ᠮᠠᠨ ᠤ ᠣᠷᠣᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠡᠯᠢᠶᠡᠳ ᠪᠦᠷᠢᠨ ᠲᠥᠬᠦᠷ ᠰᠢᠰᠲ᠋ᠧᠮ ᠢ ᠪᠦᠷᠢᠯᠳᠦᠭᠦᠯᠪᠡ
ᠨᠡᠶᠢᠲᠡᠯᠡᠭᠰᠡᠨ ᠴᠠᠭ᠄
2024/10/31
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠡᠯᠢᠶᠡᠳ ᠪᠦᠷᠢᠨ ᠲᠥᠬᠦᠷ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ 475 ᠤᠰᠤᠨ ᠴᠥᠭᠦᠷᠥᠮ ᠪᠠᠶᠢᠭᠤᠯᠤᠨ᠂ ᠦᠶᠡᠷ ᠢ ᠰᠡᠷᠭᠡᠶᠢᠯᠡᠬᠦ ᠡᠯ᠎ᠡ ᠲᠦᠷᠦᠯ ᠤᠨ ᠬᠠᠰᠢᠯᠭ᠎ᠠ ᠳᠠᠯᠠᠩ ᠤᠨ ᠶᠡᠷᠦᠩᠬᠡᠢ ᠣᠷᠳᠣ 8356 ᠺᠢᠯᠣᠮᠧᠲᠷ ᠲᠤ ᠬᠦᠷᠴᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ  ᠲᠠᠢ ᠲᠡᠮᠡᠴᠡᠬᠦ ᠵᠢᠯᠤᠭᠤᠳᠬᠤ ᠰᠢᠰᠲ᠋ᠧᠮ ᠪᠣᠯᠣᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠦᠶᠡᠷ ᠢ ᠰᠡᠷᠭᠡᠶᠢᠯᠡᠬᠦ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠵᠤ ᠲᠠᠶᠢᠯᠭᠦ ᠪᠣᠯᠵᠠᠢ᠃      ᠬᠠᠲᠤᠨ ᠭᠤᠣᠯ᠂ ᠨᠤᠨ ᠮᠥᠷᠡᠨ᠂ ᠯᠢᠶᠣᠤᠾᠧ ᠭᠤᠣᠯ ᠪᠣᠯ ᠮᠠᠨ ᠤ ᠣᠷᠣᠨ ᠤ ᠭᠤᠣᠯ ᠪᠤᠯᠬᠤ ᠭᠠᠳᠠᠭᠠᠳᠤ ᠤᠷᠤᠰᠬᠠᠯᠲᠤ ᠤᠰᠤᠨ ᠰᠢᠰᠲ᠋ᠧᠮ ᠪᠤᠯᠬᠤ ᠪᠥᠭᠡᠳ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠣᠯᠣᠨ᠎ᠠ᠃ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠵᠢᠴᠢ ᠬᠤᠯᠪᠣᠭᠳᠠᠯ ᠪᠦᠬᠦᠢ ᠭᠠᠵᠠᠷ ᠤᠨ ᠬᠢᠨ ᠬᠠᠲᠤᠨ ᠭᠤᠣᠯ᠂ ᠨᠤᠨ ᠮᠥᠷᠡᠨ᠂ ᠯᠢᠶᠣᠤᠾᠧ ᠭᠤᠣᠯ ᠤᠨ ᠰᠠᠪᠠ ᠭᠠᠵᠠᠷ ᠪᠠ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠦᠨ᠂ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠤᠳᠤ ᠬᠠᠲᠤᠨ ᠭᠤᠣᠯ᠂ ᠨᠤᠨ ᠮᠥᠷᠡᠨ ᠪᠣᠯᠣᠨ ᠯᠢᠶᠣᠤᠾᠧ ᠭᠤᠣᠯ ᠤᠨ ᠭᠤᠣᠯ ᠤᠷᠤᠰᠬᠠᠯ ᠤᠨ ᠬᠠᠰᠢᠯᠭ᠎ᠠ ᠳᠠᠯᠠᠩ ᠦᠨᠳᠦᠰᠦᠨ ᠳᠡᠭᠡᠨ ᠦᠶᠡᠷ ᠤᠨ ᠰᠡᠷᠭᠡᠶᠢᠯᠡᠯᠲᠡ ᠶᠢᠨ ᠪᠠᠷᠢᠮᠵᠢᠶ᠎ᠠ ᠳᠤ ᠬᠦᠷᠴᠦ᠂ ᠤᠰᠤᠨ ᠴᠥᠭᠦᠷᠥᠮ᠂ ᠬᠠᠰᠢᠯᠭ᠎ᠠ᠂ ᠤᠰᠤᠨ ᠬᠠᠭᠠᠯᠲᠠ ᠵᠡᠷᠭᠡ ᠶᠢ ᠨᠢᠭᠡ ᠴᠣᠭᠴᠠᠵᠢᠭᠤᠯᠤᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠦᠷᠢᠨ ᠲᠥᠬᠦᠷ ᠰᠢᠰᠲ᠋ᠧᠮ ᠢ ᠪᠦᠷᠢᠯᠳᠦᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号