ᠤᠯᠤᠰ ᠤᠨ ᠪᠠᠶᠠᠷ ᠤᠨ ᠬᠤᠭᠤᠴᠠᠭᠠᠨ ᠳᠤ ᠦᠴᠦᠸᠠᠨ ᠰᠢᠶᠠᠨ ᠤ ᠵᠢᠭᠤᠯᠴᠢᠯᠠᠯ ᠬᠥᠮᠦᠰ ᠤᠨ ᠬᠦᠷᠢᠶᠡᠯᠡᠯ ᠢ ᠣᠯᠪᠠ
ᠨᠡᠶᠢᠲᠡᠯᠡᠭᠰᠡᠨ ᠴᠠᠭ᠄
2024/10/9
     2024 ᠣᠨ ᠤ ᠤᠯᠤᠰ ᠤᠨ ᠪᠠᠶᠠᠷ ᠤᠨ ᠬᠤᠭᠤᠴᠠᠭᠠᠨ ᠳᠤ᠂ ᠦᠴᠦᠸᠠᠨ ᠰᠢᠶᠠᠨ ᠵᠢᠭᠤᠯᠴᠢᠯᠠᠯ ᠤᠨ ᠬᠠᠯᠠᠭᠤᠨ ᠥᠷᠨᠢᠯᠲᠡ ᠶᠢ ᠤᠭᠲᠤᠨ ᠠᠪᠴᠢᠷᠠᠵᠤ᠂ ᠵᠢᠭᠤᠯᠴᠢᠯᠠᠯ ᠤᠨ ᠬᠥᠮᠥᠨ ᠤ ᠲᠤᠭ᠎ᠠ ᠶᠡᠭᠡ ᠪᠠᠷ ᠨᠡᠮᠡᠭᠳᠡᠨ᠂ ᠡᠯ᠎ᠡ ᠵᠢᠭᠤᠯᠴᠢᠯᠠᠯ ᠤᠨ ᠴᠡᠭ ᠬᠥᠮᠦᠰ ᠤᠨ ᠬᠦᠷᠢᠶᠡᠯᠡᠯ ᠢ ᠣᠯᠪᠠ᠃      ᠦᠴᠦᠸᠠᠨ ᠰᠢᠶᠠᠨ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠣᠯᠣᠨ ᠡᠯᠪᠡᠭ ᠪᠠᠶᠠᠯᠢᠭ ᠲᠡᠦᠬᠡ ᠰᠣᠶᠣᠯ ᠤᠨ ᠠᠭᠤᠯᠠᠭ᠎ᠠ ᠪᠠᠷ ᠢᠶᠠᠨ ᠮᠠᠰᠢ ᠣᠯᠠᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠵᠠᠢ᠃      ᠬᠠᠳᠠᠲᠤ ᠬᠠᠭᠠᠯᠭ᠎ᠠ ᠥᠨᠳᠥᠷ ᠠᠭᠤᠯᠠ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤᠯᠤᠰ ᠤᠨ ᠪᠠᠶᠠᠷ ᠤᠨ ᠬᠤᠭᠤᠴᠠᠭᠠᠨ ᠳᠤ ᠣᠨᠴᠠᠭᠠᠢ ᠬᠥᠭᠵᠢᠶᠡᠨ ᠲᠠᠢ᠃ ᠣᠢ ᠮᠣᠳᠣ ᠶᠢᠨ ᠥᠩᠭᠡ ᠪᠣᠳᠤᠭ ᠨᠢ ᠤᠷᠠᠨ ᠵᠢᠷᠤᠭ ᠮᠡᠲᠦ ᠪᠠᠶᠢᠵᠤ᠂ ᠣᠯᠠᠨ ᠵᠢᠭᠤᠯᠴᠢᠳ ᠢ ᠲᠡᠳᠡᠨ ᠠᠪᠴᠢᠷᠠᠪᠠ᠃ ᠬᠥᠮᠥᠰ ᠮᠣᠷᠤᠯᠵᠠᠨ ᠵᠠᠯᠭᠠᠯᠳᠤᠭᠰᠠᠨ ᠵᠥᠷᠢᠭ ᠵᠠᠮ ᠢᠶᠠᠷ ᠠᠯᠬᠤᠯᠠᠨ᠂ ᠰᠢᠨ᠎ᠡ ᠰᠣᠷᠭᠤᠭ ᠠᠭᠠᠷ ᠢᠶᠠᠨ ᠠᠮᠢᠰᠬᠤᠯᠠᠵᠤ᠂ ᠪᠠᠢᠭᠠᠯᠢ ᠶᠢᠨ ᠰᠠᠢᠬᠠᠨ ᠰᠠᠢᠬᠠᠨ ᠢ ᠮᠡᠳᠡᠷᠡᠵᠦ ᠪᠠᠢᠯ᠎ᠠ᠃ ᠰᠡᠭᠦᠳᠡᠷ ᠲᠠᠲᠠᠬᠤ ᠰᠡᠯᠡᠭᠦᠦ ᠠᠯᠬᠤᠭ᠎ᠠ ᠳᠤ ᠭᠡᠰᠡᠨ ᠦᠭᠡᠢ᠂ ᠬᠠᠳᠠᠲᠤ ᠬᠠᠭᠠᠯᠭ᠎ᠠ ᠴᠥᠮ ᠵᠢᠭᠤᠯᠴᠢᠯᠠᠭᠴᠢᠳ ᠲᠤ ᠦᠢᠮᠡᠭᠡᠨ ᠠᠴᠠ ᠬᠤᠯᠠ ᠵᠠᠶᠢᠳᠠᠩ᠂ ᠪᠠᠶᠢᠭᠠᠯᠢ ᠲᠠᠢ ᠣᠶᠢᠷᠠᠲᠤᠭᠰᠠᠨ ᠬᠠᠮᠤᠭ ᠤᠨ ᠰᠠᠶᠢᠨ ᠭᠠᠵᠠᠷ ᠢ ᠬᠠᠩᠭᠠᠭᠰᠠᠨ ᠪᠠᠶᠢᠨ᠎ᠠ᠃      ᠦᠴᠦᠸᠠᠨ ᠮᠦᠽᠧᠢ ᠪᠠᠰᠠ ᠶᠡᠭᠡ ᠬᠡᠮᠵᠢᠶᠡᠨ ᠤ ᠲᠣᠭᠤᠷᠢᠨ ᠦᠵᠡᠭᠴᠢᠳ ᠢ ᠤᠭᠲᠤᠵᠠᠢ᠃ ᠠᠳᠡ ᠵᠤᠭᠠᠴᠠᠭᠰᠠᠳ ᠦᠴᠦᠸᠠᠨ ᠤ ᠥᠨᠢ ᠤᠳᠠᠭᠠᠨ ᠲᠡᠦᠬᠡ ᠪᠣᠯᠣᠨ ᠰᠣᠶᠣᠯ ᠢ ᠭᠦᠨᠵᠡᠭᠡᠢ ᠣᠶᠢᠯᠠᠭᠠᠵᠤ ᠪᠣᠯᠣᠨ᠎ᠠ᠃ ᠬᠤᠪᠣᠷ ᠨᠠᠨᠳᠢᠨ ᠲᠡᠦᠬᠡᠨ ᠳᠤᠷᠠᠰᠬᠠᠯᠲᠤ ᠵᠦᠢᠯᠡᠰ᠂ ᠠᠮᠢᠳᠤᠯᠢᠭ ᠰᠠᠶᠢᠬᠠᠨ ᠲᠡᠦᠬᠡ ᠶᠢᠨ ᠵᠢᠷᠤᠭ ᠤᠳ ᠨᠢ ᠦᠴᠦᠸᠠᠨ ᠤ ᠥᠩᠭᠡᠷᠡᠭᠰᠡᠨ ᠪᠠ ᠣᠳᠣᠬᠢ ᠪᠠᠶᠢᠳᠠᠯ ᠢ ᠶᠠᠷᠢᠵᠤ ᠪᠠᠶᠢᠬᠤ ᠰᠢᠭ᠃ ᠵᠤᠭᠠᠴᠠᠭᠰᠠᠳ ᠮᠦᠽᠧᠢ ᠳᠤ ᠰᠦᠯᠵᠢᠯᠳᠦᠵᠦ᠂ ᠲᠡᠦᠬᠡ ᠶᠢᠨ ᠤᠷᠲᠤ ᠮᠥᠷᠡᠨ ᠳᠤ ᠰᠣᠭᠲᠣᠭᠤᠷᠠᠵᠤ᠂ ᠡᠨᠡ ᠬᠤᠲᠠ ᠶᠢᠨ ᠭᠦᠨ ᠵᠤᠵᠠᠭᠠᠨ ᠠᠭᠤᠯᠬᠤᠨ ᠢ ᠮᠡᠳᠡᠷᠡᠵᠦ ᠪᠠᠶᠢᠯ᠎ᠠ᠃      ᠭᠤᠴᠣ ᠰᠠᠶᠢᠬᠠᠨ ᠪᠣᠳᠠᠲᠤ ᠦᠵᠡᠭᠳᠡᠯᠲᠦ ᠲᠣᠭᠯᠠᠯᠲᠠ ︽ᠦᠴᠦᠸᠠᠨ ᠤ ᠬᠦᠰᠡᠯ ᠤᠨ ᠵᠤᠨ︾ ᠨᠢ ᠦᠴᠦᠸᠠᠨ ᠤ ᠵᠢᠭᠤᠯᠴᠢᠯᠠᠯ ᠳᠤ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ ᠡᠨᠡ ᠤᠳᠠᠭᠠᠨ ᠤ ᠲᠣᠭᠯᠠᠯᠲᠠ ᠨᠢ ᠦᠴᠦᠸᠠᠨ ᠤ ᠲᠡᠦᠬᠡ ᠶᠢᠨ ᠦᠯᠢᠭᠡᠷ ᠢᠶᠠᠷ ᠭᠤᠣᠯ ᠰᠡᠳᠦᠪ ᠪᠣᠯᠭᠠᠵᠤ᠂ ᠭᠤᠶᠢᠳᠠ ᠰᠠᠶᠢᠬᠠᠨ ᠲᠠᠶᠢᠰᠠᠨ ᠤ ᠦᠷ᠎ᠡ ᠪᠦᠲᠦᠮᠵᠢ᠂ ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠨ᠂ ᠦᠵᠡᠭᠴᠢᠳ ᠢ ᠰᠦᠷ ᠳᠠᠯᠠᠶᠢᠴᠠᠲᠠᠢ ᠴᠠᠭ ᠦᠶ᠎ᠡ ᠳᠤ ᠠᠪᠠᠴᠢᠵᠠᠢ᠃ ᠲᠣᠭᠯᠠᠭᠴᠢ ᠶᠢᠨ ᠭᠤᠶᠢᠳᠠ ᠰᠠᠶᠢᠬᠠᠨ ᠲᠣᠭᠯᠠᠯᠲᠠ ᠨᠢ ᠵᠤᠭᠠᠴᠠᠭᠰᠠᠳ ᠢ ᠦᠴᠦᠸᠠᠨ ᠤ ᠲᠡᠦᠬᠡ ᠶᠢᠨ ᠷᠢᠳᠢ ᠰᠢᠳᠢ ᠪᠣᠯᠣᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠮᠡᠳᠡᠷᠡᠭᠦᠯᠵᠡᠢ᠃      ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠬᠤᠪᠢᠰᠬᠠᠯ ᠤᠨ ᠵᠤᠭᠠᠴᠠᠯ ᠤᠨ ᠣᠷᠣᠨ ᠴᠤ ᠴᠥᠭᠡᠨ ᠪᠤᠰᠤ ᠵᠤᠭᠠᠴᠠᠭᠰᠠᠳ ᠢ ᠲᠠᠲᠠᠪᠠ᠃ ᠬᠤᠪᠢᠰᠬᠠᠯ ᠤᠨ ᠦᠯᠢᠭᠡᠷ᠂ ᠬᠤᠪᠢᠰᠬᠠᠯ ᠤᠨ ᠰᠢᠯᠦᠭ ᠳᠠᠭᠤᠯᠠᠯ ᠤᠨ ᠤᠷᠠᠨ ᠤᠩᠰᠢᠯᠭ᠎ᠠ᠂ ᠮᠢᠩᠭᠠᠨ ᠬᠥᠮᠥᠨ ᠤ ᠤᠷᠲᠤ ᠡᠪᠬᠡᠮᠡᠯ ᠤᠷᠠᠨ ᠪᠢᠴᠢᠯᠭᠡ ᠤᠷᠠᠨ ᠵᠢᠷᠤᠭ ᠵᠡᠷᠭᠡ ᠡᠯ᠎ᠡ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠬᠥᠮᠥᠰ ᠢ ᠲᠡᠷᠡ ᠬᠦ ᠰᠦᠷ ᠳᠠᠯᠠᠶᠢᠴᠠᠲᠠᠢ ᠲᠡᠦᠬᠡ ᠶᠢ ᠲᠠᠬᠢᠨ ᠰᠠᠨᠠᠭᠠᠯᠵᠠᠭᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃      ᠤᠯᠤᠰ ᠤᠨ ᠪᠠᠶᠠᠷ ᠤᠨ ᠵᠢᠭᠤᠯᠴᠢᠯᠠᠯ ᠤᠨ ᠣᠷᠭᠢᠯ ᠢ ᠤᠭᠲᠤᠬᠤ ᠶᠢᠨ ᠲᠥᠯᠥᠭᠡ᠂ ᠦᠴᠦᠸᠠᠨ ᠰᠢᠶᠠᠨ ᠤ ᠡᠯ᠎ᠡ ᠰᠠᠯᠠᠭ᠎ᠠ ᠮᠥᠴᠢᠷ ᠤᠷᠢᠳᠴᠢᠯᠠᠨ ᠭᠦᠢᠴᠡᠳ ᠪᠡᠯᠡᠳᠬᠡᠯ ᠬᠢᠭᠰᠡᠨ ᠪᠠᠶᠢᠨ᠎ᠠ᠃ ᠵᠤᠭᠠᠴᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠤᠭᠠᠴᠠᠭᠰᠠᠳ ᠤᠨ ᠠᠮᠤᠷ ᠲᠦᠪᠰᠢᠨ ᠪᠠ ᠵᠤᠭᠠᠴᠠᠯ ᠤᠨ ᠥᠩᠭᠡᠷᠡᠯᠲᠡ ᠶᠢ ᠪᠠᠲᠤᠯᠠᠵᠤ᠂ ᠵᠤᠭᠠᠴᠠᠭᠰᠠᠳ ᠢ ᠦᠴᠦᠸᠠᠨ ᠳᠤ ᠪᠠᠶᠠᠷ ᠪᠠᠶᠠᠰᠬᠤᠯᠠᠩ ᠲᠠᠢ᠂ ᠮᠠᠷᠲᠠᠭᠳᠠᠰᠢ ᠦᠭᠡᠢ ᠠᠮᠠᠷᠠᠯᠲᠠ ᠶᠢ ᠥᠩᠭᠡᠷᠡᠭᠦᠯᠪᠡ᠃      ᠪᠦᠷᠢᠳᠬᠡᠯ ᠢ ᠦᠨᠳᠦᠰᠦᠯᠡᠪᠡᠯ᠂ ᠤᠯᠤᠰ ᠤᠨ ᠪᠠᠶᠠᠷ ᠤᠨ ᠬᠤᠭᠤᠴᠠᠭᠠᠨ ᠳᠤ ᠦᠴᠦᠸᠠᠨ ᠰᠢᠶᠠᠨ ᠤ ᠵᠢᠭᠤᠯᠴᠢᠯᠠᠯ ᠤᠨ ᠬᠥᠮᠥᠨ ᠤ ᠲᠤᠭ᠎ᠠ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠂ ᠡᠭᠦᠨ ᠳᠤ ᠬᠠᠳᠠᠲᠤ ᠬᠠᠭᠠᠯᠭ᠎ᠠ ᠥᠨᠳᠥᠷ ᠠᠭᠤᠯᠠ ᠲᠠᠯ᠎ᠠ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠡᠳᠦᠷ ᠪᠦᠷᠢ ᠶᠢᠨ ᠵᠤᠭᠠᠴᠠᠭᠰᠠᠳ ᠤᠨ ᠬᠡᠮᠵᠢᠶ᠎ᠡ 1 ᠲᠦᠮᠡ ᠠᠴᠠ ᠳᠡᠭᠡᠭᠰᠢ ᠪᠣᠯᠵᠠᠢ᠃ ᠦᠴᠦᠸᠠᠨ ᠰᠢᠶᠠᠨ ᠲᠤᠰ ᠤᠳᠠᠭᠠᠨ ᠤ ᠤᠯᠤᠰ ᠤᠨ ᠪᠠᠶᠠᠷ ᠤᠨ ᠵᠤᠭᠠᠴᠠᠯ ᠤᠨ ᠬᠠᠯᠠᠭᠤᠨ ᠥᠷᠨᠢᠯᠲᠡ ᠪᠠᠷ ᠠᠵᠠ ᠲᠣᠬᠢᠶᠠᠯ ᠪᠣᠯᠭᠠᠵᠤ᠂ ᠦᠴᠦᠸᠠᠨ ᠤ ᠵᠤᠭᠠᠴᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠵᠤ᠂ ᠨᠡᠩ ᠤᠯᠠᠨ ᠣᠨᠴᠠᠯᠢᠭ ᠲᠠᠢ ᠵᠤᠭᠠᠴᠠᠯ ᠤᠨ ᠦᠢᠯᠡᠳᠬᠦᠨ ᠢ ᠡᠭᠦᠳᠴᠦ᠂ ᠦᠴᠦᠸᠠᠨ ᠤ ᠵᠤᠭᠠᠴᠠᠯ ᠤᠨ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠵᠤᠭᠠᠴᠠᠭᠰᠠᠳ ᠲᠤ ᠨᠡᠩ ᠰᠢᠯᠢᠳᠡᠭ ᠵᠤᠭᠠᠴᠠᠯ ᠤᠨ ᠦᠢᠯᠡᠴᠢᠯᠡᠭᠡ ᠬᠠᠩᠭᠠᠬᠤ ᠪᠣᠯᠣᠨ᠎ᠠ᠃  ︵ᠰᠤᠷᠪᠤᠯᠵᠢᠯᠠᠭᠴᠢ ᠶᠠᠩ ᠯᠢ ᠹᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号