ᠮᠠᠨ ᠤ ᠣᠷᠣᠨ ᠨᠢᠭᠡ ᠨᠣᠮᠧᠷ ᠢᠶᠠᠷ ᠨᠡᠪᠲᠡᠷᠡᠬᠦ ᠴᠢᠳᠠᠪᠤᠷᠢᠲᠠᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/10/8
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ﹀ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢᠨ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠶᠢ ᠠᠬᠢᠭᠤᠯᠬᠤ ᠳᠤ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃      ᠣᠶᠢᠯᠠᠭᠠᠭᠰᠠᠨ ᠢᠶᠠᠷ᠂ ᠥᠩᠭᠡᠷᠡᠭᠰᠡᠨ ᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ᠲᠣᠰ ᠰᠠᠨᠠᠯ ᠨᠢ ᠭᠤᠣᠯᠳᠠᠭᠤ 4 ᠲᠠᠯ᠎ᠠ ᠪᠠᠷ ᠰᠢᠨ᠎ᠡ ᠡᠭᠦᠳᠦᠯᠲᠡ ᠲᠠᠢ ᠪᠣᠯᠵᠠᠢ᠃  ᠴᠢᠳᠠᠪᠤᠷᠢᠲᠠᠨ ᠤ  ᠬᠠᠷᠠᠭᠠᠯᠵᠠᠯ ᠤᠨ ᠲᠠᠯ᠎ᠠ ᠪᠠᠷ᠂ ᠪᠦᠭᠦ ᠣᠷᠣᠨ ᠤ ᠬᠡᠪᠴᠢᠶᠡᠨ ᠳᠤ ᠨᠢᠭᠡ ᠠᠴᠠ ᠵᠢᠷᠭᠤᠭᠠᠨ ᠲᠥᠷᠥᠯ ᠤᠨ ᠴᠢᠳᠠᠪᠤᠷᠢᠲᠠᠨ ᠳᠤ ᠴᠢᠳᠠᠪᠤᠷᠢᠲᠠᠨ ᠤ ᠺᠠᠷᠲ ᠣᠯᠭᠤᠬᠤ ᠶᠢ ᠠᠩᠬ᠎ᠠ ᠤᠳᠠᠭ᠎ᠠ ᠳᠤᠷᠠᠳᠴᠤ᠂ ︽ᠨᠢᠭᠡ ᠨᠣᠮᠧᠷ ᠢᠶᠠᠷ ᠨᠡᠪᠲᠡᠷᠡᠬᠦ︾ᠴᠢᠳᠠᠪᠤᠷᠢᠲᠠᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠲᠥᠷᠥᠯ ᠬᠤᠪᠢᠶᠠᠨ ᠱᠠᠲᠤ ᠬᠤᠪᠢᠶᠠᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠵᠠᠷᠴᠢᠮ ᠶᠣᠰᠣᠭᠠᠷ᠂ ᠡᠯ᠎ᠡ ᠲᠥᠷᠥᠯ ᠤᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠪᠦᠯᠢ ᠶᠢᠨ ᠬᠢᠨ ᠳᠤ ᠠᠵᠢᠯ ᠣᠯᠭᠤᠬᠤ᠂ ᠣᠷᠣᠨ ᠰᠠᠭᠤᠴᠠ ᠶᠢᠨ ᠪᠠᠲᠤᠯᠠᠭ᠎ᠠ ᠬᠠᠩᠭᠠᠬᠤ  ᠵᠡᠷᠭᠡ ᠦᠢᠯᠡᠴᠢᠯᠡᠭᠡ ᠶᠢ ᠰᠠᠶᠢᠲᠤᠷ ᠭᠢᠨ᠎ᠠ; ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠠᠯ᠎ᠠ ᠪᠠᠷ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠳᠡᠮ ᠰᠢᠨᠵᠢᠯᠡᠭᠡᠨ ᠤ ᠵᠠᠷᠤᠳᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠤ ᠠᠳᠠᠯᠢ ᠪᠤᠰᠤ ᠬᠦᠷᠢᠶ᠎ᠡ ᠴᠠᠷᠠᠭ᠎ᠠ᠂ ᠲᠥᠷᠥᠯ ᠢᠯᠭᠠᠯ ᠵᠢᠴᠢ ᠬᠡᠷᠡᠭᠵᠢᠭᠦᠯᠵᠦ ᠪᠠᠶᠢᠭ᠎ᠠ ᠲᠥᠷᠥᠯ ᠵᠦᠢᠯ ᠤᠨ ᠪᠠᠶᠢᠳᠠᠯ ᠢ ᠦᠨᠳᠦᠰᠦᠯᠡᠨ ᠵᠣᠬᠢᠬᠤ ᠳᠡᠮᠵᠢᠯᠭᠡ ᠶᠢᠨ ᠪᠠᠷᠢᠮᠵᠢᠶ᠎ᠠ ᠶᠢ ᠲᠣᠭᠲᠠᠭᠠᠵᠤ᠂ ᠵᠠᠷᠤᠳᠠᠯ ᠤᠨ ᠪᠠᠲᠤᠯᠠᠭ᠎ᠠ ᠶᠢᠨ ᠠᠷᠭ᠎ᠠ ᠵᠠᠮ ᠢ ᠲᠣᠳᠣᠷᠬᠠᠶᠢᠯᠠᠬᠤ ᠶᠢᠨ ᠬᠠᠮᠲᠤ᠂ ᠤᠶᠠᠯᠢᠭ ᠢᠶᠠᠷ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠪᠦᠯᠭᠦᠮ ᠢ ᠳᠡᠮᠵᠢᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ; ᠲᠣᠰ ᠭᠠᠵᠠᠷ ᠤᠨ ᠴᠢᠳᠠᠪᠤᠷᠢᠲᠠᠨ ᠵᠢᠴᠢ ᠪᠦᠯᠭᠦᠮ ᠨᠡᠶᠢᠲᠡ ᠳᠤ ᠲᠠᠰ ᠳᠡᠪᠰᠢᠭᠦᠯᠵᠦ ᠤᠷᠮᠠᠰᠢᠭᠤᠯᠬᠤ᠂ ᠦᠷᠭᠦᠯᠵᠢᠯᠡᠭᠰᠡᠨ ᠳᠡᠮᠵᠢᠯᠭᠡ ᠦᠵᠡᠭᠦᠯᠭᠦ ᠵᠡᠷᠭᠡ ᠳᠠᠪᠬᠤᠷᠳᠠᠭᠰᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠦᠷᠲᠡᠭᠡᠨ᠎ᠡ ᠭᠡᠵᠦ ᠳᠤᠷᠠᠳᠤᠭᠰᠠᠨ ᠪᠥᠭᠡᠳ ᠰᠢᠨ᠎ᠡ ᠪᠠᠷ ᠨᠡᠮᠡᠭᠳᠡᠭᠰᠡᠨ ᠳᠥᠷᠪᠡᠨ ᠲᠥᠷᠥᠯ ᠠᠴᠠ ᠳᠡᠭᠡᠭᠰᠢᠬᠢ ᠴᠢᠳᠠᠪᠤᠷᠢᠲᠠᠨ ᠪᠠ ᠬᠠᠮᠢᠶ᠎ᠠ ᠪᠦᠬᠦᠢ ᠨᠢᠭᠡᠴᠢ ᠳᠤ  ᠪᠡᠶ᠎ᠡ ᠪᠠᠨ ᠳᠠᠭᠠᠭᠠᠵᠤ ᠠᠵᠢᠯᠯᠠᠬᠤ ᠠᠵᠢᠯ ᠤᠨ ᠵᠠᠷᠤᠳᠠᠯ ᠤᠨ ᠱᠠᠩᠨᠠᠯ ᠳᠡᠮᠵᠢᠯᠭᠡ ᠣᠯᠭᠤᠨ᠎ᠠ ᠭᠡᠵᠦ ᠠᠩᠬ᠎ᠠ ᠤᠳᠠᠭ᠎ᠠ ᠲᠣᠳᠣᠷᠬᠠᠢ ᠳᠤᠷᠠᠳᠤᠨ ᠭᠠᠷᠭᠠᠪᠠ; ᠴᠢᠳᠠᠪᠤᠷᠢᠲᠠᠨ ᠢ ᠦᠯᠡᠳᠡᠭᠡᠨ ᠬᠡᠷᠡᠭᠯᠡᠬᠦ ᠲᠠᠯ᠎ᠠ ᠪᠠᠷ᠂ ᠴᠠᠯᠢᠩ ᠬᠥᠯᠥᠰᠦ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠪᠠᠷ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠲᠤᠬᠠᠢ ᠳᠤᠷᠠᠳᠤᠭᠰᠠᠨ ᠪᠥᠭᠡᠳ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠥᠵᠢᠭᠦᠯᠬᠦ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠠᠳᠠᠯᠢ ᠲᠡᠭᠰᠢ ᠬᠠᠷᠠᠭᠠᠯᠵᠠᠯ ᠬᠦᠷᠲᠡᠭᠡᠬᠦ ᠶᠢ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号