤᠳᠠᠯ ᠢ ᠪᠠᠭᠠᠰᠬᠠᠭᠰᠠᠨ ᠪᠠᠶᠢᠨ᠎ᠠ᠃      2022 ᠣᠨ ᠠᠴᠠ ᠡᠬᠢᠯᠡᠨ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ 3 ᠵᠢᠯ ᠳᠠᠷᠠᠭᠠᠯᠠᠨ ᠠᠰᠠᠷᠠᠮᠵᠢ ᠶᠢᠨ ᠬᠦᠷᠢᠶᠡᠯᠡᠩ ᠤᠨ ᠬᠡᠦᠬᠡᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠴᠦ᠂ ᠨᠡᠶᠢᠲᠡ 79 ᠬᠥᠮᠥᠨ ᠤᠳᠠᠭ᠎ᠠ ᠳᠤ ᠠᠰᠢᠭ ᠬᠦᠷᠲᠡᠭᠡᠪᠡ᠃      ᠡᠨᠡ ᠨᠢ ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢᠨ ᠬᠤᠷᠢᠶᠠᠩᠭᠤᠢ  ᠳᠦᠷᠰᠦ ᠪᠣᠯᠣᠨ᠎ᠠ᠃ 2023 ᠣᠨ ᠠᠴᠠ 2024 ᠣᠨ ᠪᠤᠯᠲᠠᠯ᠎ᠠ ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠥᠳᠡᠭᠡ ᠲᠣᠰᠬᠤᠨ ᠤ 161 ᠬᠡᠦᠬᠡᠳ ᠲᠤ ᠬᠡᠦᠬᠡᠳ ᠤᠨ ᠶᠡᠷᠦᠩᠬᠡᠶᠢᠯᠡᠭᠰᠡᠨ ᠳᠠᠭᠠᠳᠬᠠᠯ ᠬᠦᠷᠭᠡᠵᠦ᠂ ᠪᠠᠲᠤᠯᠠᠭ᠎ᠠ ᠶᠢᠨ ᠬᠡᠪᠴᠢᠶ᠎ᠡ ᠨᠢ ᠰᠠᠨᠠᠭᠠᠨ ᠳᠤ ᠦᠭᠡᠢ ᠨᠠᠰᠤ ᠪᠠᠷᠠᠬᠤ᠂ ᠵᠡᠮᠳᠡᠭ ᠪᠤᠯᠬᠤ᠂ ᠰᠠᠨᠠᠭᠠᠨ ᠳᠤ ᠦᠭᠡᠢ ᠡᠮᠴᠢᠯᠡᠭᠡᠨ ᠤ ᠵᠠᠷᠤᠳᠠᠯ ᠵᠡᠷᠭᠡ ᠣᠯᠠᠨ ᠲᠠᠯ᠎ᠠ ᠶᠢ ᠬᠠᠮᠤᠷᠴᠤ  ᠬᠥᠳᠡᠭᠡ ᠲᠣᠰᠬᠤᠨ ᠤ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠴᠡᠶ᠃ ᠪᠠᠶᠠᠨᠨᠠᠭᠤᠷ ᠬᠤᠲᠠ ᠶᠢᠨ  ᠠᠷᠠᠳ ᠤᠨ ᠶᠠᠪᠤᠳᠠᠯ ᠤᠨ ᠲᠣᠪᠴᠢᠶ᠎ᠠ ᠥᠩᠭᠡᠷᠡᠭᠰᠡᠨ ᠬᠤᠶᠠᠷ ᠵᠢᠯ ᠳᠤ ᠨᠡᠶᠢᠲᠡ 67  ᠥᠨᠥᠴᠢᠨ ᠵᠡᠮᠳᠡᠭ  ᠬᠡᠦᠬᠡᠳ᠂ ᠪᠣᠳᠠᠲᠠᠢ  ᠠᠰᠠᠷᠠᠨ  ᠲᠡᠵᠢᠭᠡᠬᠦ  ᠬᠥᠮᠥᠨ ᠦᠭᠡᠢ ᠬᠡᠦᠬᠡᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠴᠦ᠂ 2024 ᠣᠨ ᠳᠤ 34 ᠬᠡᠦᠬᠡᠳ ᠲᠤ ᠬᠤᠢ ᠮᠧᠩ ᠳᠠᠭᠠᠳᠬᠠᠯ ᠬᠤᠳᠠᠯᠳᠤᠨ ᠠᠪᠴᠤ ᠥᠭᠴᠦ᠂ ᠬᠡᠦᠬᠡᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠠᠴᠠ ᠭᠠᠳᠠᠨᠠᠬᠢ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠵᠠᠷᠤᠳᠠᠯ᠂ ᠣᠨᠴᠠ ᠲᠣᠭᠲᠠᠭᠰᠠᠨ ᠡᠮ ᠤᠨ ᠵᠦᠢᠯ ᠤᠨ ᠡᠮ ᠡᠮᠨᠡᠯᠭᠡ ᠶᠢᠨ ᠵᠠᠷᠤᠳᠠᠯ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ CAR - T ᠡᠮᠴᠢᠯᠡᠭᠡᠨ ᠤ ᠡᠮ ᠵᠡᠷᠭᠡ ᠶᠢ ᠬᠠᠮᠤᠷᠴᠤ᠂ ᠬᠡᠦᠬᠡᠳ ᠤᠨ ᠡᠷᠡᠭᠦᠯ ᠮᠡᠨᠳᠦ ᠶᠢ ᠪᠦᠭᠦ ᠲᠠᠯ᠎ᠠ ᠪᠠᠷ ᠪᠠᠲᠤᠯᠠᠪᠠ; 2024 ᠣᠨ ᠳᠤ᠂ ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ 37 ᠥᠨᠥᠴᠢᠨ ᠵᠡᠮᠳᠡᠭ ᠬᠡᠦᠬᠡᠳ ᠵᠢᠴᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠦᠭᠪᠡ᠃ ᠬᠢᠩᠭᠠᠨ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠨᠡᠶᠢᠭᠡᠮ ᠤᠨ ᠡᠬᠢ ᠪᠠᠶᠠᠯᠢᠭ ᠢ ᠬᠤᠯᠪᠣᠵᠤ᠂ 54 ᠴᠡᠴᠡᠷᠯᠢᠭ ᠲᠤ ᠪᠠᠶᠢᠭ᠎ᠠ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠪᠡ᠃ ᠤᠯᠠᠭᠠᠨᠬᠠᠳᠠ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ 33 ᠨᠡᠷ᠎ᠡ ᠥᠨᠥᠴᠢᠨ ᠬᠡᠦᠬᠡᠳ ᠵᠢᠴᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠪᠡ᠃ ᠠᠯᠠᠱᠠ ᠠᠶᠢᠮᠠᠭ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ 5 ᠬᠡᠦᠬᠡᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ  ᠥᠭᠴᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号