ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠵᠤᠭᠠᠴᠠᠭᠰᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠪᠡ
ᠨᠡᠶᠢᠲᠡᠯᠡᠭᠰᠡᠨ ᠴᠠᠭ᠄
2024/10/8
      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠦᠴᠦᠸᠠᠨ ᠰᠢᠶᠠᠨ ᠤ ᠡᠯ᠎ᠡ ᠶᠡᠭᠡ ᠦᠵᠡᠮᠵᠢ ᠶᠢᠨ ᠣᠷᠣᠨ ᠮᠠᠰᠢ ᠣᠯᠠᠨ ᠵᠤᠭᠠᠴᠠᠭᠰᠠᠳ ᠢ ᠤᠭᠲᠤᠨ ᠠᠪᠴᠢᠷᠠᠵᠤ᠂ ᠬᠠᠳᠠᠲᠤ ᠬᠠᠭᠠᠯᠭ᠎ᠠ ᠥᠨᠳᠥᠷ ᠠᠭᠤᠯᠠ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠡᠳᠦᠷ ᠪᠦᠷᠢ ᠶᠢᠨ ᠵᠤᠭᠠᠴᠠᠭᠰᠠᠳ ᠤᠨ ᠬᠡᠮᠵᠢᠶ᠎ᠡ ᠲᠦᠮᠡ ᠭᠠᠷᠤᠢ ᠬᠥᠮᠥᠨ ᠬᠦᠷᠴᠡᠢ᠂ ᠭᠡᠲᠡᠯ᠎ᠡ ᠡᠭᠦᠨ ᠤ ᠳᠠᠭᠠᠤ ᠵᠠᠮ ᠬᠠᠷᠢᠯᠴᠠᠭᠠᠨ ᠤ ᠲᠦᠭᠵᠢᠷᠡᠯ ᠪᠠ ᠰᠢᠬᠠᠯᠳᠤᠯ ᠤᠨ ᠪᠠᠶᠢᠳᠠᠯ ᠪᠠᠶᠢᠵᠤ᠂ ᠵᠤᠭᠠᠴᠠᠭᠰᠠᠳ ᠤᠨ ᠶᠠᠪᠤᠵᠤ ᠰᠠᠭᠤᠬᠤ ᠳᠤ ᠲᠤᠶᠢᠯ ᠤᠨ ᠳᠥᠭᠦᠮ ᠦᠭᠡᠢ ᠪᠣᠯᠤᠭᠰᠠᠨ ᠪᠠᠶᠢᠨ᠎ᠠ᠃      ᠡᠨᠡ ᠬᠦ ᠪᠠᠶᠢᠳᠠᠯ ᠳᠤ ᠴᠢᠭᠯᠡᠭᠦᠯᠦᠨ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠦᠭᠵᠢᠷᠡᠭᠰᠡᠨ ᠵᠠᠮ ᠳᠤ ᠦᠳᠲᠡᠷ ᠲᠦᠷᠭᠡᠨ ᠬᠦᠷᠴᠦ᠂ ᠵᠠᠮ ᠬᠠᠷᠢᠯᠴᠠᠭ᠎ᠠ ᠶᠢ ᠵᠢᠯᠤᠭᠤᠳᠬᠤ ᠠᠵᠢᠯ ᠳᠤ ᠣᠷᠣᠯᠴᠠᠪᠠ᠃      ᠬᠠᠳᠠᠲᠤ ᠬᠠᠭᠠᠯᠭ᠎ᠠ ᠥᠨᠳᠥᠷ ᠠᠭᠤᠯᠠ ᠲᠠᠯ᠎ᠠ ᠨᠤᠲᠤᠭ ᠤᠨ ᠵᠤᠭᠠᠴᠠᠯ ᠤᠨ ᠣᠷᠣᠨ ᠤ ᠡᠷᠬᠢᠨ ᠲᠣᠭᠤᠷᠢᠨ ᠤ ᠵᠠᠮ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠶᠠᠭᠠᠷᠠᠯᠲᠠᠢ ᠪᠠᠷ᠎ᠠ ᠭᠠᠵᠠᠷ ᠪᠣᠯᠭᠠᠨ ᠳᠤ ᠬᠠᠷᠠᠭᠳᠠᠨ᠎ᠠ᠃ ᠲᠡᠳᠡᠨ ᠤ ᠵᠠᠷᠢᠮ ᠨᠢ ᠲᠡᠷᠭᠡ ᠬᠥᠰᠬᠡ ᠶᠢ ᠵᠢᠯᠣᠭᠤᠳᠤᠨ ᠡᠮᠬᠢ ᠵᠢᠷᠤᠮ ᠲᠠᠢ ᠪᠠᠷ ᠶᠠᠪᠤᠭᠤᠯᠵᠤ᠂ ᠭᠠᠷ ᠤᠨ ᠳᠣᠬᠢᠶ᠎ᠠ ᠨᠢ ᠡᠷᠡᠰ ᠰᠢᠭᠤᠷᠬᠠᠢ ᠪᠥᠭᠡᠳ ᠬᠦᠴᠦᠲᠡᠢ ᠪᠠᠶᠢᠵᠤ᠂ ᠲᠡᠷᠭᠡᠨ ᠤ ᠤᠷᠤᠰᠬᠠᠯ ᠤᠨ ᠤᠷᠤᠭᠰᠢᠲᠠᠢ ᠪᠠᠶᠢᠬᠤ ᠶᠢ ᠦᠨᠡᠨᠬᠦ ᠪᠠᠲᠤᠯᠠᠪᠠ᠃ ᠵᠠᠷᠢᠮ ᠨᠢ ᠵᠢᠭᠤᠯᠴᠢᠯᠠᠭᠴᠢᠳ ᠲᠤ ᠴᠢᠭᠯᠡᠯ ᠢ ᠬᠦᠯᠢᠴᠡᠩᠭᠦᠢ ᠪᠠᠷ ᠵᠢᠭᠠᠨ ᠥᠭᠴᠦ᠂ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠵᠢᠭᠤᠯᠴᠢᠯᠠᠭᠴᠢᠳ ᠤᠨ ᠵᠣᠪᠠᠨᠢᠯ ᠢ ᠨᠠᠮᠳᠠᠭᠤᠯᠪᠠ᠃ ᠲᠡᠳᠡ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠰᠢᠨ ᠲᠡᠷᠭᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠰᠠᠯᠭᠠᠨ ᠭᠠᠷᠭᠠᠵᠤ᠂ ᠵᠠᠮ ᠲᠦᠭᠵᠢᠷᠡᠬᠦ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠡᠭᠦᠨ ᠤ ᠬᠠᠮᠲᠤ᠂ ᠲᠡᠳᠡ ᠪᠠᠰᠠ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂ ᠠᠷᠭᠠᠴᠠᠬᠤ ᠠᠷᠭ᠎ᠠ ᠬᠡᠮᠵᠢᠶ᠎ᠡ ᠶᠢ ᠬᠠᠮᠲᠤᠪᠠᠷ ᠲᠣᠭᠲᠠᠭᠠᠵᠤ᠂ ᠵᠤᠭᠠᠴᠠᠭᠰᠠᠳ ᠤᠨ ᠠᠮᠤᠷ ᠲᠦᠪᠰᠢᠨ ᠪᠠ ᠵᠤᠭᠠᠴᠠᠯ ᠤᠨ ᠡᠮᠬᠢ ᠳᠢᠭᠯᠢᠮ ᠢ ᠦᠨᠡᠨᠬᠦ ᠪᠠᠲᠤᠯᠠᠪᠠ᠃      ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠦᠵᠡᠮᠵᠢ ᠶᠢᠨ ᠣᠷᠣᠨ ᠤ ᠵᠠᠮ ᠬᠠᠷᠢᠯᠴᠠᠭᠠᠨ ᠤ ᠲᠦᠭᠵᠢᠷᠡᠯ ᠤᠨ ᠪᠠᠶᠢᠳᠠᠯ ᠢ ᠪᠦᠲᠦᠮᠵᠢᠲᠡᠢ ᠨᠠᠮᠳᠠᠭᠤᠯᠪᠠ᠃ ᠵᠢᠭᠤᠯᠴᠢᠯᠠᠭᠰᠠᠳ ᠠᠴᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠪᠠ ᠬᠦᠨᠳᠦᠳᠬᠡᠯ ᠢᠶᠠᠨ ᠳᠡᠪᠰᠢᠭᠦᠯᠪᠡ᠃ ᠨᠢᠭᠡᠨ ᠵᠢᠭᠤᠯᠴᠢᠯᠠᠭᠰᠠᠳ᠄ ︽ᠡᠨᠡ ᠬᠦ ᠣᠨᠴᠠᠭᠠᠶ ᠠᠮᠠᠷᠠᠯᠲᠠ ᠳᠤ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠡᠳᠡᠨ ᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠲᠠᠶᠢᠯᠪᠤᠷᠢᠯᠠᠵᠤ᠂ ᠪᠢᠳᠡᠨ ᠤ ᠵᠢᠭᠤᠯᠴᠢᠯᠠᠯ ᠢ ᠨᠠᠩ ᠰᠠᠨᠠᠭ᠎ᠠ ᠠᠮᠤᠷ᠂ ᠪᠠᠶᠠᠷ ᠬᠥᠷ ᠲᠠᠢ ᠪᠣᠯᠭᠠᠨ᠎ᠠ︾ ᠭᠡᠵᠦ ᠰᠡᠳᠬᠢᠯ ᠳᠣᠭᠳᠣᠯᠤᠨ ᠬᠡᠯᠡᠵᠡᠢ᠃      ᠡᠨᠡ ᠬᠦ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠵᠤᠭᠠᠴᠠᠭᠰᠠᠳ ᠤᠨ ᠶᠠᠪᠤᠵᠤ ᠰᠠᠭᠤᠬᠤ ᠠᠮᠤᠷ ᠲᠦᠪᠰᠢᠨ ᠪᠣᠯᠣᠨ ᠵᠤᠭᠠᠴᠠᠯ ᠤᠨ ᠥᠩᠭᠡᠷᠡᠯᠲᠡ ᠶᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠪᠡ᠃ ︵ᠰᠤᠷᠪᠤᠯᠵᠢᠯᠠᠭᠴᠢ ᠶᠠᠩ ᠯᠢ ᠹᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号