ᠮᠠᠨ ᠤ ᠣᠷᠣᠨ ᠬᠥᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ ᠤᠳ ᠢ ᠲᠣᠭᠲᠠᠭᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/10/31
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ ᠤᠳ︾ ᠢ ᠲᠣᠭᠲᠠᠭᠠᠨ ᠨᠡᠶᠢᠲᠡᠯᠡᠪᠡ᠃      ᠲᠤᠰ ᠰᠠᠨᠠᠯ ᠤᠳ ᠲᠤ᠂ ᠮᠠᠨ ᠤ ᠣᠷᠣᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠭᠥᠯᠢᠶᠡᠨ ᠠᠪᠬᠤ᠂ ᠴᠠᠭᠢᠯᠭᠠᠨ ᠵᠠᠳᠠᠯᠤᠯ ᠤᠨ ᠬᠥᠩᠭᠡᠨᠴᠠᠭᠠᠨ ᠢ ᠨᠡᠩ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠶᠢ ᠠᠬᠢᠭᠤᠯᠬᠤ᠂ ᠰᠢᠨᠡᠳᠭᠡᠮᠡᠯ ᠬᠥᠩᠭᠡᠨᠴᠠᠭᠠᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ᠂ ᠲᠥᠬᠦᠭᠡᠷᠦᠮᠵᠢ ᠪᠠᠨ ᠰᠢᠨᠡᠴᠢᠯᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠠᠬᠢᠭᠤᠯᠬᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ᠂ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠠᠵᠢᠯ ᠢ ᠴᠢᠩᠭᠠᠳᠬᠠᠬᠤ᠂ ᠬᠥᠩᠭᠡᠨᠴᠠᠭᠠᠨ ᠤ ᠠᠵᠤ ᠦᠢᠯᠡᠰ ᠤᠨ ᠲᠣᠮᠣ ᠳᠤᠮᠳᠠ ᠪᠠᠭ᠎ᠠ ᠠᠵᠤ ᠠᠬᠤᠶᠢᠯᠠᠯ ᠤᠨ ᠬᠠᠮᠵᠢᠯᠴᠠᠭᠰᠠᠨ ᠬᠥᠭᠵᠢᠯᠲᠡ ᠶᠢ ᠠᠬᠢᠭᠤᠯᠬᠤ ᠵᠡᠷᠭᠡ 8 ᠲᠠᠯ᠎ᠠ ᠶᠢᠨ ᠠᠷᠭ᠎ᠠ ᠬᠡᠮᠵᠢᠶ᠎ᠡ ᠠᠪᠴᠤ ᠪᠦᠭᠦ ᠣᠷᠣᠨ ᠤ ᠬᠥᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠳᠤᠷᠠᠳᠪᠠ᠃ ᠡᠭᠦᠨ ᠳᠤ ᠳᠡᠭᠡᠳᠦ ᠴᠢᠳᠠᠪᠬᠢᠲᠤ ᠬᠤᠪᠣᠷ ᠰᠢᠷᠣᠶᠢᠲᠤ ᠬᠥᠩᠭᠡᠨᠴᠠᠭᠠᠨ᠂ ᠭᠦᠩᠭᠡᠨᠴᠠᠭᠠᠨᠳᠤ ᠮᠠᠭᠨᠢ᠂ ᠭᠦᠩᠭᠡᠨᠴᠠᠭᠠᠨᠳᠤ ᠯᠢᠲ᠋ᠢ᠂ ᠭᠦᠩᠭᠡᠨᠴᠠᠭᠠᠨᠳᠤ ᠰᠺᠠᠨᠳᠢ ᠵᠡᠷᠭᠡ ᠳᠡᠭᠡᠳᠦ ᠴᠢᠳᠠᠪᠬᠢᠲᠤ ᠬᠥᠩᠭᠡᠨᠴᠠᠭᠠᠨ ᠤ ᠬᠠᠶᠢᠯᠤᠰᠢ ᠪᠠ ᠳᠡᠭᠡᠳᠦ ᠳᠡᠰ ᠤᠨ ᠬᠥᠩᠭᠡᠨᠴᠠᠭᠠᠨ ᠤ ᠦᠢᠯᠡᠳᠬᠦᠨ ᠢ ᠦᠢᠯᠡᠳᠪᠦᠷᠢᠯᠡᠬᠦ ᠦᠢᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠪᠠᠷ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠰᠠᠨ ᠬᠥᠩᠭᠡᠨᠴᠠᠭᠠᠨ ᠤ ᠳᠡᠭᠡᠳᠦ ᠳᠡᠰ ᠤᠨ ᠨᠠᠷᠢᠯᠢᠭ ᠡᠳ᠋ᠰᠢᠭᠦᠯᠬᠦ ︵ᠦᠢᠯᠡᠳᠬᠦᠨ ᠤ ᠦᠷᠳᠡᠭ ᠨᠢ ᠴᠠᠭᠢᠯᠭᠠᠨ ᠵᠠᠳᠠᠯᠤᠯ ᠤᠨ ᠬᠥᠩᠭᠡᠨᠴᠠᠭᠠᠨ ᠤ 1.5 ᠳᠠᠭᠢᠨ ᠢ ᠳᠠᠪᠠᠭ᠋ᠤ︶ ᠲᠦᠷᠦᠯ ᠵᠦᠢᠯ ᠳᠤ ᠪᠦᠲᠦᠭᠡᠨ ᠪᠠᠶᠢᠭᠤᠯᠬᠤ ᠦᠶᠡᠰ ᠤᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ 2%  ᠢᠶᠠᠷ ᠨᠢᠭᠡ ᠯᠡ ᠤᠳᠠᠭ᠎ᠠ ᠶᠢᠨ ᠴᠢᠨᠠᠷᠲᠠᠢ ᠬᠦᠦ ᠮᠥᠩᠭᠦ ᠶᠢᠨ ᠱᠠᠩᠨᠠᠯ ᠨᠥᠬᠦᠪᠦᠷᠢ ᠥᠭᠴᠦ᠂ ᠬᠠᠮᠤᠭ ᠤᠨ ᠶᠡᠭᠡ  ᠳᠡᠭᠡᠨ 1000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠤᠯᠭᠤᠨ᠎ᠠ; ᠰᠢᠨᠡᠳᠭᠡᠮᠡᠯ ᠬᠥᠩᠭᠡᠨᠴᠠᠭᠠᠨ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠪᠠᠷ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠰᠠᠨ ᠰᠢᠨᠡᠳᠭᠡᠮᠡᠯ ᠬᠥᠩᠭᠡᠨᠴᠠᠭᠠᠨ ᠤ ᠳᠡᠭᠡᠳᠦ ᠳᠡᠰ ᠤᠨ ᠨᠠᠷᠢᠯᠢᠭ ᠡᠳ᠋ᠰᠢᠭᠦᠯᠬᠦ ︵ᠦᠢᠯᠡᠳᠬᠦᠨ ᠤ ᠦᠷᠳᠡᠭ ᠨᠢ ᠰᠢᠨᠡᠳᠭᠡᠮᠡᠯ ᠬᠥᠩᠭᠡᠨᠴᠠᠭᠠᠨ ᠤ 1.5 ᠳᠠᠭᠢᠨ ᠢ ᠳᠠᠪᠠᠭ᠋ᠤ︶ ᠲᠦᠷᠦᠯ ᠵᠦᠢᠯ ᠳᠤ ᠪᠦᠲᠦᠭᠡᠨ ᠪᠠᠶᠢᠭᠤᠯᠬᠤ ᠦᠶᠡᠰ ᠤᠨ ᠵᠢᠭᠡᠯᠡᠯᠭᠡ ᠶᠢᠨ ᠬᠦᠦ ᠮᠥᠨᠬᠦ ᠶᠢᠨ ᠨᠤᠷᠮ᠎ᠠ ᠶᠢᠨ 2% ᠢᠶᠠᠷ ᠨᠢᠭᠡ ᠯᠡ ᠤᠳᠠᠭ᠎ᠠ ᠶᠢᠨ ᠴᠢᠨᠠᠷᠲᠠᠢ ᠬᠦᠦ ᠮᠥᠩᠭᠦ ᠶᠢᠨ ᠱᠠᠩᠨᠠᠯ ᠨᠥᠬᠦᠪᠦᠷᠢ ᠥᠭᠴᠦ᠂ ᠬᠠᠮᠤᠭ ᠤᠨ ᠶᠡᠭᠡ ᠳᠡᠭᠡᠨ 1000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ ᠭᠡᠬᠦ ᠵᠡᠷᠭᠡ ᠱᠠᠩᠨᠠᠯ ᠨᠥᠬᠦᠪᠦᠷᠢ ᠣᠯᠭᠤᠬᠤ ᠲᠦᠷᠦ ᠶᠢᠨ ᠪᠣᠳᠣᠯᠭ᠎ᠠ ᠶᠢ ᠳᠤᠷᠠᠳᠴᠠᠢ᠃ ᠱᠠᠩᠨᠠᠯ ᠨᠥᠬᠦᠪᠦᠷᠢ ᠶᠢᠨ ᠬᠡᠷᠡᠭᠰᠡᠬᠦ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠢ ᠬᠥᠭᠵᠢᠭᠦᠯᠬᠦ ᠲᠤᠰᠬᠠᠢ ᠪᠡᠯᠡ ᠮᠥᠩᠭᠦ ᠪᠠᠷ ᠨᠢᠭᠡᠳᠦᠯᠲᠡᠢ ᠲᠥᠯᠥᠪᠵᠢᠭᠦᠯᠦᠨ ᠣᠯᠭᠤᠨ᠎ᠠ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号