ᠪᠠᠶᠠᠷ ᠤᠨ ᠡᠳᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠮᠤᠷ ᠲᠦᠪᠰᠢᠨ ᠤ ᠪᠣᠭᠤᠮᠲᠠ ᠶᠢ ᠪᠠᠲᠤ ᠰᠠᠬᠢᠯ᠎ᠠ
ᠨᠡᠶᠢᠲᠡᠯᠡᠭᠰᠡᠨ ᠴᠠᠭ᠄
2024/10/8
     ᠪᠠᠶᠠᠷ ᠳᠤᠷᠠᠰᠬᠠᠯ ᠤᠨ ᠡᠳᠦᠷ ᠪᠣᠯ ᠢᠳᠡᠭᠡᠨ ᠤᠮᠳᠠᠭᠠᠨ ᠤ ᠬᠡᠷᠡᠭᠯᠡᠭᠡ ᠶᠢᠨ ᠬᠥᠭᠵᠢᠶᠡᠨ ᠲᠠᠢ ᠦᠶ᠎ᠡ ᠪᠣᠯᠣᠨ᠎ᠠ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠨᠢᠭᠡᠨ ᠠᠵᠢᠯᠲᠠᠨ ᠪᠣᠯᠤᠭᠰᠠᠨ ᠤ ᠬᠤᠪᠢ ᠳᠤ᠂ ᠢᠳᠡᠭᠡᠨ ᠤ ᠠᠮᠤᠷ ᠲᠦᠪᠰᠢᠨ ᠤ ᠠᠷᠠᠳ ᠲᠦᠮᠡᠨ ᠳᠤ ᠦᠵᠡᠭᠦᠯᠭᠦ ᠴᠢᠬᠤᠯᠠ ᠴᠢᠨᠠᠷ ᠢ ᠪᠢ ᠭᠦᠨᠵᠡᠭᠡᠢ ᠣᠶᠢᠯᠠᠭᠠᠨ᠎ᠠ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠬᠤ  ᠨᠢ ᠨᠠᠳᠠ ᠳᠤ ᠠᠪᠴᠤ ᠬᠡᠯᠡᠪᠡᠯ ᠨᠢᠭᠡᠨ ᠬᠦᠨᠳᠦ ᠴᠢᠬᠤᠯᠠ ᠡᠭᠦᠷᠭᠡ ᠬᠠᠷᠢᠭᠤᠴᠠᠯᠭ᠎ᠠ ᠮᠥᠨ᠃      10 ᠰᠠᠷ᠎ᠠ ᠶᠢᠨ 1 ᠤ ᠡᠳᠦᠷ᠂ ᠪᠢ ᠡᠷᠲᠡᠬᠡᠨ ᠪᠠᠶᠢᠭᠤᠯᠭ᠎ᠠ ᠳᠠᠭᠠᠨ ᠬᠦᠷᠴᠦ᠂ ᠪᠠᠶᠠᠷ ᠤᠨ ᠡᠳᠦᠷ ᠤᠨ ᠡᠮᠦᠨᠡᠬᠢ ᠪᠠᠶᠢᠷᠢᠯᠠᠭᠤᠯᠤᠯᠲᠠ ᠶᠣᠰᠣᠭᠠᠷ᠂ ᠨᠢᠭᠡᠨ ᠬᠠᠮᠲᠤ ᠠᠵᠢᠯᠲᠠᠨ ᠲᠠᠢ ᠪᠠᠨ ᠴᠤᠬ ᠵᠠᠬ᠎ᠠ ᠳᠡᠯᠭᠡᠭᠦᠷ ᠤᠨ ᠪᠠᠶᠢᠴᠠᠭᠠᠯᠲᠠ ᠥᠷᠨᠢᠭᠦᠯᠬᠦ ᠪᠠᠷ ᠪᠣᠯᠪᠠ᠃ ᠠᠮᠠᠷᠠᠯᠲᠠ ᠶᠢᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠣᠯᠠᠩᠬᠢ ᠨᠢ ᠭᠡᠷ ᠪᠦᠯᠢ ᠶᠢᠨ ᠴᠤᠭᠯᠠᠭᠠᠨ᠂ ᠲᠥᠷᠥᠯ ᠰᠠᠳᠤᠨ ᠨᠠᠶᠢᠵᠠ ᠨᠥᠬᠦᠳ ᠤᠨ ᠳᠠᠶᠢᠯᠠᠯᠭ᠎ᠠ ᠪᠠᠷ ᠭᠤᠣᠯ ᠪᠤᠯᠭᠠᠬᠰᠠᠨ ᠪᠠᠶᠢᠳᠠᠯ ᠢ ᠦᠨᠳᠦᠰᠦᠯᠡᠨ᠂ ᠪᠢᠳᠡ ᠲᠣᠮᠣ ᠳᠤᠮᠳᠠ ᠭᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠢ ᠶᠢᠨ ᠳ᠋ᠠᠶᠢᠲ᠋ᠠ ᠬᠥᠮᠥᠷᠭᠡ᠂ ︽ᠰᠦᠯᠵᠢᠶᠡᠨ ᠤ ᠬᠠᠯᠠᠮᠰᠢᠯ︾ ᠢᠳᠡᠭᠡᠨ ᠤᠮᠳᠠᠭᠠᠨ ᠤ ᠳ᠋ᠠᠶᠢᠲ᠋ᠠ ᠬᠥᠮᠥᠷᠭᠡ ᠠᠴᠠ ᠬᠤᠭᠤᠯᠠ ᠵᠠᠬᠢᠶᠠᠯᠠᠬᠤ ᠬᠥᠮᠥᠨ ᠤ ᠲᠤᠭ᠎ᠠ ᠪᠠᠷ ᠨᠡᠯᠢᠶᠡᠳ ᠣᠯᠠᠨ᠂ ᠬᠦᠷᠢᠶᠡᠯᠡᠯ ᠲᠠᠢ ᠢᠳᠡᠭᠡᠨ ᠤᠮᠳᠠᠭᠠᠨ ᠤ ᠬᠤᠶᠠᠷ ᠨᠢᠭᠡᠴᠢ ᠶᠢ ᠲᠠᠰᠢᠷᠠᠮ ᠢᠶᠠᠷ ᠰᠣᠩᠭᠤᠨ ᠪᠠᠶᠢᠴᠠᠭᠠᠪᠠ᠃      ᠬᠠᠤᠯᠢ ᠬᠡᠷᠡᠭᠵᠢᠭᠦᠯᠬᠦ ᠦᠨᠡᠮᠯᠡᠯ᠂ ᠬᠠᠤᠯᠢ ᠬᠡᠷᠡᠭᠵᠢᠭᠦᠯᠬᠦ ᠲᠡᠮᠳᠡᠭᠯᠡᠭᠦᠷ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ᠂ ᠪᠢᠷ᠂ ᠬᠠᠤᠯᠢ ᠴᠠᠭᠠᠵᠠ ᠶᠢᠨ ᠳᠡᠪᠲᠡᠷ ᠁ ᠠᠵᠢᠯ ᠤᠨ ᠬᠤᠪᠴᠠᠰᠤ ᠪᠠᠨ ᠡᠮᠦᠰᠦᠭᠰᠡᠨ ᠨᠢ ᠲᠡᠷᠢ ᠲᠡᠭᠰᠢ ᠪᠠᠶᠢᠬᠤ ᠡᠰᠡᠬᠦ᠂ ᠬᠠᠤᠯᠢ ᠬᠡᠷᠡᠭᠵᠢᠭᠦᠯᠬᠦ ᠪᠣᠭᠴᠣ ᠶᠢᠨ ᠳᠣᠲᠣᠷᠠᠬᠢ ᠡᠯ᠎ᠡ ᠲᠥᠷᠥᠯ ᠤᠨ ᠪᠠᠶᠢᠴᠠᠭᠠᠯᠲᠠ ᠶᠢᠨ ᠲᠡᠮᠳᠡᠭᠯᠡᠯ ᠪᠦᠷᠢᠨ ᠪᠦᠲᠦᠨ ᠪᠠᠶᠢᠬᠤ ᠡᠰᠡᠬᠦ ᠶᠢ ᠨᠤᠲᠠᠯᠠᠬᠤ ᠵᠡᠷᠭᠡ ᠪᠣᠯ ᠮᠢᠨᠤ ᠤᠳᠠᠭ᠎ᠠ ᠪᠦᠷᠢ ᠶᠢᠨ ᠪᠠᠶᠢᠴᠠᠭᠠᠯᠲᠠ ᠬᠢᠬᠦ ᠠᠴᠠ ᠡᠮᠦᠨᠡᠬᠢ ᠴᠢᠬᠤᠯᠠ ᠭᠤᠭᠴᠤᠭ᠎ᠠ ᠮᠥᠨ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢᠨ ᠵᠢᠷᠤᠮᠵᠢᠩᠭᠤᠢ ᠴᠢᠨᠠᠷ ᠪᠠ ᠡᠷᠬᠡ ᠰᠦᠷᠲᠦ ᠴᠢᠨᠠᠷ ᠢ ᠦᠨᠡᠨ ᠬᠦ ᠪᠠᠲᠤᠯᠠᠬᠤ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠭᠴᠢ ᠨᠢᠭᠡ ᠪᠦᠷᠢ ᠶᠢᠨ ᠰᠡᠳᠬᠢᠯ ᠳᠤ ᠬᠠᠳᠠᠩᠰᠢᠭᠰᠠᠨ ᠢᠲᠡᠭᠡᠯ ᠵᠣᠷᠢᠭ ᠮᠥᠨ᠃      9 ᠴᠠᠭ 30 ᠮᠢᠨᠦ᠋ᠲ ᠲᠤ᠂ ᠪᠢᠳᠡ ᠥᠪᠥᠷ ᠮᠣᠩᠭᠤᠯ ᠤᠨ ᠶᠤᠸᠠᠢ ᠵᠢᠦ ᠶᠤᠸᠠᠢ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠳᠤ ᠭᠦᠷᠪᠡ᠃ ︽ᠲᠠ ᠰᠠᠶᠢᠨ ᠦᠦ᠂ ᠪᠢᠳᠡ ᠪᠣᠯ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠡᠨᠡ ᠪᠣᠯ ᠮᠠᠨ ᠤ ᠬᠠᠤᠯᠢ ᠬᠡᠷᠡᠭᠵᠢᠭᠦᠯᠬᠦ ᠦᠨᠡᠮᠯᠡᠯ ᠪᠣᠯᠣᠨ᠎ᠠ᠃ ᠥᠨᠥᠳᠥᠷ ᠲᠠᠨ ᠤ ᠪᠠᠶᠢᠭᠤᠯᠭ᠎ᠠ ᠳᠤ ᠨᠢᠭᠡ ᠤᠳᠠᠭ᠎ᠠ ᠶᠢᠨ ᠢᠳᠡᠭᠡᠨ ᠤᠮᠳᠠᠭᠠᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠬᠢᠬᠦ ᠭᠡᠵᠦ ᠪᠠᠶᠢᠨ᠎ᠠ᠂ ᠲᠠ ᠬᠠᠮᠵᠢᠯᠴᠠᠭᠠᠷᠠᠢ︾᠃ ᠢᠳᠡᠭᠡᠨ ᠤᠮᠳᠠᠭᠠᠨ ᠤ ᠨᠢᠭᠡᠴᠢ ᠳᠤ ᠢᠷᠡᠭᠰᠡᠨ ᠵᠣᠷᠢᠯᠭ᠎ᠠ ᠪᠠᠨ ᠲᠥᠭᠦᠮ ᠲᠣᠳᠣᠷᠬᠠᠶᠢᠯᠠᠯᠲᠠ ᠬᠢᠭᠰᠡᠨ ᠤ ᠳᠠᠷᠠᠭ᠎ᠠ  ᠪᠢᠳᠡ ᠢᠳᠡᠭᠡᠨ ᠤᠮᠳᠠᠭᠠᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ ᠶᠠᠪᠤᠴᠠ ᠶᠣᠰᠣᠭᠠᠷ ᠵᠦᠢᠯ ᠵᠤᠷᠪᠤᠰ ᠳᠠᠷᠠᠭᠠᠯᠠᠨ ᠪᠠᠶᠢᠴᠠᠭᠠᠯᠲᠠ ᠬᠢᠪᠡ᠄ ᠤᠷᠢᠳ ᠢᠶᠠᠷ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠯᠭᠠᠭᠰᠠᠨ ᠲᠡᠮᠳᠡᠭᠯᠡᠯ ᠢ ᠦᠵᠡᠵᠦ᠂ ᠬᠡᠷᠪᠡ ᠢᠯᠴᠢ ᠶᠢᠨ ᠬᠦᠴᠦᠨ ᠢᠶᠠᠷ ᠠᠷᠢᠭᠤᠳᠬᠠᠬᠤ ᠠᠷᠭ᠎ᠠ ᠮᠠᠶ᠋ᠢᠭ ᠠᠪᠤᠭᠰᠠᠨ ᠪᠠᠶᠢᠪᠠᠯ ᠴᠠᠭ ᠬᠤᠭᠤᠴᠠᠭ᠎ᠠ ᠪᠠ ᠳᠤᠯᠠᠭᠠᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢ ᠭᠤᠣᠯᠳᠠᠯᠭ᠎ᠠ ᠲᠠᠢ ᠠᠩᠬᠠᠷᠪᠠ᠃ ᠳᠠᠭᠢᠨ ᠬᠦᠢᠲᠡᠨ ᠢᠶᠠᠷ ᠬᠠᠳᠠᠭᠠᠯᠠᠬᠤ ᠠᠪᠳᠠᠷ᠎ᠠ ᠳᠣᠲᠣᠷᠠᠬᠢ ᠢᠳᠡᠭᠡᠨ ᠤ ᠲᠦᠭᠦᠬᠡᠢ ᠮᠠᠲ᠋ᠧᠷᠢᠶᠠᠯ ᠪᠠ ᠬᠠᠭᠠᠰ ᠪᠤᠯᠭᠤᠬᠰᠠᠨ ᠢᠳᠡᠭᠡᠨ ᠢ ᠰᠠᠯᠭᠠᠨ ᠬᠠᠳᠠᠭᠠᠯᠠᠭᠰᠠᠨ ᠡᠰᠡᠬᠦ ᠶᠢ ᠦᠵᠡᠪᠡ᠃ ᠬᠠᠮᠤᠭ ᠤᠨ ᠰᠡᠭᠦᠯ ᠳᠤ ᠪᠠᠰᠠ ᠭᠠᠭ᠋ᠠᠢ ᠶᠢᠨ ᠮᠢᠬ᠎ᠠ ᠣᠷᠣᠭᠤᠯᠤᠭᠰᠠᠨ ᠪᠠᠷᠢᠮᠲᠠ ᠪᠠ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ᠂ ᠮᠢᠬᠠᠨ ᠤ ᠴᠢᠨᠠᠷ ᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠨᠡᠮᠯᠡᠯ ᠵᠡᠷᠭᠡ ᠶᠢ ᠪᠠᠶᠢᠴᠠᠭᠠᠨ ᠦᠵᠡᠪᠡ᠃      ᠬᠡᠳᠦᠶᠢᠪᠡᠷ ᠲᠣᠰ ᠤᠳᠠᠭ᠎ᠠ ᠶᠢᠨ ᠪᠠᠶᠢᠴᠠᠭᠠᠯᠲᠠ ᠶᠢᠨ ᠶᠡᠷᠦᠩᠬᠡᠢ ᠪᠠᠶᠢᠳᠠᠯ ᠨᠢ ᠰᠠᠶᠢᠨ ᠪᠤᠯᠪᠠᠴᠤ᠂ ᠬᠡᠰᠡᠭ ᠨᠠᠷᠢᠨ ᠵᠦᠢᠯᠡᠰ ᠢ ᠦᠷᠭᠦᠯᠵᠢᠯᠡᠨ ᠴᠢᠩᠭᠠᠳᠬᠠᠬᠤ ᠴᠢᠬᠤᠯᠠᠲᠠᠢ ᠪᠠᠶᠢᠨ᠎ᠠ᠂ ᠪᠢᠳᠡ ᠪᠠᠰᠠ ᠡᠵᠡᠩᠨᠡᠭᠴᠢ ᠳᠤ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠢᠳᠡᠭᠡᠨ ᠤᠮᠳᠠᠭᠠᠨ ᠬᠤᠭᠤᠯᠠᠨ ᠤ ᠬᠡᠷᠡᠭᠰᠡᠯ ᠢ ᠴᠡᠪᠡᠷᠯᠡᠬᠦ᠂ ᠡᠳᠦᠷ ᠲᠤᠲᠤᠮ ᠤᠨ ᠬᠠᠮᠢᠶᠠᠷᠤᠯᠲᠠ ᠶᠢᠨ ᠲᠡᠮᠳᠡᠭᠯᠡᠯ ᠤᠨ ᠲᠠᠯ᠎ᠠ ᠪᠠᠷ ᠴᠥᠮ ᠴᠠᠭ ᠲᠤᠬᠠᠢ ᠳᠤᠨᠢ ᠳᠠᠭᠠᠵᠤ ᠠᠮᠵᠢᠬᠤ ᠬᠡᠷᠡᠭᠲᠡᠢ ᠭᠡᠵᠦ ᠬᠡᠯᠡᠵᠦ ᠥᠭᠪᠡ᠃ ᠪᠠᠰᠠ ᠲᠡᠳᠡᠨ ᠳᠤ ︽ᠪᠤᠭᠤᠲᠤ ᠬᠤᠲᠠ ᠶᠢᠨ ᠨᠡᠷᠡᠨ ᠬᠡᠷᠡᠯᠳᠦ ᠢᠳᠡᠭᠡᠨ ᠤᠮᠳᠠᠭᠠᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ︾ ᠢ ᠠᠰᠢᠭᠯᠠᠨ ᠬᠠᠮᠢᠶᠠᠷᠤᠯᠲᠠ ᠪᠠᠨ ᠵᠢᠷᠤᠮᠵᠢᠭᠤᠯᠵᠤ᠂ ︽ᠢᠨᠲ᠋ᠧᠷ ᠰᠦᠯᠵᠢᠶ᠎ᠡ + ᠠᠷᠢᠭᠤᠨ ᠴᠡᠪᠡᠷ ᠲᠣᠭᠤᠭᠠᠨ ᠭᠡᠷ︾ ᠤᠨ ᠭᠡᠯᠪᠡᠷᠢ ᠪᠠᠷ ᠳᠠᠮᠵᠢᠭᠤᠯᠤᠨ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠢᠳᠡᠭᠡᠨ ᠤᠮᠳᠠᠭᠠᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠠ ᠲᠦᠪᠰᠢᠨ ᠢᠶᠠᠨ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠵᠦ ᠥᠭᠴᠡᠢ᠃      ᠬᠥᠮᠥᠰ ᠭᠡᠷ ᠬᠤᠲᠠᠯᠠᠭᠠᠷ ᠢᠶᠠᠨ ᠴᠤᠭᠯᠠᠷᠠᠵᠤ ᠠᠮᠠᠷᠠᠯᠲᠠ ᠶᠢᠨ ᠡᠳᠦᠷ ᠤᠨ ᠰᠠᠶᠢᠨ ᠰᠠᠶᠢᠬᠠᠨ ᠴᠠᠭ ᠮᠥᠴᠡ ᠶᠢ ᠥᠩᠭᠡᠷᠡᠭᠦᠯᠵᠦ ᠪᠠᠶᠢᠬᠤ ᠳᠤ ᠪᠢᠳᠡ ᠮᠥᠨ ᠯᠡ ᠡᠮᠦᠨ᠎ᠡ ᠹᠷᠣᠨᠲ ᠲᠤ ᠠᠵᠢᠯᠯᠠᠵᠤ᠂ ᠪᠠᠶᠠᠷ ᠤᠨ ᠡᠳᠦᠷ ᠤᠨ ᠬᠡᠷᠡᠭᠯᠡᠭᠡ ᠲᠥᠪᠯᠡᠷᠡᠭᠰᠡᠨ ᠬᠤᠳᠠᠯᠳᠤᠭᠠᠨ ᠤ ᠭᠠᠵᠠᠷ ᠤᠨ ᠬᠠᠮ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠤᠭᠤᠯᠠᠨ ᠭᠡᠷ᠂ ᠡᠮ ᠤᠨ ᠳᠡᠯᠭᠡᠭᠦᠷ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠢ ᠪᠦᠭᠦ ᠲᠠᠯ᠎ᠠ ᠪᠠᠷ ᠰᠠᠬᠢᠨ ᠬᠠᠮᠠᠭᠠᠯᠠᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠪᠠ᠃ ᠪᠠᠶᠠᠷ ᠤᠨ ᠡᠳᠦᠷ ᠥᠪᠡᠷ ᠤᠨ ᠠᠵᠢᠯ ᠤᠨ ᠪᠠᠶᠢᠷᠢ ᠪᠠᠨ ᠰᠠᠬᠢᠵᠤ᠂ ᠥᠪᠡᠷ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠨᠢ ᠨᠠᠳᠠ ᠳᠤ ᠠᠪᠴᠤ ᠬᠡᠯᠡᠪᠡᠯ ᠲᠤᠩ ᠤᠳᠬ᠎ᠠ ᠠᠭᠤᠯᠭ᠎ᠠ ᠲᠠᠢ ᠶᠠᠪᠤᠳᠠᠯ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号