︵2024 ᠣᠨ ᠤ 9 ᠰᠠᠷ᠎ᠠ ᠶᠢᠨ 15 ᠤ ᠡᠳᠦᠷ︶ | | | | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠠᠷᠠᠳ ᠤᠯᠠᠨ ᠤ | ᠦᠨᠳᠦᠰᠦᠨ ᠠᠰᠢᠭ ᠲᠤᠰᠠ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠲᠠᠢ | ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠨ᠎ᠠ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠭᠦᠢᠴᠡᠳ | ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ᠂ | ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ | ᠠᠬᠢᠭᠤᠯᠬᠤ ᠪᠠ ᠦᠢᠯᠡᠰ ᠪᠣᠰᠬᠠᠬᠤ ᠶᠢ ᠵᠣᠷᠢᠭᠵᠢᠭᠤᠯᠬᠤ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠰᠠᠭᠤᠷᠢ ᠪᠣᠯᠭᠠᠨ᠂ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠤᠳᠤᠷᠢᠳᠤᠮᠵᠢ ᠪᠣᠯᠭᠠᠨ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠬᠤ ᠪᠠᠷ ᠭᠠᠷᠳᠠᠴᠠ ᠪᠣᠯᠭᠠᠨ᠂ ᠪᠦᠲᠦᠴᠡ ᠶᠢᠨ | ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠪᠠᠷ ᠬᠦᠴᠦᠯᠡᠬᠦ ᠴᠡᠭ ᠪᠣᠯᠭᠠᠨ᠂ ᠠᠵᠢᠯ | ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠭᠴᠢ ᠬᠦᠴᠦᠨ | ᠪᠣᠯᠭᠠᠨ᠂ ᠬᠡᠪᠴᠢᠶᠡᠵᠢᠯ ᠤᠨ ᠴᠢᠨᠠᠷᠲᠠᠢ ᠠᠵᠢᠯ ᠠᠯᠳᠠᠬᠤ ᠲᠦᠭᠰᠢᠭᠦᠷᠢ ᠦᠯᠦ ᠡᠭᠦᠰᠬᠦ ᠪᠠᠷ ᠬᠤᠷᠢᠭ᠎ᠠ ᠱᠤᠭᠤᠮ | ᠪᠤᠯᠭᠠᠵᠤ᠂ ᠠᠵᠢᠯ ᠣᠯᠭᠤᠯᠲᠠ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ | ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠬᠥᠳᠡᠯᠮᠦᠷᠢᠴᠢᠳ ᠤᠨ ᠲᠣᠭᠲᠠᠭᠤᠨ ᠠᠵᠢᠯ ᠣᠯᠬᠤ᠂ ᠣᠷᠣᠯᠭ᠎ᠠ | ᠵᠦᠢ ᠵᠣᠬᠢᠰᠲᠠᠢ᠂ ᠪᠠᠲᠤᠯᠠᠭ᠎ᠠ ᠲᠠᠢ ᠨᠠᠶᠢᠳᠠᠪᠤᠷᠢᠲᠠᠢ᠂ ᠠᠵᠢᠯ ᠮᠡᠷᠭᠡᠵᠢᠯ ᠤᠨ ᠠᠮᠤᠷ ᠲᠦᠪᠰᠢᠨ ᠵᠡᠷᠭᠡ ᠶᠢ | ᠪᠡᠶᠡᠯᠡᠭᠦᠯᠬᠦ ᠶᠢ ᠠᠬᠢᠭᠤᠯᠵᠤ᠂ ᠥᠷᠭᠡᠨ ᠣᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ | ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠴᠢᠷᠮᠠᠶᠢᠯᠭ᠎ᠠ ᠪᠠᠷ ᠳᠡᠮᠵᠢᠨ᠂ ᠠᠵᠢᠯ ᠣᠯᠭᠤᠬᠤ ᠲᠣᠭᠢᠶᠠᠯ ᠭᠦᠢᠴᠡᠳ᠂ ᠠᠵᠢᠯ ᠣᠯᠭᠤᠬᠤ ᠣᠷᠴᠢᠨ ᠲᠣᠭᠤᠷᠢᠨ | ᠡᠷᠬᠡ ᠲᠡᠭᠰᠢ᠂ ᠠᠵᠢᠯ ᠣᠯᠭᠤᠬᠤ ᠪᠦᠲᠦᠴᠡ ᠰᠢᠯᠢᠳᠡᠭᠵᠢᠭᠰᠡᠨ᠂ ᠬᠥᠮᠥᠨ ᠪᠠ ᠠᠵᠢᠯ ᠤᠨ ᠪᠠᠶᠢᠷᠢ ᠲᠣᠬᠢᠷᠠᠯᠴᠠᠭᠰᠠᠨ | ᠨᠢ ᠥᠨᠳᠥᠷ ᠦᠷ᠎ᠡ ᠪᠦᠲᠦᠮᠵᠢᠲᠡᠶ᠂ ᠭᠦᠳᠡᠯᠮᠦᠷᠢ ᠶᠢᠨ ᠬᠠᠷᠢᠴᠠᠭ᠎ᠠ ᠡᠶ᠎ᠡ ᠵᠣᠬᠢᠴᠠᠩᠭᠤᠢ ᠪᠠᠶᠢᠳᠠᠯ ᠠᠯᠬᠤᠮ | ᠠᠯᠬᠤᠮ ᠢᠶᠠᠷ ᠪᠦᠷᠢᠯᠳᠦᠵᠦ᠂ ᠰᠢᠰᠲ᠋ᠧᠮᠵᠢᠭᠦᠯᠦᠨ ᠬᠤᠷᠠᠭᠤᠯᠬᠤ᠂ ᠵᠣᠬᠢᠴᠠᠯᠳᠤᠨ ᠬᠠᠮᠲᠤᠷᠠᠨ ᠬᠥᠳᠡᠯᠦᠯᠴᠡᠬᠦ᠂ | ᠳ᠋ᠠᠶᠢᠲ᠋ᠠ ᠪᠠᠷ ᠡᠨᠧᠷᠭᠢ ᠣᠯᠭᠤᠬᠤ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ᠂ ᠬᠠᠤᠯᠢ ᠪᠠᠷ ᠵᠠᠰᠠᠬᠤ ᠪᠠᠲᠤᠯᠠᠭ᠎ᠠ ᠲᠠᠢ | ᠠᠵᠢᠯ ᠣᠯᠭᠤᠬᠤ ᠠᠵᠢᠯ ᠤᠨ ᠰᠢᠰᠲ᠋ᠧᠮ ᠢ ᠨᠠᠩ ᠪᠦᠷᠢᠨ ᠲᠡᠭᠦᠯᠳᠡᠷ ᠪᠣᠯᠭᠠᠨ᠎ᠠ᠃ ᠬᠤᠲᠠ ᠪᠠᠯᠭᠠᠰᠤ ᠶᠢᠨ ᠠᠵᠢᠯ | ᠣᠯᠭᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠵᠢᠯ ᠠᠯᠳᠠᠬᠤ ᠬᠡᠮᠵᠢᠶ᠎ᠡ ᠶᠢ ᠪᠦᠲᠦᠮᠵᠢᠲᠡᠶ ᠬᠢᠵᠠᠭᠠᠷᠯᠠᠨ᠂ | ᠭᠦᠳᠡᠯᠮᠦᠷᠢ ᠳᠤ ᠣᠷᠤᠯᠴᠠᠬᠤ ᠨᠣᠷᠮ᠎ᠠ ᠶᠢ ᠦᠨᠳᠦᠰᠦᠨ ᠳᠤᠨᠢ ᠲᠣᠭᠲᠠᠭᠤᠨ ᠪᠠᠶᠢᠯᠭᠠᠵᠤ᠂ ᠣᠳᠣᠬᠢᠴᠢᠯᠠᠭᠰᠠᠨ | ᠬᠥᠮᠥᠨ ᠤ ᠬᠦᠴᠦᠨ ᠤ ᠡᠬᠢ ᠪᠠᠶᠠᠯᠢᠭ ᠢ ᠲᠦᠷᠭᠡᠳᠬᠡᠨ ᠪᠤᠶ ᠪᠤᠯᠭᠠᠵᠤ᠂ ᠠᠵᠢᠯ ᠣᠯᠭᠤᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠦᠨ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ | ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ | ᠦᠭᠡᠢ ᠥᠷᠭᠡᠳᠬᠡᠨ᠂ ᠬᠥᠳᠡᠯᠮᠦᠷᠢᠯᠡᠭᠴᠢᠳ ᠤᠨ ᠠᠵᠢᠯ ᠣᠯᠬᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠬᠥᠮᠥᠨ | ᠪᠦᠭᠦᠨ ᠢ ᠴᠥᠮ ᠰᠢᠷᠭᠠᠭᠤ ᠬᠠᠲᠠᠭᠤᠵᠢᠯᠲᠠᠢ ᠪᠠᠷ ᠴᠢᠷᠮᠠᠶᠢᠬᠤ ᠪᠠᠷ ᠳᠠᠮᠵᠢᠭᠤᠯᠤᠨ ᠲᠤᠰ ᠪᠡᠶ᠎ᠡ ᠶᠢᠨ ᠬᠥᠭᠵᠢᠯᠲᠡ | ᠪᠠᠨ ᠪᠡᠶᠡᠯᠡᠭᠦᠯᠬᠦ ᠲᠣᠭᠢᠶᠠᠯ ᠲᠠᠢ ᠪᠣᠯᠭᠠᠨ᠎ᠠ᠃ | ᠬᠤᠶᠠᠷ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠠᠵᠢᠯ ᠣᠯᠭᠤᠯᠲᠠ ᠶᠢ ᠠᠬᠢᠭᠤᠯᠬᠤ ᠶᠢᠨ | ᠵᠣᠬᠢᠴᠠᠩᠭᠤᠢ ᠬᠠᠮᠲᠤᠷᠠᠨ ᠬᠥᠳᠡᠯᠦᠯᠴᠡᠬᠦ ᠶᠢ ᠠᠬᠢᠭᠤᠯᠤᠨ᠎ᠠ | ︵ᠨᠢᠭᠡ︶ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠤᠳᠤᠷᠢᠳᠤᠮᠵᠢ ᠶᠢ ᠴᠢᠩᠭᠠᠳᠬᠠᠨ᠎ᠠ᠃ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠡᠷᠢᠭᠦᠨ ᠬᠠᠷᠠᠯᠲᠠ ᠪᠤᠯᠭᠠᠵᠤ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠡᠳ᠋ ᠤᠨ ᠵᠠᠰᠠᠭ᠂ ᠵᠣᠭᠤᠰ᠂ ᠠᠵᠤ ᠦᠢᠯᠡᠰ᠂ ᠦᠨ᠎ᠡ ᠬᠠᠩᠰᠢ᠂ | ᠠᠵᠢᠯ ᠣᠯᠭᠤᠯᠲᠠ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠠᠬᠢᠭᠤᠯᠵᠤ᠂ | ᠬᠥᠭᠵᠢᠯᠲᠡ ᠪᠠᠷ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ | ᠨᠥᠯᠥᠭᠡ ᠶᠢ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠲᠣᠭᠲᠠᠭᠠᠬᠤ᠂ | ᠴᠢᠬᠤᠯᠠ ᠶᠡᠭᠡ ᠲᠦᠷᠦᠯ ᠵᠦᠢᠯ ᠢ ᠲᠣᠭᠲᠠᠭᠠᠬᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠳᠤ ᠠᠵᠢᠯ ᠤᠨ ᠪᠠᠶᠢᠷᠢ ᠡᠭᠦᠳᠬᠦ᠂ ᠠᠵᠢᠯ ᠠᠯᠳᠠᠯᠲᠠ ᠶᠢᠨ ᠠᠶᠤᠯ ᠲᠦᠭᠰᠢᠭᠦᠷᠢ ᠶᠢ ᠦᠨᠡᠯᠡᠬᠦ ᠶᠢ | ᠵᠡᠷᠭᠡ ᠪᠠᠷ ᠥᠷᠨᠢᠭᠦᠯᠵᠦ᠂ ᠠᠵᠢᠯ ᠣᠯᠭᠤᠯᠲᠠ ᠳᠤ ᠨᠥᠭᠦᠷᠰᠡᠭ ᠬᠥᠭᠵᠢᠯᠲᠡ ᠶᠢᠨ ᠭᠡᠯᠪᠡᠷᠢ ᠶᠢ ᠪᠠᠶᠢᠭᠤᠯᠤᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠠᠵᠢᠯ ᠣᠯᠭᠤᠯᠲᠠ ᠳᠤ ᠬᠠᠮᠵᠢᠯᠴᠠᠬᠤ | ᠴᠢᠨᠠᠷ ᠢ ᠴᠢᠩᠭᠠᠳᠬᠠᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ | ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠲᠦᠷᠭᠡᠳᠬᠡᠨ | ᠬᠥᠭᠵᠢᠭᠦᠯᠵᠦ᠂ ᠨᠡᠩ ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠦᠨ᠎ᠡ᠃ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠤᠯᠠᠨ ᠶᠠᠩᠵᠤᠴᠢᠯᠠᠭᠰᠠᠨ ᠬᠥᠭᠵᠢᠯᠲᠡ ᠶᠢ ᠲᠦᠷᠭᠡᠳᠬᠡᠨ᠂ | ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠳᠤ ᠦᠶ᠎ᠡ ᠶᠢᠨ | ᠲᠠᠷᠢᠶᠠᠯᠠᠩ ᠢ ᠬᠥᠭᠵᠢᠭᠦᠯᠦᠨ᠂ ᠲᠠᠷᠢᠶᠠᠯᠠᠩ ᠤᠨ ᠭᠦᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ | ᠲᠠᠷᠢᠶᠠᠯᠠᠩ ᠤᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠴᠢᠩᠭᠠᠳᠬᠠᠨ᠎ᠠ᠃ | ︵ᠭᠤᠷᠪᠠ︶ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠠᠵᠢᠯ ᠣᠯᠭᠤᠯᠲᠠ ᠶᠢ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠤᠨ | ᠳᠡᠮᠵᠢᠯᠭᠡ᠂ ᠭᠠᠶᠢᠯᠢ ᠶᠢᠨ ᠬᠠᠷᠠᠭᠠᠯᠵᠠᠯ᠂ ᠮᠥᠩᠭᠦᠨ ᠭᠦᠢᠯᠭᠡᠭᠡᠨ ᠤ ᠳᠡᠮᠵᠢᠯᠭᠡ᠂ ᠨᠡᠶᠢᠭᠡᠮ ᠤᠨ ᠪᠠᠲᠤᠯᠠᠭ᠎ᠠ ᠵᠡᠷᠭᠡ | ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠡᠯ᠎ᠡ ᠲᠥᠷᠥᠯ ᠤᠨ ᠪᠡᠶᠡᠴᠢ ᠴᠣᠭᠴᠠ ᠶᠢ ᠬᠥᠲᠥᠯᠥᠨ | ᠵᠢᠯᠤᠭᠤᠳᠴᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠨᠡᠶᠢᠭᠡᠮ ᠤᠨ | ᠬᠠᠷᠢᠭᠤᠴᠠᠯᠭ᠎ᠠ ᠶᠢ ᠨᠠᠩ ᠰᠠᠶᠢᠲᠤᠷ ᠭᠦᠢᠴᠡᠳᠬᠡᠨ᠎ᠡ᠃ ᠠᠵᠢᠯ ᠣᠯᠭᠤᠯᠲᠠ ᠶᠢ ᠰᠢᠩᠭᠡᠬᠡᠨ ᠠᠪᠬᠤ ᠴᠢᠳᠠᠪᠤᠷᠢ ᠪᠠᠷ | ᠴᠢᠩᠭ᠎ᠠ ᠠᠵᠤ ᠦᠢᠯᠡᠰ ᠪᠣᠯᠣᠨ ᠠᠵᠤ ᠠᠬᠤᠶᠢᠯᠠᠯ ᠢ ᠳᠡᠮᠵᠢᠨ ᠬᠥᠭᠵᠢᠭᠦᠯᠵᠦ᠂ ᠠᠵᠢᠯ ᠣᠯᠭᠤᠯᠲᠠ ᠶᠢᠨ ᠵᠢᠱᠢᠶ᠎ᠡ | ᠦᠵᠡᠭᠦᠯᠭᠦ ᠦᠷ᠎ᠡ ᠪᠦᠲᠦᠮᠵᠢ ᠪᠠᠷ ᠰᠠᠶᠢᠨ ᠡᠵᠡᠩᠨᠡᠯᠲᠡ ᠶᠢᠨ ᠪᠡᠶᠡᠴᠢ ᠴᠣᠭᠴᠠ ᠳᠤ ᠠᠳᠠᠯᠢ ᠨᠥᠬᠦᠴᠡᠯ ᠤᠨ ᠳᠣᠣᠷ᠎ᠠ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠯᠡᠭᠡ ᠶᠢ ᠤᠷᠢᠳ ᠢᠶᠠᠷ ᠵᠥᠪᠰᠢᠶᠡᠷᠡᠵᠦ᠂ | ᠠᠵᠢᠯᠴᠢᠨ ᠬᠡᠷᠡᠭᠯᠡᠬᠦ ᠶᠢ ᠳᠡᠮᠵᠢᠬᠦ ᠦᠢᠯᠡᠴᠢᠯᠡᠭᠡ ᠶᠢ ᠤᠷᠢᠳ ᠢᠶᠠᠷ ᠬᠠᠩᠭᠠᠨ᠎ᠠ᠃ | ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠪᠠᠷ ᠬᠥᠭᠵᠢᠬᠦ ᠶᠢᠨ ᠠᠵᠢᠯ ᠣᠯᠭᠤᠯᠲᠠ ᠶᠢᠨ ᠳᠠᠭᠠᠭᠠᠴᠠ ᠶᠢ | ᠳᠡᠭᠡᠭᠰᠢᠯᠡᠭᠦᠯᠦᠨ᠎ᠡ᠃ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠦᠢᠯᠡᠴᠢᠯᠡᠭᠡ ᠨᠢ | ᠠᠭᠤᠰᠤᠯᠴᠠᠨ ᠨᠡᠪᠲᠡᠷᠡᠭᠰᠡᠨ᠂ ᠲᠦᠷᠦ ᠶᠢᠨ ᠪᠣᠳᠣᠯᠭ᠎ᠠ ᠨᠢ ᠨᠡᠪᠲᠡᠷᠡᠯᠴᠡᠭᠰᠡᠨ᠂ ᠠᠷᠭ᠎ᠠ ᠵᠠᠮ ᠨᠢ ᠰᠠᠭᠠᠳ ᠦᠭᠡᠢ | ᠨᠡᠪᠲᠡᠷᠡᠭᠰᠡᠨ ᠨᠢᠭᠡ ᠪᠦᠯᠦᠭ ᠠᠵᠢᠯ ᠣᠯᠭᠤᠯᠲᠠ ᠶᠢᠨ ᠲᠥᠪᠯᠡᠷᠡᠯ ᠣᠷᠣᠨ ᠪᠠ ᠨᠡᠮᠡᠭᠳᠡᠯ ᠤᠨ ᠲᠤᠶᠢᠯ ᠢ | ᠲᠦᠷᠭᠡᠪᠴᠢᠯᠡᠨ ᠪᠤᠢ ᠪᠣᠯᠭᠠᠨ᠎ᠠ᠃ ᠪᠡᠯᠡ ᠮᠥᠩᠭᠦ᠂ ᠮᠡᠷᠭᠡᠵᠢᠯ᠂ ᠭᠦᠳᠡᠯᠮᠦᠷᠢ ᠬᠤᠷᠠᠭᠰᠠᠨ ᠭᠡᠯᠪᠡᠷᠢ ᠶᠢᠨ ᠠᠵᠤ | ᠦᠢᠯᠡᠰ ᠤᠨ ᠵᠡᠭᠦᠨ ᠬᠡᠰᠡᠭ ᠠᠴᠠ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠲᠡᠶᠢᠰᠢ᠂ ᠲᠥᠪ | ᠬᠤᠳᠠ ᠠᠴᠠ ᠳᠣᠲᠣᠷ ᠭᠠᠵᠠᠷ ᠲᠡᠶᠢᠰᠢ ᠡᠮᠬᠢ ᠵᠢᠷᠤᠮ ᠲᠠᠢ ᠪᠠᠷ ᠰᠢᠯᠵᠢᠭᠦ ᠶᠢ ᠬᠥᠲᠥᠯᠥᠨ ᠵᠢᠯᠤᠭᠤᠳᠴᠤ᠂ | ᠬᠤᠪᠢᠰᠬᠠᠯ ᠤᠨ ᠬᠠᠭᠤᠴᠢᠨ ᠰᠠᠭᠤᠷᠢᠨ᠂ ᠬᠢᠯᠢ ᠬᠢᠵᠠᠭᠠᠷ ᠣᠷᠣᠨ᠂ ᠡᠬᠢ ᠪᠠᠶᠠᠯᠢᠭ ᠰᠢᠪᠬᠠᠷᠤᠭᠰᠠᠨ ᠭᠠᠵᠠᠷ ᠣᠷᠣᠨ | ᠵᠡᠷᠭᠡ ᠳᠤ ᠲᠥᠷᠥ ᠶᠢᠨ ᠪᠣᠳᠣᠯᠭ᠎ᠠ ᠶᠢ ᠬᠡᠯᠪᠡᠶᠢᠯᠭᠡᠬᠦ ᠶᠢ ᠨᠡᠮᠡᠭᠳᠡᠭᠦᠯᠵᠦ᠂ ᠣᠷᠣᠨ ᠪᠦᠰᠡ ᠶᠢᠨ ᠬᠤᠭᠤᠷᠣᠨᠳᠣᠭᠢ | ᠠᠵᠢᠯ ᠣᠯᠭᠤᠯᠲᠠ ᠶᠢᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ | ︵ᠲᠠᠪᠤ︶ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠰᠢᠨ᠎ᠡ | ᠬᠥᠳᠡᠯᠭᠡᠬᠦ ᠬᠦᠴᠦᠨ ᠢ ᠪᠣᠶᠢᠵᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢᠨ ᠠᠵᠢᠯ ᠣᠯᠭᠤᠯᠲᠠ ᠶᠢᠨ ᠰᠢᠨ᠎ᠡ | ᠣᠷᠣᠨ ᠵᠠᠢ ᠶᠢ ᠥᠷᠭᠡᠳᠬᠡᠵᠦ᠂ ᠠᠵᠤ ᠦᠢᠯᠡᠰ ᠤᠨ ᠲᠣᠭᠠᠴᠢᠯᠠᠯᠲᠠ᠂ ᠲᠣᠭᠠᠴᠢᠯᠠᠭᠰᠠᠨ ᠠᠵᠤ ᠦᠢᠯᠡᠰᠵᠢᠯᠲᠡ ᠶᠢ | ᠶᠡᠭᠡ ᠪᠠᠷ ᠠᠬᠢᠭᠤᠯᠵᠤ᠂ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠲᠣᠭᠠᠴᠢᠯᠠᠭᠰᠠᠨ | ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤᠮᠳᠠᠬᠢ ᠠᠵᠢᠯ ᠤᠨ ᠪᠠᠶᠢᠷᠢ ᠶᠢᠨ ᠳᠠᠯᠳᠠ ᠬᠦᠴᠦᠨ ᠢ ᠠᠭᠤᠳᠠᠯᠬᠤ᠂ ᠠᠵᠢᠯ | ᠮᠡᠷᠭᠡᠵᠢᠯ ᠤᠨ ᠰᠣᠯᠢᠭᠳᠠᠯ ᠢ ᠰᠠᠶᠢᠲᠤᠷ ᠬᠢᠨ᠎ᠡ᠃ ᠪᠣᠬᠢᠷᠳᠤᠯ ᠦᠭᠡᠢ ᠠᠵᠢᠯ ᠣᠯᠭᠤᠯᠲᠠ ᠶᠢᠨ ᠰᠢᠨ᠎ᠡ ᠲᠣᠭᠢᠶᠠᠯ ᠢ | ᠨᠡᠮᠡᠭᠳᠡᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠣᠷᠴᠢᠨ ᠲᠣᠭᠤᠷᠢᠨ ᠢ ᠬᠠᠮᠠᠭᠠᠯᠠᠬᠤ᠂ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠠᠰᠢᠭᠯᠠᠬᠤ ᠵᠡᠷᠭᠡ ᠪᠣᠬᠢᠷᠳᠤᠯ ᠦᠭᠡᠢ ᠠᠵᠤ ᠦᠢᠯᠡᠰ ᠢ ᠢᠳᠡᠪᠬᠢᠲᠡᠢ | ᠬᠥᠭᠵᠢᠭᠦᠯᠵᠦ᠂ ᠪᠣᠬᠢᠷᠳᠤᠯ ᠦᠭᠡᠢ ᠬᠥᠭᠵᠢᠯᠲᠡ ᠪᠠ ᠠᠵᠢᠯ ᠣᠯᠭᠤᠯᠲᠠ ᠶᠢᠨ ᠨᠡᠮᠡᠭᠳᠡᠯ ᠤᠨ ᠬᠠᠮᠵᠢᠯᠴᠠᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠷᠡᠭᠦᠯᠵᠢᠯ ᠰᠤᠪᠢᠯᠠᠯᠲᠠ ᠶᠢᠨ ᠦᠢᠯᠡᠰ ᠲᠠᠬᠢ ᠠᠵᠢᠯ ᠣᠯᠭᠤᠯᠲᠠ ᠶᠢᠨ | ᠰᠢᠨ᠎ᠡ ᠬᠦᠷᠢᠶ᠎ᠡ ᠴᠠᠷᠠᠭ᠎ᠠ ᠶᠢ ᠨᠡᠭᠡᠭᠡᠵᠦ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠦᠨ᠂ ᠡᠷᠡᠭᠦᠯᠵᠢᠯ ᠬᠢᠭᠡᠳ | ᠨᠠᠰᠤᠵᠢᠯ ᠤᠨ ᠠᠰᠠᠷᠠᠮᠵᠢ᠂ ᠵᠢᠭᠤᠯᠴᠢᠯᠠᠯ᠂ ᠵᠤᠭ᠎ᠠ ᠰᠡᠯᠡᠭᠦᠴᠡᠯ᠂ ᠢᠳᠡᠭᠡᠨ ᠵᠡᠷᠭᠡ ᠠᠵᠤ ᠦᠢᠯᠡᠰ ᠤᠨ ᠭᠦᠨ | ᠠᠭᠤᠰᠤᠯᠴᠠᠯ ᠢ ᠠᠬᠢᠭᠤᠯᠵᠤ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠪᠤᠶ ᠪᠣᠯᠭᠠᠨ᠎ᠠ᠃ | ᠭᠤᠷᠪᠠ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠨ᠎ᠡ | ︵ᠵᠢᠷᠭᠤᠭ᠎ᠠ︶ ᠰᠤᠷᠭᠠᠨ ᠬᠥᠮᠦᠵᠢᠯ ᠤᠨ ᠬᠠᠩᠭᠠᠯᠭ᠎ᠠ ᠬᠢᠭᠡᠳ ᠴᠢᠳᠠᠪᠤᠷᠢᠲᠠᠨ ᠤ ᠬᠡᠷᠡᠭᠴᠡᠭᠡ ᠶᠢᠨ | ᠲᠣᠬᠢᠷᠠᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠳᠤ ᠵᠣᠬᠢᠴᠠᠭᠤᠯᠤᠨ᠂ ᠬᠥᠮᠥᠨ ᠤ ᠬᠦᠴᠦᠨ ᠤ | ᠡᠬᠢ ᠪᠠᠶᠠᠯᠢᠭ ᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠤᠷᠭᠠᠨ | ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠎ᠠ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠠᠶᠢᠭᠠᠯᠢ ᠠᠵᠤ | ᠦᠢᠯᠡᠳᠪᠦᠷᠢ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠲᠤᠰᠬᠠᠢ ᠮᠡᠷᠭᠡᠵᠢᠯ ᠤᠨ ᠰᠣᠷᠣᠬᠴᠢ ᠡᠯᠰᠡᠬᠦ | ᠬᠡᠪᠴᠢᠶ᠎ᠡ ᠶᠢ ᠥᠷᠭᠡᠳᠬᠡᠨ᠂ ᠨᠡᠶᠢᠭᠡᠮ ᠤᠨ ᠬᠡᠷᠡᠭᠴᠡᠭᠡ᠂ ᠠᠵᠤ ᠦᠢᠯᠡᠰ ᠤᠨ ᠬᠡᠷᠡᠭᠴᠡᠭᠡ᠂ ᠠᠵᠢᠯ ᠮᠡᠷᠭᠡᠵᠢᠯ ᠤᠨ | ᠨᠡᠭᠡᠭᠡᠨ ᠬᠥᠭᠵᠢᠭᠦᠯᠦᠯᠲᠡ ᠶᠢ ᠦᠨᠳᠦᠰᠦᠯᠡᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠠᠵᠢᠯ ᠣᠯᠭᠤᠯᠲᠠ ᠶᠢᠨ ᠪᠠᠶᠢᠳᠠᠯ ᠢ ᠰᠤᠷᠭᠠᠭᠤᠯᠢ | ᠡᠷᠭᠢᠯᠡᠭᠦ ᠡᠬᠢ ᠪᠠᠶᠠᠯᠢᠭ ᠤᠨ ᠲᠣᠬᠢᠷᠠᠭᠤᠯᠤᠯᠲᠠ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠨᠡᠯᠡᠯᠲᠡ᠂ | ᠰᠣᠷᠣᠬᠴᠢ ᠡᠯᠰᠡᠬᠦ ᠲᠥᠯᠥᠪᠯᠡᠭᠡ ᠶᠢ ᠲᠣᠬᠢᠷᠠᠭᠤᠯᠬᠤ ᠴᠢᠬᠤᠯᠠ ᠦᠨᠳᠦᠰᠦᠯᠡᠯ ᠪᠤᠯᠭᠠᠵᠤ᠂ ᠠᠵᠢᠯ ᠣᠯᠭᠤᠯᠲᠠ ᠶᠢᠨ | ᠶᠠᠰᠤ ᠴᠢᠨᠠᠷ ᠥᠨᠳᠥᠷ ᠪᠢᠰᠢ ᠲᠤᠰᠬᠠᠢ ᠮᠡᠷᠭᠡᠵᠢᠯ ᠳᠤ ᠤᠯᠠᠭᠠᠨ ᠰᠢᠷ᠎ᠠ ᠲᠡᠮᠳᠡᠭᠲᠦ ᠰᠠᠨᠠᠭᠤᠯᠤᠮᠵᠢ ᠶᠢᠨ ᠳᠦᠷᠢᠮ ᠢ | ᠬᠡᠷᠡᠭᠵᠢᠭᠦᠯᠦᠨ᠎ᠡ᠃ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠵᠦ᠂ | ᠠᠵᠢᠯ ᠮᠡᠷᠭᠡᠵᠢᠯ ᠪᠠ ᠡᠩ ᠤᠨ ᠰᠤᠷᠭᠠᠨ ᠬᠥᠮᠦᠵᠢᠯ ᠤᠨ ᠠᠭᠤᠰᠤᠯᠴᠠᠯ ᠨᠡᠪᠲᠡᠷᠡᠯᠴᠡᠯ᠂ ᠦᠢᠯᠡᠳᠪᠦᠷᠢᠯᠡᠯ ᠵᠢᠭᠠᠨ | ᠰᠤᠷᠭᠠᠯᠲᠠ ᠶᠢᠨ ᠠᠭᠤᠰᠤᠯᠴᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ | ᠥᠨᠳᠥᠷ ᠬᠡᠪ ᠪᠣᠯᠪᠠᠰᠤᠷᠠᠯ ᠪᠦᠬᠦᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠦᠨ᠎ᠡ᠃ | ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠥᠪᠡᠷᠮᠢᠴᠡ ᠣᠨᠴᠠᠯᠢᠭ ᠲᠠᠢ ᠬᠥᠭᠵᠢᠯᠲᠡ ᠶᠢ | ᠠᠬᠢᠭᠤᠯᠵᠤ᠂ ᠨᠢᠭᠡ ᠪᠦᠯᠦᠭ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠤᠨ ᠬᠤᠯᠪᠤᠭ᠎ᠠ ︵ᠪᠦᠯᠦᠭᠯᠡᠯ︶ ᠶᠢ | ᠵᠣᠬᠢᠶᠠᠨ ᠪᠠᠶᠢᠭᠤᠯᠵᠤ᠂ ᠨᠢᠭᠡ ᠪᠦᠯᠦᠭ ᠴᠢᠨᠠᠷ ᠰᠠᠶᠢᠲᠠᠢ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠ | ᠴᠢᠨᠠᠷ ᠰᠠᠶᠢᠲᠠᠢ ᠲᠤᠰᠬᠠᠢ ᠮᠡᠷᠭᠡᠵᠢᠯ ᠢ ᠰᠢᠯᠢᠨ ᠰᠣᠩᠭᠤᠵᠤ ᠪᠦᠲᠦᠭᠡᠨ ᠪᠠᠶᠢᠭᠤᠯᠤᠨ᠎ᠠ᠃ ᠠᠵᠢᠯ ᠮᠡᠷᠭᠡᠵᠢᠯ ᠤᠨ | ᠠᠮᠢᠳᠤᠷᠠᠯ ᠤᠨ ᠬᠥᠮᠦᠵᠢᠯ ᠢ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠬᠥᠮᠥᠵᠢᠭᠦᠯᠬᠦ ᠪᠦᠭᠦ ᠶᠠᠪᠤᠴᠠ ᠳᠤ | ᠠᠭᠤᠰᠤᠯᠴᠠᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠳᠤ ᠠᠵᠢᠯ | ᠮᠡᠷᠭᠡᠵᠢᠯ ᠤᠨ ᠰᠡᠩᠬᠡᠷᠡᠭᠦᠯᠦᠯ᠂ ᠠᠵᠢᠯ ᠮᠡᠷᠭᠡᠵᠢᠯ ᠤᠨ ᠲᠠᠨᠢᠨ ᠮᠡᠳᠡᠬᠦᠢ᠂ ᠠᠵᠢᠯ ᠮᠡᠷᠭᠡᠵᠢᠯ ᠤᠨ ᠪᠡᠶᠡᠴᠢᠯᠡᠨ | ᠣᠶᠢᠯᠠᠭᠠᠬᠤ ᠠᠵᠢᠯ ᠥᠷᠨᠢᠭᠦᠯᠬᠦ ᠶᠢ ᠠᠬᠢᠭᠤᠯᠤᠨ᠎ᠠ᠃ | ︵ᠳᠣᠯᠤᠭ᠎ᠠ︶ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠳᠦᠷᠢᠮ ᠢ ᠪᠦᠷᠢᠨᠰᠢᠭᠦᠯᠦᠨ᠎ᠡ᠃ ᠤᠷ᠎ᠠ ᠴᠢᠳᠠᠪᠤᠷᠢ ᠶᠢᠨ ᠳᠤᠮᠳᠠᠳᠤ ᠤᠯᠤᠰ ᠤᠨ ᠠᠵᠢᠯᠯᠠᠭ᠎ᠠ ᠶᠢ ᠬᠡᠷᠡᠭᠵᠢᠭᠦᠯᠵᠦ᠂ | ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠪᠠᠷ ᠥᠷᠨᠢᠭᠦᠯᠦᠨ᠂ ᠠᠵᠤ ᠠᠬᠤᠶᠢᠯᠠᠯ ᠤᠨ ᠰᠢᠨ᠎ᠡ | ᠭᠡᠯᠪᠡᠷᠢ ᠶᠢᠨ ᠱᠠᠪᠢ ᠳᠠᠭᠠᠭᠤᠯᠬᠤ ᠳᠦᠷᠢᠮ ᠤᠨ ᠪᠣᠯᠪᠠᠰᠤᠷᠠᠯ ᠢ ᠪᠦᠭᠦ ᠲᠠᠯ᠎ᠠ ᠪᠠᠷ ᠬᠡᠷᠡᠭᠵᠢᠭᠦᠯᠵᠦ᠂ | ᠬᠥᠳᠡᠯᠮᠦᠷᠢᠴᠢᠳ ᠤᠨ ᠨᠠᠰᠤᠨ ᠲᠤᠷᠰᠢᠲᠠ ᠰᠤᠷᠤᠯᠴᠠᠬᠤ᠂ ᠠᠵᠢᠯ ᠮᠡᠷᠭᠡᠵᠢᠯ ᠤᠨ ᠠᠮᠢᠳᠤᠷᠠᠯ ᠤᠨ ᠪᠦᠭᠦ ᠶᠠᠪᠤᠴᠠ ᠶᠢ | ᠬᠠᠮᠤᠷᠤᠭᠰᠠᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ ᠲᠣᠭᠲᠠᠭᠠᠨ᠎ᠠ᠃ ᠣᠯᠠᠨ ᠨᠡᠶᠢᠲᠡ ᠶᠢᠨ ᠳᠠᠳᠤᠯᠭ᠎ᠠ | ᠪᠣᠯᠪᠠᠰᠤᠷᠠᠯ ᠤᠨ ᠰᠠᠭᠤᠷᠢᠨ᠂ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠪᠤᠯᠪᠠᠰᠤᠷᠠᠭᠤᠯᠬᠤ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ ᠪᠠᠶᠢᠭᠤᠯᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ | ᠪᠣᠯᠪᠠᠰᠤᠷᠠᠯ ᠢᠶᠠᠷ ᠭᠤᠣᠯ ᠤᠳᠤᠷᠢᠳᠤᠮᠵᠢ ᠪᠤᠯᠭᠠᠬᠰᠠᠨ᠂ ᠠᠵᠢᠯ ᠲᠥᠷᠥᠯ ᠤᠨ ᠠᠵᠤ ᠠᠬᠤᠶᠢᠯᠠᠯ ᠤᠨ ᠪᠡᠶ᠎ᠡ ᠪᠠᠨ | ᠳᠠᠭᠠᠭᠠᠭᠰᠠᠨ ᠪᠣᠯᠪᠠᠰᠤᠷᠠᠯ ᠢᠶᠠᠷ ᠭᠤᠣᠯ ᠴᠣᠭᠴᠠ ᠪᠤᠯᠭᠠᠬᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠬᠠᠩᠭᠠᠯᠭ᠎ᠠ ᠶᠢᠨ ᠰᠢᠰᠲ᠋ᠧᠮ ᠢ ᠪᠤᠶ ᠪᠣᠯᠭᠠᠨ᠎ᠠ᠃ ᠠᠵᠤ ᠠᠬᠤᠶᠢᠯᠠᠯ ᠢ ᠵᠢᠯᠤᠭᠤᠳᠴᠤ ᠠᠵᠢᠯᠲᠠᠨ | ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠭᠠᠷᠭᠠᠨ ᠠᠪᠬᠤ | ᠪᠠ ᠬᠡᠷᠡᠭᠯᠡᠭᠦᠯᠵᠦ᠂ 60% ᠠᠴᠠ ᠳᠡᠭᠡᠭᠰᠢᠬᠢ ᠵᠠᠷᠤᠳᠠᠯ ᠢ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠤ | ᠬᠥᠮᠦᠵᠢᠯ ᠪᠣᠯᠪᠠᠰᠤᠷᠠᠯ ᠳᠤ ᠬᠡᠷᠡᠭᠯᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ | ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠪᠠᠶᠢᠭᠤᠯᠬᠤ ᠳᠤ ᠬᠡᠷᠡᠭᠯᠡᠬᠦ ᠶᠢ ᠵᠥᠪᠰᠢᠶᠡᠷᠡᠨ᠎ᠡ᠃ | ︵ᠨᠠᠢᠮᠠ︶ ᠤᠷ᠎ᠠ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠵᠠᠮ ᠢ ᠥᠷᠭᠡᠳᠬᠡᠨ᠎ᠡ᠃ ᠤᠯᠤᠰ ᠤᠨ | ᠬᠢᠷᠢ ᠭᠡᠮ ᠤᠨ ᠪᠣᠷᠣ ᠲᠥᠯᠥᠪ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠬᠢᠷᠢ ᠭᠡᠮ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠬᠢᠭᠡᠳ ᠬᠠᠷᠠᠭᠠᠯᠵᠠᠭᠰᠠᠨ ᠮᠡᠷᠭᠡᠵᠢᠯ ᠤᠨ ᠴᠣᠯᠠ᠂ ᠰᠤᠷᠤᠯᠭ᠎ᠠ ᠶᠢᠨ | ᠨᠠᠮᠲᠠᠷ ᠲᠠᠢ ᠬᠤᠣᠰ ᠴᠢᠭᠯᠡᠯ ᠢᠶᠠᠷ ᠬᠠᠷᠢᠴᠠᠭᠤᠯᠤᠨ ᠬᠢᠨᠠᠨ ᠲᠣᠭᠲᠠᠭᠠᠬᠤ ᠶᠢ ᠠᠬᠢᠭᠤᠯᠵᠤ᠂ ︽ᠰᠤᠷᠤᠯᠭ᠎ᠠ ᠶᠢᠨ | ᠨᠠᠮᠲᠠᠷ ᠤᠨ ᠦᠨᠡᠮᠯᠡᠯ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠮᠯᠡᠯ︾ ᠤᠨ ᠳᠦᠷᠢᠮ ᠤᠨ | ᠬᠡᠷᠡᠭᠵᠢᠭᠦᠯᠦᠯᠲᠡ ᠶᠢ ᠠᠬᠢᠭᠤᠯᠵᠤ᠂ ᠰᠢᠨ᠎ᠡ ᠠᠵᠢᠯ ᠮᠡᠷᠭᠡᠵᠢᠯ ᠤᠨ ᠴᠤᠪᠤᠷᠠᠯ ᠢ ᠢᠳᠡᠪᠬᠢᠲᠡᠢ ᠠᠭᠤᠳᠠᠯᠤᠨ | ᠪᠣᠶᠢᠵᠢᠭᠤᠯᠵᠤ᠂ ᠰᠢᠨ᠎ᠡ ᠠᠵᠢᠯ ᠮᠡᠷᠭᠡᠵᠢᠯ ᠢ ᠴᠠᠭ ᠲᠤᠬᠠᠢ ᠳᠤᠨᠢ ᠨᠡᠶᠢᠲᠡᠯᠡᠨ᠎ᠡ᠃ ᠠᠵᠢᠯ ᠮᠡᠷᠭᠡᠵᠢᠯ ᠤᠨ | ᠬᠥᠭᠵᠢᠯᠲᠡ ᠶᠢᠨ ᠵᠠᠮ ᠮᠥᠷ ᠢ ᠰᠢᠯᠤᠭᠤᠳᠬᠠᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠣᠨᠴᠠ ᠲᠠᠰ ᠤᠨ | ᠮᠠᠰᠲ᠋ᠧᠷ᠂ ᠲᠡᠷᠢᠭᠦᠨ ᠮᠠᠰᠲ᠋ᠧᠷ ᠢ ᠰᠢᠯᠭᠠᠨ ᠲᠣᠭᠲᠠᠭᠠᠵᠤ ᠤᠷᠢᠨ ᠬᠡᠷᠡᠭᠯᠡᠬᠦ ᠠᠵᠢᠯ ᠥᠷᠨᠢᠭᠦᠯᠬᠦ ᠶᠢ ᠳᠡᠮᠵᠢᠵᠦ᠂ ᠨᠢᠭᠡ | ᠪᠦᠯᠦᠭ ᠤᠷ᠎ᠠ ᠮᠡᠷᠭᠡᠵᠢᠯ ᠤᠨ ᠶᠡᠭᠡ ᠪᠠᠭᠰᠢᠲᠠᠨ ᠤ ᠠᠵᠢᠯᠯᠠᠬᠤ ᠲᠠᠰᠤᠭ᠂ ᠭᠦᠳᠡᠯᠮᠦᠷᠢ ᠶᠢᠨ ᠵᠢᠱᠢᠶᠡᠴᠢ ᠤᠷᠠᠨ | ᠳᠠᠷᠬᠠᠨ ᠤ ᠰᠢᠨ᠎ᠡ ᠶᠢ ᠡᠭᠦᠳᠬᠦ ᠠᠵᠢᠯᠯᠠᠬᠤ ᠲᠠᠰᠤᠭ ᠢ ᠪᠠᠶᠢᠭᠤᠯᠤᠨ᠎ᠠ᠃ ᠤᠷ᠎ᠠ ᠮᠡᠷᠭᠡᠵᠢᠯ ᠤᠨ ᠴᠢᠳᠠᠪᠤᠷᠢᠲᠠᠨ ᠤ | ᠴᠠᠯᠢᠩ ᠬᠥᠯᠥᠰᠦ ᠶᠢᠨ ᠲᠦᠪᠰᠢᠨ ᠤ ᠮᠡᠳᠡᠭᠡ ᠵᠠᠩᠭᠢ ᠶᠢ ᠬᠥᠳᠡᠯᠦᠩᠭᠦᠢ ᠨᠡᠶᠢᠲᠡᠯᠡᠵᠦ᠂ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠤᠷ᠎ᠠ ᠮᠡᠷᠭᠡᠵᠢᠯ ᠤᠨ ᠴᠢᠳᠠᠪᠤᠷᠢᠲᠠᠨ ᠤ ᠴᠠᠯᠢᠩ ᠬᠥᠯᠥᠰᠦ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ᠃ ᠳᠡᠯᠡᠬᠡᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢᠶᠠᠷ ᠤᠳᠤᠷᠢᠳᠤᠮᠵᠢ ᠪᠤᠯᠭᠠᠬᠰᠠᠨ᠂ ᠪᠦᠭᠦ | ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢᠶᠠᠷ ᠳᠠᠭᠠᠭᠤᠯᠤᠭᠴᠢ ᠪᠤᠯᠭᠠᠬᠰᠠᠨ᠂ ᠪᠦᠭᠦ | ᠤᠯᠤᠰ ᠤᠨ ᠠᠵᠢᠯ ᠲᠥᠷᠥᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠵᠢᠴᠢ ᠲᠤᠰᠬᠠᠢ ᠵᠦᠢᠯ ᠤᠨ ᠤᠷᠤᠯᠳᠤᠭᠠᠨ ᠢᠶᠠᠷ ᠭᠤᠣᠯ ᠴᠣᠭᠴᠠ ᠪᠤᠯᠭᠠᠬᠰᠠᠨ᠂ | ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠢᠶᠠᠷ ᠰᠠᠭᠤᠷᠢ ᠪᠤᠯᠭᠠᠬᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ | ᠰᠢᠰᠲ᠋ᠧᠮ ᠢ ᠪᠦᠷᠢᠨᠰᠢᠭᠦᠯᠵᠦ᠂ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ | ᠳᠥᠷᠪᠡ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠎ᠡ | ︵ᠶᠢᠰᠦ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠵᠡᠷᠭᠡ ᠵᠠᠯᠠᠭᠤᠴᠤᠳ ᠤᠨ ᠠᠵᠢᠯ ᠣᠯᠵᠤ | ᠴᠢᠳᠠᠪᠤᠷᠢᠲᠠᠨ ᠪᠤᠯᠬᠤ ᠠᠷᠭ᠎ᠠ ᠵᠠᠮ ᠢ ᠥᠷᠭᠡᠳᠬᠡᠨ᠎ᠡ᠃ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢ | ᠠᠬᠢᠭᠤᠯᠵᠤ᠂ ᠴᠠᠯᠢᠩ ᠣᠯᠭᠤᠮᠵᠢ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠠ ᠤᠷᠢᠵᠤ ᠬᠡᠷᠡᠭᠯᠡᠬᠦ᠂ | ᠪᠣᠯᠪᠠᠰᠤᠷᠠᠭᠤᠯᠤᠨ ᠰᠤᠷᠭᠠᠭᠤᠯᠢ ᠳᠡᠪᠰᠢᠬᠦ ᠵᠡᠷᠭᠡ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠤᠷᠤᠯᠴᠠᠬᠰᠠᠨ | ᠮᠡᠳᠡᠯᠭᠡ ᠪᠣᠯᠣᠨ ᠳᠠᠪᠠᠭᠤᠯᠢᠭ ᠢᠶᠠᠨ ᠪᠠᠳᠠᠷᠠᠭᠤᠯᠬᠤ ᠳᠤ ᠠᠰᠢᠭᠲᠠᠢ ᠠᠵᠢᠯ ᠤᠨ ᠪᠠᠶᠢᠷᠢ ᠶᠢ ᠨᠡᠩ ᠤᠯᠠᠨ ᠨᠡᠭᠡᠭᠡᠵᠦ᠂ | ᠵᠠᠯᠠᠭᠤᠴᠤᠳ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ | ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠢᠯ ᠣᠯᠵᠤ ᠦᠢᠯᠡᠰ ᠪᠣᠰᠬᠠᠬᠤ ᠶᠢ | ᠵᠣᠷᠢᠭᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠰᠢᠶᠠᠨ ᠰᠢᠶᠠᠩ ᠤᠨ ᠳᠤᠮᠳᠠ ᠪᠠᠭ᠎ᠠ ᠵᠢᠵᠢᠭ ᠠᠵᠤ | ᠠᠬᠤᠶᠢᠯᠠᠯ ᠳᠤ ᠠᠵᠢᠯ ᠣᠯᠣᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠲᠤ ᠲᠦᠷᠦ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠭᠦ ᠡᠷᠴᠢᠮ ᠢᠶᠠᠨ ᠴᠢᠩᠭᠠᠷᠠᠭᠤᠯᠵᠤ ᠪᠣᠯᠣᠨ᠎ᠠ᠃ ᠵᠠᠯᠠᠭᠤᠴᠤᠳ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠨᠳᠤᠯᠭᠠᠲᠤ ᠴᠢᠨᠠᠷᠲᠠᠢ ᠪᠠᠷ ᠠᠵᠢᠯ | ᠮᠡᠷᠭᠡᠵᠢᠯ ᠤᠨ ᠵᠢᠯᠣᠭᠤᠳᠤᠯᠭ᠎ᠠ ᠬᠢᠬᠦ᠂ ᠠᠵᠢᠯ ᠮᠡᠷᠭᠡᠵᠢᠯ ᠲᠠᠨᠢᠯᠴᠠᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ | ᠬᠦᠷᠲᠡᠭᠡᠬᠦ᠂ ᠳᠠᠳᠤᠯᠭ᠎ᠠ ᠬᠢᠬᠦ ᠶᠢ ᠴᠢᠩᠭᠠᠳᠬᠠᠵᠤ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠶᠢ ᠵᠣᠯᠭᠠᠭᠤᠯᠬᠤ᠂ | ᠦᠰᠦᠨ ᠪᠣᠶᠢᠵᠢᠵᠤ ᠴᠢᠳᠠᠪᠤᠷᠢᠲᠠᠨ ᠪᠤᠯᠬᠤ ᠳᠤ ᠬᠦᠴᠦᠨ ᠨᠡᠮᠡᠷᠢᠯᠡᠬᠦ ᠦᠢᠯᠡᠴᠢᠯᠡᠭᠡᠨ ᠤ ᠲᠤᠯᠭᠠᠭᠤᠷᠢᠯᠠᠯ ᠢ | ᠪᠦᠷᠢᠯᠳᠦᠭᠦᠯᠦᠨ᠎ᠡ᠃ ᠵᠠᠯᠠᠭᠤᠴᠤᠳ ᠲᠤ ᠠᠵᠢᠯ ᠣᠯᠭᠤᠬᠤ ᠠᠶᠠᠯᠠᠯ᠂ ︽ᠠᠤᠭ᠎ᠠ ᠵᠣᠷᠢᠭ ᠠᠶᠠᠯᠠᠯ ᠳᠤ ᠲᠤᠰᠠᠯᠠᠬᠤ︾ | ᠵᠡᠷᠭᠡ ᠲᠤᠰᠬᠠᠢ ᠲᠥᠯᠥᠪᠯᠡᠭᠡ ᠶᠢ ᠬᠡᠷᠡᠭᠵᠢᠭᠦᠯᠵᠦ᠂ ᠭᠡᠷ ᠪᠦᠯᠢ ᠨᠢ ᠬᠦᠴᠢᠷᠳᠡᠯᠲᠡᠢ ᠲᠡᠭᠦᠰᠦᠭᠰᠡᠳ᠂ ᠤᠷᠳᠤ | ᠬᠤᠭᠤᠴᠠᠭ᠎ᠠ ᠠᠵᠢᠯ ᠠᠯᠳᠠᠭᠰᠠᠨ ᠵᠠᠯᠠᠭᠤᠴᠤᠳ ᠲᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠲᠡᠳᠡᠨ ᠤ ᠡᠷᠲᠡᠬᠡᠨ ᠠᠵᠢᠯ ᠣᠯᠬᠤ᠂ ᠨᠡᠶᠢᠭᠡᠮ ᠳᠤ ᠠᠭᠤᠰᠤᠯᠴᠠᠬᠤ ᠶᠢ ᠠᠬᠢᠭᠤᠯᠤᠨ᠎ᠠ᠃ ᠭᠠᠳᠠᠭᠠᠳᠤ ᠳᠤ | ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ ᠤᠨ ᠠᠵᠢᠯ ᠣᠯᠵᠤ ᠦᠢᠯᠡᠰ ᠪᠣᠰᠬᠠᠬᠤ ᠲᠦᠷᠦ ᠶᠢᠨ | ᠪᠣᠳᠣᠯᠭ᠎ᠠ ᠪᠠ ᠦᠢᠯᠡᠴᠢᠯᠡᠭᠡ ᠶᠢ ᠠᠳᠠᠯᠢ ᠲᠡᠭᠰᠢ ᠪᠠᠷ ᠡᠳ᠋ᠯᠡᠬᠦ ᠶᠢ ᠳᠡᠮᠵᠢᠨ᠎ᠡ᠃ | ︵ᠠᠷᠪᠠ︶ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠢᠨ᠎ᠡ᠃ᠰᠤᠷᠤᠯᠭ᠎ᠠ ᠶᠢᠨ ᠨᠠᠮᠲᠠᠷ ᠣᠯᠭᠤᠬᠤ ᠰᠤᠷᠭᠠᠨ ᠬᠥᠮᠦᠵᠢᠯ ᠬᠢᠭᠡᠳ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ᠂ ᠦᠢᠯᠡᠰ ᠪᠣᠰᠬᠠᠬᠤ ᠪᠣᠯᠪᠠᠰᠤᠷᠠᠯ᠂ ᠥᠪᠡᠷᠮᠢᠴᠡ ᠪᠣᠯᠪᠠᠰᠤᠷᠠᠯ ᠢ ᠵᠡᠷᠭᠡ ᠪᠠᠷ | ᠶᠠᠪᠤᠭᠳᠠᠭᠤᠯᠬᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠤᠨ ᠰᠢᠰᠲ᠋ᠧᠮ ᠢ | ᠪᠦᠷᠢᠨᠰᠢᠭᠦᠯᠦᠨ᠎ᠡ᠃ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠠᠭᠤᠳᠠᠯᠵᠤ᠂ ︽ᠰᠤᠷᠭᠠᠨ ᠬᠥᠮᠦᠵᠢᠯ ᠪᠣᠯᠪᠠᠰᠤᠷᠠᠯ | ᠤᠷᠢᠳ ᠢᠶᠠᠷ᠂ ᠳᠠᠷᠠᠭ᠎ᠠ ᠨᠢ ᠠᠵᠢᠯ ᠤᠨ ᠪᠠᠶᠢᠷᠢ ᠳᠤ ᠭᠠᠷᠬᠤ︾ ᠠᠵᠢᠯ ᠣᠯᠭᠤᠯᠲᠠ ᠶᠢᠨ ᠵᠠᠭᠪᠤᠷ ᠢ ᠰᠦᠪᠡᠭᠴᠢᠯᠡᠵᠦ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠮ ᠤᠨ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠪᠠ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠠᠵᠢᠯᠯᠠᠬᠤ ᠶᠢ ᠵᠣᠷᠢᠭᠵᠢᠭᠤᠯᠤᠨ᠎ᠠ᠃ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠤᠯᠤᠰ ᠤᠨ ᠭᠤᠣᠯᠳᠠᠯᠭ᠎ᠠ ᠲᠠᠢ ᠲᠡᠳᠬᠦᠨ ᠳᠡᠮᠵᠢᠬᠦ ᠬᠦᠷᠢᠶ᠎ᠡ | ᠴᠠᠷᠠᠭ᠎ᠠ ᠶᠢᠨ ᠲᠣᠭᠤᠷᠢᠨ ᠳᠤ ᠦᠢᠯᠡᠰ ᠪᠣᠰᠬᠠᠬᠤ ᠶᠢ ᠬᠥᠲᠥᠯᠥᠨ ᠵᠢᠯᠣᠭᠤᠳᠤᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠭᠦᠳᠡᠯᠮᠦᠷᠢ ᠬᠦᠴᠦᠨ ᠤ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠣᠷᠣᠨ ᠵᠠᠢ ᠶᠢ ᠥᠷᠭᠡᠳᠬᠡᠨ᠎ᠡ᠃ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ | ᠪᠤᠵᠠᠭᠠᠶᠢᠷᠠᠭᠤᠯᠤᠨ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠡᠷᠡᠭᠴᠡᠭᠡ ᠳᠤ | ᠵᠣᠬᠢᠴᠠᠭᠰᠠᠨ ᠨᠢᠭᠡ ᠪᠦᠯᠦᠭ ᠰᠢᠨ᠎ᠡ ᠠᠵᠢᠯ ᠮᠡᠷᠭᠡᠵᠢᠯ ᠢ ᠨᠡᠶᠢᠲᠡᠯᠡᠵᠦ᠂ ᠭᠠᠳᠠᠭᠰᠢ ᠭᠠᠷᠤᠭᠰᠠᠨ ᠴᠢᠳᠠᠪᠤᠷᠢᠲᠠᠨ ᠤ | ᠨᠤᠲᠤᠭ ᠲᠠᠭᠠᠨ ᠪᠤᠴᠠᠬᠤ᠂ ᠬᠤᠲᠠ ᠶᠢᠨ ᠴᠢᠳᠠᠪᠤᠷᠢᠲᠠᠨ ᠤ ᠬᠥᠳᠡᠭᠡ ᠪᠠᠭᠤᠵᠤ ᠦᠢᠯᠡᠰ ᠪᠣᠰᠬᠠᠬᠤ ᠶᠢ ᠬᠥᠲᠥᠯᠥᠨ | ᠵᠢᠯᠤᠭᠤᠳᠬᠤ ᠶᠢ ᠴᠢᠬᠤᠯᠠᠴᠢᠯᠠᠨ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠵᠦ᠂ ᠬᠤᠣᠰ | ᠴᠢᠭᠯᠡᠯ ᠢᠶᠠᠷ ᠰᠢᠯᠵᠢᠭᠦ᠂ ᠬᠠᠷᠢᠯᠴᠠᠨ ᠠᠭᠤᠰᠤᠯᠴᠠᠨ ᠨᠡᠪᠲᠡᠷᠡᠯᠴᠡᠬᠦ ᠬᠤᠲᠠ ᠬᠥᠳᠡᠭᠡ ᠶᠢᠨ ᠠᠵᠢᠯ ᠣᠯᠭᠤᠯᠲᠠ ᠶᠢ | ᠨᠢᠭᠡᠳᠦᠯᠲᠡᠢ ᠲᠥᠯᠥᠪᠵᠢᠭᠦᠯᠬᠦ ᠪᠠᠶᠢᠷᠢᠰᠢᠯ ᠢ ᠲᠦᠷᠭᠡᠳᠬᠡᠨ ᠪᠤᠶ ᠪᠣᠯᠭᠠᠨ᠎ᠠ᠃ ᠣᠷᠣᠨ ᠪᠦᠰᠡ ᠶᠢᠨ ᠭᠦᠳᠡᠯᠮᠦᠷᠢ | ᠦᠢᠯᠡᠴᠢᠯᠡᠭᠡᠨ ᠤ ᠬᠠᠮᠵᠢᠯᠴᠠᠬᠤ ᠬᠤᠯᠪᠤᠭ᠎ᠠ ᠶᠢ ᠵᠣᠬᠢᠶᠠᠨ ᠪᠠᠶᠢᠭᠤᠯᠵᠤ᠂ ᠭᠦᠳᠡᠯᠮᠦᠷᠢ ᠦᠢᠯᠡᠴᠢᠯᠡᠭᠡᠨ ᠤ ᠲᠥᠷᠥᠯ | ᠲᠡᠮᠳᠡᠭ ᠢ ᠬᠢᠨᠠᠨ ᠲᠣᠭᠲᠠᠭᠠᠵᠤ ᠡᠭᠦᠳᠬᠦ ᠶᠢ ᠥᠷᠨᠢᠭᠦᠯᠦᠨ᠂ ᠠᠵᠢᠯ ᠣᠯᠭᠤᠯᠲᠠ ᠶᠢᠨ ᠦᠢᠯᠡᠴᠢᠯᠡᠭᠡ᠂ ᠠᠵᠢᠯ | ᠮᠡᠷᠭᠡᠵᠢᠯ ᠤᠨ ᠪᠣᠯᠪᠠᠰᠤᠷᠠᠯ᠂ ᠡᠷᠬᠡ ᠠᠰᠢᠭ ᠤᠨ ᠬᠠᠮᠠᠭᠠᠯᠠᠯᠲᠠ ᠶᠢ ᠨᠢᠭᠡ ᠴᠣᠭᠴᠠᠵᠢᠭᠤᠯᠤᠭᠰᠠᠨ ᠭᠠᠳᠠᠭᠰᠢ ᠭᠠᠷᠴᠤ | ᠬᠥᠯᠥᠰᠦᠨ ᠠᠵᠢᠯ ᠬᠢᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠣᠷᠣᠯᠭ᠎ᠠ | ᠪᠠᠭᠠᠲᠠᠢ ᠬᠥᠮᠥᠨ ᠠᠮᠠ ᠳᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠬᠤ ᠶᠢ ᠠᠬᠢᠭᠤᠯᠵᠤ᠂ | ᠠᠵᠢᠯ ᠠᠯᠳᠠᠭᠰᠠᠨ ᠠᠴᠠ ᠪᠣᠯᠵᠤ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠨ᠎ᠡ᠃ | ︵ᠠᠷᠪᠠᠨ ᠬᠤᠶᠠᠷ︶ ᠠᠮᠢᠳᠤᠷᠠᠯ ᠨᠢ ᠬᠦᠴᠢᠷᠳᠡᠯᠲᠡᠢ ᠬᠥᠮᠥᠰ ᠲᠤ ᠠᠵᠢᠯ ᠣᠯᠭᠤᠬᠤ ᠲᠤᠰᠠᠯᠠᠮᠵᠢ ᠶᠢᠨ | ᠳᠦᠷᠢᠮ ᠢ ᠲᠡᠭᠦᠯᠳᠡᠷᠵᠢᠭᠦᠯᠦᠨ᠎ᠡ᠃ ᠨᠠᠰᠤ ᠠᠬᠢᠭᠰᠠᠨ᠂ ᠵᠡᠮᠳᠡᠭ᠂ ᠨᠡᠯᠢᠶᠡᠳ ᠣᠷᠳᠣ ᠬᠤᠭᠤᠴᠠᠭ᠎ᠠ ᠠᠵᠢᠯ ᠠᠯᠳᠠᠭᠰᠠᠨ | ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠠᠵᠢᠯ ᠣᠯᠬᠤ ᠳᠤ | ᠬᠦᠴᠢᠷᠲᠡᠢ ᠬᠥᠮᠥᠰ ᠢ ᠬᠢᠨᠠᠨ ᠲᠣᠭᠲᠠᠭᠠᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ ᠬᠥᠳᠡᠯᠦᠩᠭᠦᠢ ᠪᠠᠷ | ᠲᠣᠬᠢᠷᠠᠭᠤᠯᠵᠤ᠂ ᠴᠠᠭ ᠲᠤᠬᠠᠢ ᠳᠤᠨᠢ ᠢᠯᠡᠷᠡᠭᠦᠯᠬᠦ᠂ ᠤᠷᠢᠳ ᠢᠶᠠᠷ ᠦᠢᠯᠡᠴᠢᠯᠡᠬᠦ᠂ ᠤᠨᠢᠨ ᠳᠡᠭᠡᠷ᠎ᠡ ᠨᠢ ᠬᠠᠪᠰᠤᠷᠤᠨ | ᠲᠡᠳᠬᠦᠬᠦ᠂ ᠬᠥᠳᠡᠯᠦᠩᠭᠦᠢ ᠪᠠᠷ ᠬᠠᠮᠢᠶᠠᠷᠬᠤ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠬᠦ᠂ ᠪᠡᠶ᠎ᠡ ᠪᠠᠨ ᠳᠠᠭᠠᠭᠠᠵᠤ ᠦᠢᠯᠡᠰ | ᠪᠣᠰᠬᠠᠬᠤ ᠶᠢ ᠵᠣᠷᠢᠭᠵᠢᠭᠤᠯᠤᠨ ᠳᠡᠮᠵᠢᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠠᠵᠢᠯ ᠲᠠᠢ ᠬᠥᠮᠥᠨ ᠦᠭᠡᠢ ᠭᠡᠷ ᠪᠦᠯᠢ ᠶᠢ | ᠬᠥᠳᠡᠯᠦᠩᠭᠦᠢ ᠪᠠᠷ ᠰᠢᠢᠳᠪᠦᠷᠢᠯᠡᠬᠦ ᠶᠢ ᠪᠠᠲᠤᠯᠠᠨ᠎ᠠ᠃ ᠨᠠᠰᠤᠲᠠᠶᠢᠴᠤᠳ ᠲᠤ ᠲᠣᠬᠢᠷᠠᠬᠤ ᠣᠯᠠᠨ ᠶᠠᠩᠵᠤ ᠶᠢᠨ᠂ | ᠥᠪᠡᠷᠮᠢᠴᠡ ᠣᠨᠴᠠᠯᠢᠭ ᠪᠦᠬᠦᠢ ᠠᠵᠢᠯ ᠤᠨ ᠪᠠᠶᠢᠷᠢ ᠶᠢ ᠡᠭᠦᠳᠦᠨ ᠨᠡᠭᠡᠭᠡᠵᠦ᠂ ᠠᠵᠢᠯ ᠡᠷᠢᠵᠦ ᠠᠵᠢᠯ ᠣᠯᠬᠤ᠂ | ᠮᠡᠷᠭᠡᠵᠢᠯ ᠤᠨ ᠪᠣᠯᠪᠠᠰᠤᠷᠠᠯ ᠵᠡᠷᠭᠡ ᠦᠢᠯᠡᠴᠢᠯᠡᠭᠡ ᠶᠢ ᠴᠢᠩᠭᠠᠳᠬᠠᠨ᠎ᠠ᠃ ᠬᠠᠤᠯᠢ ᠳᠤ ᠲᠣᠭᠲᠠᠭᠠᠭᠰᠠᠨ ᠠᠵᠢᠯ ᠠᠴᠠ | ᠪᠠᠨ ᠠᠮᠠᠷᠠᠬᠤ ᠨᠠᠰᠤᠨ ᠠᠴᠠ ᠬᠡᠲᠦᠷᠡᠭᠰᠡᠨ ᠬᠥᠳᠡᠯᠮᠦᠷᠢᠯᠡᠭᠴᠢ ᠶᠢ ᠡᠯᠰᠡᠨ ᠬᠡᠷᠡᠭᠯᠡᠬᠦ ᠨᠢᠭᠡᠴᠢ ᠶᠢᠨ ᠬᠢᠨ | ᠬᠥᠳᠡᠯᠮᠦᠷᠢᠯᠡᠭᠴᠢ ᠶᠢᠨ ᠭᠦᠳᠡᠯᠮᠦᠷᠢ ᠶᠢᠨ ᠬᠥᠯᠥᠰᠦ ᠣᠯᠭᠤᠮᠵᠢ᠂ ᠭᠦᠳᠡᠯᠮᠦᠷᠢ ᠶᠢᠨ ᠠᠮᠤᠷ ᠲᠦᠪᠰᠢᠨ ᠡᠷᠡᠭᠦᠯ | ᠬᠠᠮᠠᠭᠠᠯᠠᠯ᠂ ᠠᠵᠢᠯ ᠠᠴᠠ ᠪᠣᠯᠤᠭᠰᠠᠨ ᠭᠡᠮᠲᠦᠯ ᠤᠨ ᠪᠠᠲᠤᠯᠠᠭ᠎ᠠ ᠵᠡᠷᠭᠡ ᠦᠨᠳᠦᠰᠦᠨ ᠡᠷᠬᠡ ᠠᠰᠢᠭ ᠢ ᠬᠠᠤᠯᠢ | ᠶᠣᠰᠣᠭᠠᠷ ᠪᠠᠲᠤᠯᠠᠵᠤ᠂ ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ | ᠣᠷᠤᠯᠴᠠᠬᠤ ᠶᠢ ᠳᠡᠮᠵᠢᠨ᠎ᠠ᠃ | ︵ᠠᠷᠪᠠᠨ ᠭᠤᠷᠪᠠ︶ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠪᠠ ᠠᠮᠢᠳᠤᠯᠢᠭ ᠢᠶᠠᠷ ᠠᠵᠢᠯ ᠣᠯᠬᠤ ᠬᠥᠮᠥᠰ | ᠤᠨ ᠪᠠᠲᠤᠯᠠᠭ᠎ᠠ ᠶᠢᠨ ᠳᠦᠷᠢᠮ ᠢ ᠰᠢᠯᠢᠳᠡᠭᠵᠢᠭᠦᠯᠦᠨ᠎ᠡ᠃ ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ | ᠦᠢᠯᠡᠴᠢᠯᠡᠭᠡ᠂ ᠦᠢᠯᠡᠰ ᠪᠣᠰᠬᠠᠬᠤ ᠨᠡᠪᠴᠢᠭᠦᠯᠦᠭᠦᠷ᠂ ᠦᠢᠯᠡᠰ ᠪᠣᠰᠬᠠᠬᠤ ᠠᠵᠢᠯᠯᠠᠭ᠎ᠠ ᠶᠢ ᠳᠡᠮᠵᠢᠬᠦ ᠰᠢᠰᠲ᠋ᠧᠮ ᠢ | ᠪᠦᠷᠢᠨᠰᠢᠭᠦᠯᠵᠦ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠂ ᠦᠢᠯᠡᠰ ᠪᠣᠰᠬᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠮᠢᠳᠤᠯᠢᠭ ᠢᠶᠠᠷ ᠠᠵᠢᠯ | ᠣᠯᠬᠤ ᠶᠢᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠣᠷᠣᠨ ᠪᠦᠰᠡ ᠶᠢᠨ ᠴᠢᠨᠠᠷᠲᠠᠢ ᠠᠵᠢᠯ ᠲᠥᠷᠥᠯ ᠤᠨ ᠴᠢᠨᠠᠷᠲᠠᠢ | ᠡᠳᠦᠷ ᠤᠨ ᠬᠦᠴᠦᠨ ᠤ ᠠᠵᠢᠯ ᠤᠨ ᠵᠠᠬ᠎ᠠ ᠳᠡᠯᠭᠡᠭᠦᠷ᠂ ᠴᠢᠳᠠᠮᠵᠢᠲᠤ ᠲᠦᠭᠦᠮ ᠦᠵᠡᠭᠦᠯᠭᠦ ᠭᠡᠯᠪᠡᠷᠢ ᠶᠢᠨ ᠡᠳᠦᠷ ᠤᠨ | ᠬᠦᠴᠦᠨ ᠤ ᠠᠵᠢᠯᠴᠢᠨ ᠤ ᠤᠯᠠᠭ᠎ᠠ ᠥᠷᠲᠡᠭᠡ ᠶᠢ ᠪᠠᠶᠢᠭᠤᠯᠤᠨ᠎ᠠ᠃ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢ | ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠵᠦ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ | ᠠᠵᠢᠯ ᠮᠡᠷᠭᠡᠵᠢᠯ ᠤᠨ ᠭᠡᠮᠲᠦᠯ ᠢ ᠪᠠᠲᠤᠯᠠᠬᠤ ᠲᠤᠷᠰᠢᠯᠲᠠ ᠶᠢᠨ ᠴᠡᠭ ᠢ ᠥᠷᠭᠡᠳᠬᠡᠨ᠂ ᠰᠢᠨ᠎ᠡ ᠠᠵᠢᠯ | ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠨᠢ ᠲᠠᠪᠴᠠᠩ ᠤᠨ ᠭᠦᠳᠡᠯᠮᠦᠷᠢ ᠶᠢᠨ ᠳᠦᠷᠢᠮ ᠤᠨ ᠲᠤᠬᠠᠢ | ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠶᠢ ᠪᠠᠲᠤᠯᠠᠵᠤ᠂ ᠬᠥᠳᠡᠯᠮᠦᠷᠢᠴᠢᠨ ᠤ ᠡᠷᠬᠡ ᠠᠰᠢᠭ ᠢᠶᠠᠨ ᠬᠠᠮᠠᠭᠠᠯᠠᠬᠤ | ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠠᠵᠢᠯ ᠣᠯᠬᠤ ᠳᠤ ᠬᠦᠴᠢᠷᠲᠡᠢ ᠬᠥᠮᠥᠰ᠂ ᠰᠤᠷᠭᠠᠭᠤᠯᠢ | ᠲᠡᠭᠦᠰᠦᠭᠡᠳ 2 ᠵᠢᠯ ᠪᠣᠯᠣᠭᠠᠳ ᠠᠵᠢᠯ ᠣᠯᠣᠭᠠᠳᠤᠢ ᠠᠮᠢᠳᠤᠯᠢᠭ ᠢᠶᠠᠷ ᠠᠵᠢᠯ ᠣᠯᠬᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠲᠣᠭᠲᠠᠭᠠᠯ ᠶᠣᠰᠣᠭᠠᠷ ᠵᠣᠬᠢᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ | ᠲᠠᠪᠤ᠂ ᠣᠨᠣᠴᠠᠲᠠᠢ ᠥᠨᠳᠥᠷ ᠪᠦᠲᠦᠮᠵᠢᠲᠡᠶ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠎ᠡ | ︵ᠠᠷᠪᠠᠨ ᠳᠥᠷᠪᠡ︶ ᠪᠦᠭᠦ ᠠᠷᠠᠳ ᠢ ᠪᠦᠷᠬᠦᠭᠦᠯᠦᠭᠰᠡᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷ᠂ ᠰᠠᠭᠤᠷᠢᠯᠠᠬᠤ ᠴᠢᠨᠠᠷ᠂ | ᠦᠨᠳᠦᠰᠦᠨ ᠵᠦᠢᠯ ᠢ ᠪᠠᠲᠤᠯᠠᠬᠤ ᠴᠢᠨᠠᠷ ᠢ ᠪᠠᠷᠢᠮᠲᠠᠯᠠᠵᠤ᠂ ᠦᠢᠯᠡᠴᠢᠯᠡᠭᠡᠨ ᠤ ᠨᠠᠷᠢᠨ ᠲᠠᠩᠰᠠ ᠶᠢ ᠲᠡᠭᠦᠯᠳᠡᠷᠵᠢᠭᠦᠯᠵᠦ᠂ | ᠪᠠᠶᠢᠩᠭᠤ ᠰᠠᠭᠤᠭ᠎ᠠ ᠭᠠᠵᠠᠷ᠂ ᠠᠵᠢᠯ ᠣᠯᠣᠭᠰᠠᠨ ᠭᠠᠵᠠᠷ ᠤᠨ ᠦᠢᠯᠡᠴᠢᠯᠡᠭᠡᠨ ᠤ ᠬᠠᠷᠢᠭᠤᠴᠠᠯᠭ᠎ᠠ ᠶᠢ ᠴᠢᠩᠭᠠᠳᠬᠠᠵᠤ᠂ | ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠪᠠᠶᠢᠩᠭᠤ ᠰᠠᠭᠤᠭ᠎ᠠ ᠬᠥᠮᠥᠨ ᠠᠮᠠ ᠳᠤ | ᠥᠷᠭᠡᠨ ᠢᠶᠠᠷ ᠪᠦᠷᠬᠦᠭᠦᠯᠬᠦ᠂ ᠬᠥᠮᠥᠨ ᠬᠡᠷᠡᠭᠯᠡᠬᠦ ᠪᠡᠶᠡᠴᠢ ᠴᠣᠭᠴᠠ ᠳᠤ ᠥᠷᠭᠡᠨ ᠢᠶᠠᠷ ᠠᠰᠢᠭ ᠬᠦᠷᠲᠡᠭᠡᠬᠦ᠂ ᠠᠵᠢᠯ | ᠣᠯᠭᠤᠵᠤ ᠦᠢᠯᠡᠰ ᠪᠣᠰᠬᠠᠬᠤ ᠶᠢ ᠪᠦᠭᠦᠨ ᠢ ᠨᠡᠪᠲᠡᠷᠡᠭᠦᠯᠬᠦ ᠶᠢ ᠠᠬᠢᠭᠤᠯᠤᠨ᠎ᠠ᠃ ᠦᠢᠯᠡᠴᠢᠯᠡᠭᠡᠨ ᠤ | ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠲᠥᠷᠥᠯ ᠵᠦᠢᠯ ᠤᠨ ᠦᠢᠯᠡᠳᠦᠯ ᠢ ᠪᠠᠳᠠᠷᠠᠭᠤᠯᠵᠤ᠂ | ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠤᠷ᠎ᠠ ᠴᠢᠳᠠᠪᠤᠷᠢ ᠶᠢᠨ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ | ᠪᠠᠷ ᠥᠷᠨᠢᠭᠦᠯᠦᠨ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ᠂ ᠶᠡᠭᠡ ᠳᠡᠭᠡᠳᠦ | ᠰᠤᠷᠭᠠᠭᠤᠯᠢ ᠵᠡᠷᠭᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠬᠢᠭᠰᠡᠳ ᠤᠨ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠴᠣᠯᠠ ᠶᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠂ ᠦᠢᠯᠡᠴᠢᠯᠡᠭᠡᠨ ᠤ ᠬᠠᠩᠭᠠᠯᠭ᠎ᠠ ᠶᠢ | ᠥᠷᠭᠡᠳᠬᠡᠨ᠎ᠡ᠃ | ︵ᠠᠷᠪᠠᠨ ᠲᠠᠪᠤ︶ ᠦᠨᠳᠦᠰᠦᠨ ᠱᠠᠲᠤ ᠪᠠᠷ ᠤᠳᠤᠷᠢᠳᠤᠮᠵᠢ ᠪᠤᠯᠭᠠᠬᠰᠠᠨ ᠠᠵᠢᠯ ᠣᠯᠭᠤᠯᠲᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ᠃ ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠤᠯᠵᠤ᠂ ᠣᠷᠣᠨ | ᠪᠠᠶᠢᠷᠢ ᠶᠢᠨ ᠣᠨᠴᠠᠯᠢᠭ᠂ ᠬᠥᠮᠥᠰ ᠤᠨ ᠣᠨᠴᠠᠯᠢᠭ᠂ ᠦᠢᠯᠡᠴᠢᠯᠡᠭᠡᠨ ᠤ ᠬᠡᠪᠴᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ | ᠦᠢᠯᠡᠴᠢᠯᠡᠭᠡᠨ ᠤ ᠲᠤᠨᠤᠭ ᠲᠥᠬᠦᠭᠡᠷᠦᠮᠵᠢ᠂ ᠠᠵᠢᠯᠲᠠᠨ ᠤ ᠡᠩᠨᠡᠭᠡ ᠶᠢ ᠪᠠᠶᠢᠷᠢᠯᠠᠭᠤᠯᠤᠨ᠂ ᠦᠢᠯᠡᠴᠢᠯᠡᠭᠡᠨ ᠤ ᠡᠬᠢ | ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠬᠥᠳᠡᠭᠡ ᠲᠣᠰᠬᠤᠨ ᠢ ᠪᠦᠷᠬᠦᠭᠦᠯᠬᠦ᠂ ᠬᠢᠯᠢ ᠬᠢᠵᠠᠭᠠᠷ | ᠣᠷᠣᠨ ᠪᠣᠯᠣᠨ ᠠᠵᠢᠯ ᠣᠯᠬᠤ ᠳᠤ ᠬᠦᠴᠢᠷᠲᠡᠢ ᠬᠥᠮᠥᠰ ᠲᠡᠶᠢᠰᠢ ᠬᠡᠯᠪᠡᠶᠢᠯᠭᠡᠬᠦ ᠶᠢ ᠠᠬᠢᠭᠤᠯᠤᠨ᠎ᠠ᠃ ᠦᠨᠳᠦᠰᠦᠨ | ᠱᠠᠲᠤᠨ ᠤ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠦᠷᠢᠶ᠎ᠡ ᠬᠡᠪᠴᠢᠶ᠎ᠡ ᠳᠤ ᠠᠭᠤᠰᠤᠯᠴᠠᠭᠤᠯᠵᠤ᠂ | ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠦᠢᠯᠡᠴᠢᠯᠡᠭᠡ ᠶᠢᠨ ᠵᠦᠢᠯᠡᠰ ᠲᠤ ᠣᠷᠣᠭᠤᠯᠵᠤ᠂ | ︽ᠭᠡᠷ ᠤᠨ ᠡᠭᠦᠳᠡᠨ︾ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ᠂ ︽15 ᠮᠢᠨᠦ᠋ᠲ︾ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠢᠯᠡᠷᠬᠡᠶᠢᠯᠡᠯ ᠲᠡᠮᠳᠡᠭ ᠨᠢ ᠨᠢᠭᠡᠳᠦᠯᠲᠡᠢ᠂ | ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠦᠢᠯᠡᠴᠢᠯᠡᠭᠡ ᠨᠢ ᠵᠢᠷᠤᠮᠵᠢᠭᠤᠨ᠂ ᠠᠵᠢᠯᠯᠠᠭᠠᠨ ᠨᠢ ᠥᠨᠳᠥᠷ | ᠪᠦᠲᠦᠮᠵᠢᠲᠡᠶ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ | ᠪᠦᠷᠢᠨᠰᠢᠭᠦᠯᠦᠨ᠎ᠡ᠃ | ︵ᠠᠷᠪᠠᠨ ᠵᠢᠷᠭᠤᠭ᠎ᠠ︶ ᠲᠣᠭᠠᠴᠢᠯᠠᠯᠳᠠ ᠪᠠᠷ ᠬᠦᠴᠦᠨ ᠣᠯᠭᠤᠭᠰᠠᠨ ᠠᠵᠢᠯ ᠣᠯᠭᠤᠯᠲᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠠᠵᠢᠯ | ᠣᠯᠭᠤᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠪᠦᠭᠦ ᠤᠯᠤᠰ ᠤᠨ ᠠᠵᠢᠯ | ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠢᠯ ᠣᠯᠭᠤᠯᠲᠠ ᠶᠢᠨ | ᠵᠦᠢᠯᠡᠰ ᠢ ᠨᠢᠭᠡ ᠴᠣᠭᠴᠠᠵᠢᠭᠤᠯᠤᠨ ᠭᠦᠢᠴᠡᠳᠬᠡᠬᠦ᠂ ᠤᠨᠢᠨ ᠳᠡᠭᠡᠷ᠎ᠡ ᠨᠢ ᠦᠢᠯᠡᠴᠢᠯᠡᠬᠦ᠂ ᠬᠢᠨᠠᠨ ᠬᠠᠮᠢᠶᠠᠷᠤᠯᠲᠠ ᠶᠢᠨ | ᠣᠶᠤᠨᠴᠢᠯᠠᠯᠲᠠ ᠶᠢ ᠪᠡᠶᠡᠯᠡᠭᠦᠯᠦᠨ᠎ᠡ᠃ ᠲᠣᠭᠠᠴᠢᠯᠠᠯᠲᠠ ᠪᠠᠷ ᠬᠦᠴᠦᠨ ᠣᠯᠭᠤᠬᠤ᠂ ᠲᠤᠬᠠᠢ ᠶᠢᠨ ᠭᠠᠵᠠᠷ ᠲᠤᠨᠢ | ᠪᠠᠶᠢᠴᠠᠭᠠᠨ ᠣᠶᠢᠯᠠᠭᠠᠬᠤ᠂ ᠤᠨᠢᠨ ᠳᠡᠭᠡᠷ᠎ᠡ ᠨᠢ ᠦᠢᠯᠡᠴᠢᠯᠡᠬᠦ ᠵᠠᠭᠪᠤᠷ ᠢ ᠳᠡᠯᠭᠡᠷᠡᠭᠦᠯᠵᠦ᠂ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ | ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠵᠦ ᠬᠠᠷᠭᠤᠭᠤᠯᠬᠤ ᠶᠢ ᠠᠬᠢᠭᠤᠯᠤᠨ᠂ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ | ᠬᠥᠮᠥᠨ ᠬᠡᠷᠡᠭᠯᠡᠬᠦ ᠨᠢᠭᠡᠴᠢ ᠪᠠ ᠬᠥᠳᠡᠯᠮᠦᠷᠢᠴᠢᠨ ᠳᠤ ᠰᠠᠨᠠᠭᠠᠴᠢᠯᠠᠭ᠎ᠠ ᠠᠴᠠ ᠪᠠᠨ ᠣᠨᠣᠴᠠᠲᠠᠢ ᠬᠦᠷᠭᠡᠨ᠎ᠡ᠃ | ᠵᠢᠷᠭᠤᠭ᠎ᠠ᠂ ᠬᠥᠳᠡᠯᠮᠦᠷᠢᠯᠡᠭᠴᠢᠳ ᠤᠨ ᠠᠵᠢᠯ ᠣᠯᠬᠤ ᠡᠷᠬᠡ ᠠᠰᠢᠭ ᠢ ᠪᠠᠲᠤᠯᠠᠬᠤ ᠲᠦᠪᠰᠢᠨ ᠢ | ᠳᠡᠭᠡᠭᠰᠢᠯᠡᠭᠦᠯᠦᠨ᠎ᠡ | ︵ᠠᠷᠪᠠᠨ ᠳᠣᠯᠤᠭ᠎ᠠ︶ ᠡᠷᠬᠡ ᠲᠡᠭᠰᠢ ᠪᠠᠷ ᠠᠵᠢᠯ ᠣᠯᠬᠤ ᠡᠷᠬᠡ ᠠᠰᠢᠭ ᠢ ᠪᠠᠲᠤᠯᠠᠨ᠎ᠠ᠃ ᠭᠦᠳᠡᠯᠮᠦᠷᠢ ᠬᠦᠴᠦ᠂ | ᠴᠢᠳᠠᠪᠤᠷᠢᠲᠠᠨ ᠤ ᠰᠢᠯᠵᠢᠯᠲᠡ ᠶᠢ ᠨᠥᠯᠥᠭᠡᠯᠡᠬᠦ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ᠂ | ᠡᠷᠦᠭᠡ ᠠᠮᠠ ᠶᠢᠨ ᠲᠠᠩᠰᠠ᠂ ᠬᠥᠮᠥᠨ ᠬᠡᠷᠡᠭᠯᠡᠬᠦ᠂ ᠲᠠᠩᠰᠠ ᠡᠪᠬᠡᠮᠡᠯ ᠵᠡᠷᠭᠡ ᠦᠢᠯᠡᠴᠢᠯᠡᠭᠡᠨ ᠤ ᠥᠭᠡᠷᠡᠴᠢᠯᠡᠯᠲᠡ ᠶᠢ | ᠵᠡᠷᠭᠡ ᠪᠠᠷ ᠠᠬᠢᠭᠤᠯᠵᠤ᠂ ᠭᠠᠵᠠᠷ ᠣᠷᠣᠨ᠂ ᠪᠡᠶ᠎ᠡ ᠶᠢᠨ ᠭᠠᠷᠤᠯ᠂ ᠬᠦᠢᠰᠦ ᠶᠢᠨ ᠢᠯᠭᠠᠯ᠂ ᠨᠠᠰᠤ ᠵᠢᠯ ᠵᠡᠷᠭᠡ ᠡᠷᠬᠡ | ᠲᠡᠭᠰᠢ ᠪᠠᠷ ᠠᠵᠢᠯ ᠣᠯᠬᠤ ᠶᠢ ᠨᠥᠯᠥᠭᠡᠯᠡᠬᠦ ᠵᠦᠢ ᠵᠣᠬᠢᠰ ᠦᠭᠡᠢ ᠬᠢᠵᠠᠭᠠᠷᠯᠠᠯ ᠪᠠ ᠠᠵᠢᠯ ᠣᠯᠭᠤᠯᠲᠠ ᠶᠢᠨ | ᠭᠠᠳᠠᠭᠤᠷᠴᠢᠯᠠᠯ ᠢ ᠠᠷᠢᠯᠭᠠᠵᠤ᠂ ᠨᠡᠶᠢᠭᠡᠮ ᠤᠨ ᠰᠢᠯᠵᠢᠯᠲᠡ ᠶᠢᠨ ᠠᠷᠭ᠎ᠠ ᠵᠠᠮ ᠢ ᠰᠢᠯᠤᠭᠤᠳᠬᠠᠨ᠎ᠠ᠃ ᠠᠵᠢᠯ | ᠣᠯᠭᠤᠯᠲᠠ ᠶᠢᠨ ᠭᠠᠳᠠᠭᠤᠷᠴᠢᠯᠠᠯ ᠠᠴᠠ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠵᠦ᠂ ᠭᠦᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠬᠤ ᠬᠡᠪᠴᠢᠶᠡᠨ ᠳᠤ ᠬᠠᠤᠯᠢ ᠶᠣᠰᠣᠭᠠᠷ ᠣᠷᠣᠭᠤᠯᠵᠤ᠂ ᠢᠷᠭᠡᠨ ᠤ ᠬᠡᠷᠡᠭ ᠢᠶᠠᠷ | ᠵᠠᠭᠠᠯᠳᠤᠬᠤ ᠶᠢ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠪᠠᠶᠢᠴᠠᠭᠠᠬᠤ ᠠᠵᠢᠯ ᠢ ᠯᠠᠪᠳᠠᠭᠤᠨ ᠢᠶᠠᠷ ᠥᠷᠨᠢᠭᠦᠯᠦᠨ᠎ᠡ᠃ ᠵᠡᠮᠳᠡᠭᠴᠦᠳ ᠲᠤ ᠬᠠᠷᠢᠴᠠᠯ ᠶᠣᠰᠣᠭᠠᠷ ᠠᠵᠢᠯ ᠣᠯᠭᠤᠬᠤ᠂ | ᠲᠥᠪᠯᠡᠷᠡᠭᠦᠯᠦᠨ ᠠᠵᠢᠯ ᠣᠯᠭᠤᠬᠤ᠂ ᠪᠡᠶ᠎ᠡ ᠪᠠᠨ ᠳᠠᠭᠠᠭᠠᠵᠤ ᠠᠵᠢᠯ ᠣᠯᠬᠤ ᠶᠢ ᠠᠬᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠪᠠᠷ ᠠᠵᠢᠯ ᠣᠯᠭᠤᠬᠤ ᠶᠢ | ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠡᠮᠡᠭᠲᠡᠶᠢᠴᠦᠳ ᠤᠨ ᠠᠵᠢᠯ ᠣᠯᠵᠤ ᠦᠢᠯᠡᠰ ᠪᠣᠰᠬᠠᠬᠤ᠂ | ᠠᠵᠢᠯ ᠮᠡᠷᠭᠡᠵᠢᠯ ᠤᠨ ᠬᠥᠭᠵᠢᠯᠲᠡ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠢᠯ ᠮᠡᠷᠭᠡᠵᠢᠯ ᠤᠨ ᠡᠷᠡᠭᠦᠯ ᠮᠡᠨᠳᠦ | ᠬᠢᠭᠡᠳ ᠠᠮᠤᠷ ᠲᠦᠪᠰᠢᠨ ᠵᠡᠷᠭᠡ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠦᠷᠡᠵᠢᠯ ᠤᠨ | ᠪᠠᠲᠤᠯᠠᠭ᠎ᠠ᠂ ᠲᠦᠭᠡᠮᠡᠯ ᠬᠠᠷᠠᠭᠠᠯᠵᠠᠯᠲᠤ ᠨᠠᠶᠢᠳᠠᠨ ᠠᠰᠠᠷᠠᠭᠤᠯᠬᠤ᠂ ᠠᠵᠢᠯ ᠣᠯᠭᠤᠯᠲᠠ ᠶᠢ ᠲᠡᠳᠬᠦᠨ ᠳᠡᠮᠵᠢᠬᠦ ᠵᠡᠷᠭᠡ | ᠳᠡᠮᠵᠢᠯᠭᠡ ᠶᠢᠨ ᠰᠢᠰᠲ᠋ᠧᠮ ᠢ ᠪᠦᠷᠢᠨᠰᠢᠭᠦᠯᠵᠦ᠂ ᠦᠷᠡᠵᠢᠯ ᠳᠤ ᠨᠦᠭᠦᠷᠰᠡᠭ ᠠᠵᠢᠯ ᠣᠯᠭᠤᠯᠲᠠ ᠶᠢᠨ ᠣᠷᠴᠢᠨ | ᠨᠥᠬᠦᠴᠡᠯ ᠢ ᠪᠠᠶᠢᠭᠤᠯᠤᠨ᠎ᠠ᠃ | ︵ᠠᠷᠪᠠᠨ ᠨᠠᠢᠮᠠ︶ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠵᠦᠢ ᠵᠣᠬᠢᠰᠲᠠᠢ ᠨᠡᠮᠡᠭᠳᠡᠯ ᠢ ᠠᠬᠢᠭᠤᠯᠤᠨ᠎ᠠ᠃ | ᠭᠦᠳᠡᠯᠮᠦᠷᠢ᠂ ᠮᠡᠳᠡᠯᠭᠡ᠂ ᠮᠡᠷᠭᠡᠵᠢᠯ ᠵᠡᠷᠭᠡ ᠡᠯᠧᠮᠧᠨ᠋ᠲ ᠤᠨ ᠦᠵᠡᠭᠦᠯᠦᠭᠰᠡᠨ ᠬᠤᠪᠢ ᠨᠡᠮᠡᠷᠢ ᠪᠠᠷ ᠢᠶᠠᠨ | ᠬᠤᠪᠢᠶᠠᠷᠢᠯᠠᠯᠲᠠ ᠳᠤ ᠣᠷᠤᠯᠴᠠᠬᠤ ᠠᠩᠬᠠᠨ ᠤ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠠᠩᠬᠠᠨ ᠤ ᠬᠤᠪᠢᠶᠠᠷᠢᠯᠠᠯᠲᠠ ᠳᠠᠬᠢ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠬᠤᠪᠢ ᠶᠢᠨ ᠵᠢᠩ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠴᠠᠯᠢᠩ ᠣᠷᠣᠯᠭ᠎ᠠ ᠶᠢᠨ ᠬᠤᠪᠢᠶᠠᠷᠢᠯᠠᠯᠲᠠ ᠳᠤ ᠬᠠᠨᠳᠤᠭᠤᠯᠤᠭᠰᠠᠨ | ᠬᠤᠷᠸ᠎ᠠ ᠵᠢᠯᠣᠭᠤᠳᠤᠯᠭ᠎ᠠ ᠶᠢ ᠴᠢᠩᠭᠠᠳᠬᠠᠵᠤ᠂ ᠬᠥᠳᠡᠯᠮᠦᠷᠢᠯᠡᠭᠴᠢᠳ ᠤᠨ ᠴᠠᠯᠢᠩ ᠢ ᠲᠣᠭᠲᠠᠭᠠᠬᠤ᠂ ᠵᠦᠢ ᠵᠣᠬᠢᠰᠲᠠᠢ | ᠪᠠᠷ ᠨᠡᠮᠡᠭᠳᠡᠭᠦᠯᠬᠦ᠂ ᠴᠠᠯᠢᠩ ᠢ ᠥᠭᠬᠦ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠠᠷᠪᠠ ᠶᠢᠰᠦ︶ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠭᠦᠳᠡᠯᠮᠦᠷᠢ ᠶᠢᠨ | ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠠᠴᠠ | ᠬᠥᠳᠡᠯᠮᠦᠷᠢᠴᠢᠳ ᠤᠨ ᠭᠦᠳᠡᠯᠮᠦᠷᠢ ᠶᠢᠨ ᠬᠥᠯᠥᠰᠦ ᠣᠯᠭᠤᠮᠵᠢ ᠪᠠᠨ ᠣᠯᠬᠤ᠂ ᠠᠮᠠᠷᠠᠬᠤ ᠪᠠ ᠠᠮᠠᠷᠠᠯᠲᠠ ᠶᠢᠨ ᠴᠢᠯᠦᠭᠡ | ᠠᠪᠬᠤ᠂ ᠭᠦᠳᠡᠯᠮᠦᠷᠢ ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠭᠦᠷᠳᠡᠭᠦ ᠵᠡᠷᠭᠡ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠶᠢ ᠠᠬᠢᠭᠤᠯᠤᠨ᠎ᠠ᠃ ᠭᠦᠳᠡᠯᠮᠦᠷᠢ ᠶᠢᠨ ᠪᠠᠲᠤᠯᠠᠭ᠎ᠠ ᠶᠢᠨ | ᠬᠢᠨᠠᠨ ᠪᠠᠶᠢᠴᠠᠭᠠᠯᠲᠠ᠂ ᠭᠦᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ | ᠲᠠᠰᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ ᠴᠠᠯᠢᠩ ᠬᠥᠯᠥᠰᠦ ᠶᠢ ᠥᠷᠢᠲᠦᠬᠦ | ᠳᠠᠭᠠᠳᠬᠠᠯ ᠢ ᠥᠷᠢᠲᠦᠬᠦ᠂ ᠬᠠᠤᠯᠢ ᠠᠴᠠ ᠵᠥᠷᠢᠴᠡᠨ ᠣᠷᠣᠨ ᠲᠤᠭ᠎ᠠ ᠶᠢ ᠬᠠᠰᠤᠬᠤ᠂ ᠠᠵᠢᠯ ᠡᠷᠢᠬᠦ ᠤᠨᠠᠭᠤᠯᠢ ᠵᠡᠷᠭᠡ | ᠡᠷᠦᠢ ᠬᠤᠷᠤᠢ ᠦᠭᠡᠢ ᠦᠵᠡᠭᠳᠡᠯ ᠢ ᠪᠦᠲᠦᠮᠵᠢᠲᠡᠶ ᠵᠠᠰᠠᠨ᠎ᠠ᠃ | ︵ᠬᠤᠷᠢ︶ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠥᠮᠥᠨ ᠬᠡᠷᠡᠭᠯᠡᠬᠦ ᠨᠢᠭᠡᠴᠢ | ᠵᠢᠴᠢ ᠠᠵᠢᠯᠲᠠᠨ ᠠᠵᠢᠯᠴᠢᠨ ᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠤᠯᠴᠠᠬᠤ ᠶᠢ ᠠᠬᠢᠭᠤᠯᠵᠤ᠂ | ᠠᠮᠢᠳᠤᠯᠢᠭ ᠢᠶᠠᠷ ᠠᠵᠢᠯ ᠣᠯᠣᠭᠰᠠᠨ ᠬᠥᠮᠥᠰ᠂ ᠬᠥᠯᠥᠰᠦᠨ ᠲᠠᠷᠢᠶᠠᠴᠢᠨ᠂ ᠰᠢᠨ᠎ᠡ ᠠᠵᠢᠯ ᠣᠯᠭᠤᠯᠲᠠ ᠶᠢᠨ ᠭᠡᠯᠪᠡᠷᠢ | ᠳᠤ ᠠᠵᠢᠯᠯᠠᠬᠤ ᠬᠥᠮᠥᠰ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠠᠵᠢᠯ ᠣᠯᠣᠭᠰᠠᠨ | ᠭᠠᠵᠠᠷ ᠲᠠᠭᠠᠨ ᠳᠠᠭᠠᠳᠬᠠᠯ ᠳᠤ ᠣᠷᠤᠯᠴᠠᠬᠤ ᠡᠷᠦᠭᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠪᠦᠭᠦ ᠲᠠᠯ᠎ᠠ ᠪᠠᠷ | ᠦᠭᠡᠶᠢᠰᠬᠡᠨ᠎ᠡ᠃ ᠠᠵᠢᠯ ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠠᠵᠢᠯ ᠮᠡᠷᠭᠡᠵᠢᠯ ᠤᠨ ᠬᠥᠳᠡᠯᠮᠦᠷᠢᠴᠢᠨ ᠳᠤ | ᠥᠷᠭᠡᠨ ᠢᠶᠠᠷ ᠪᠦᠷᠬᠦᠭᠦᠯᠬᠦ ᠶᠢ ᠠᠬᠢᠭᠤᠯᠤᠨ᠎ᠠ᠃ ᠠᠵᠢᠯ ᠣᠯᠭᠤᠯᠲᠠ ᠬᠢᠭᠡᠳ ᠠᠵᠢᠯ ᠠᠯᠳᠠᠭᠰᠠᠳ ᠤᠨ ᠳᠠᠭᠠᠳᠬᠠᠯ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠲᠣᠭᠲᠠᠭᠠᠯ ᠶᠣᠰᠣᠭᠠᠷ | ᠪᠣᠳᠠᠲᠠᠶᠢᠵᠢᠭᠤᠯᠵᠤ᠂ ᠳᠡᠰ ᠳᠠᠪᠬᠤᠷᠭ᠎ᠠ ᠲᠥᠷᠥᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ | ᠬᠠᠩᠭᠠᠵᠤ᠂ ᠠᠯᠬᠤᠮ ᠠᠯᠬᠤᠮ ᠢᠶᠠᠷ ᠨᠠᠭᠠᠲᠤ ᠵᠠᠬ᠎ᠠ ᠶᠢᠨ ᠪᠠᠲᠤᠯᠠᠭ᠎ᠠ ᠭᠦᠷᠳᠡᠭᠦ ᠪᠠᠶᠢᠳᠠᠯ ᠠᠴᠠ ᠭᠠᠷᠭᠠᠬᠤ ᠴᠠᠭ | ᠬᠤᠭᠤᠴᠠᠭ᠎ᠠ ᠶᠢᠨ ᠬᠢᠵᠠᠭᠠᠷ ᠪᠣᠯᠣᠨ ᠠᠵᠢᠯ ᠣᠯᠭᠤᠬᠤ ᠥᠪᠡᠷ ᠤᠨ ᠥᠷᠲᠡᠭ ᠢ ᠰᠠᠭᠤᠯᠭᠠᠨ ᠬᠠᠰᠤᠬᠤ | ᠲᠣᠭᠲᠠᠭᠠᠯ ᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ᠲᠤᠯᠤᠭ᠎ᠠ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠬᠠᠮᠲᠤᠷᠠᠯ | ᠬᠦᠴᠦᠨ ᠢ ᠨᠢᠭᠲᠠᠷᠠᠭᠤᠯᠤᠨ᠎ᠠ | ︵ᠬᠤᠷᠢᠨ ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠨᠠᠮ ᠤᠨ | ᠤᠳᠤᠷᠢᠳᠤᠯᠭ᠎ᠠ ᠶᠢ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠡᠯ᠎ᠡ ᠬᠦᠷᠢᠶ᠎ᠡ | ᠴᠠᠷᠠᠭ᠎ᠠ ᠪᠦᠭᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠨ᠎ᠠ᠃ ᠠᠵᠢᠯ ᠣᠯᠭᠤᠯᠲᠠ ᠶᠢᠨ ᠠᠵᠢᠯ ᠢ ᠰᠢᠶᠠᠨ ᠠᠴᠠ | ᠳᠡᠭᠡᠭᠰᠢᠬᠢ ᠨᠠᠮ ᠵᠠᠰᠠᠭ ᠤᠨ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ | ᠴᠢᠬᠤᠯᠠ ᠠᠭᠤᠯᠭ᠎ᠠ ᠪᠤᠯᠭᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠣᠯᠭᠤᠯᠲᠠ ᠶᠢᠨ ᠠᠵᠢᠯ ᠢ | ᠬᠥᠬᠢᠭᠦᠯᠦᠨ ᠰᠠᠶᠢᠰᠢᠶᠠᠬᠤ ᠶᠢ ᠥᠷᠨᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠣᠨ ᠨᠢᠭᠡᠴᠢ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ | ᠪᠤᠯᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠂ ᠳᠦᠷᠢᠮ ᠤᠨ ᠲᠣᠭᠲᠠᠴᠠ ᠶᠢ ᠪᠦᠷᠢᠨᠰᠢᠭᠦᠯᠵᠦ᠂ | ᠠᠵᠢᠯ ᠤᠨ ᠬᠠᠮᠲᠤᠷᠠᠯ ᠬᠦᠴᠦᠨ ᠢ ᠴᠢᠩᠭᠠᠷᠠᠭᠤᠯᠤᠨ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠦᠷ᠎ᠡ | ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠷᠢᠨ ᠬᠤᠶᠠᠷ︶ ᠲᠤᠯᠭᠠᠭᠤᠷᠢᠯᠠᠵᠤ ᠪᠠᠲᠤᠯᠠᠬᠤ ᠶᠢ ᠴᠢᠩᠭᠠᠳᠬᠠᠨ᠎ᠠ᠃ ᠠᠵᠢᠯ ᠣᠯᠭᠤᠯᠲᠠ ᠶᠢ ᠠᠬᠢᠭᠤᠯᠬᠤ᠂ | ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠰᠡᠷᠭᠦᠴᠡᠬᠦ ᠬᠤᠯᠪᠣᠭᠳᠠᠯ ᠪᠦᠬᠦᠢ ᠬᠠᠤᠯᠢ ᠳᠦᠷᠢᠮ ᠢ ᠰᠤᠳᠤᠯᠤᠨ | ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ ᠵᠦᠢ ᠵᠣᠬᠢᠰᠲᠠᠢ ᠲᠣᠬᠢᠷᠠᠭᠤᠯᠵᠤ᠂ | ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ᠂ ᠡᠯ᠎ᠡ ᠲᠥᠷᠥᠯ ᠤᠨ ᠠᠵᠤ ᠦᠢᠯᠡᠰ ᠢ ᠬᠥᠲᠥᠯᠥᠨ | ᠵᠢᠯᠤᠭᠤᠳᠬᠤ ᠰᠠᠭᠤᠷᠢ ᠮᠥᠩᠭᠦ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ ᠠᠵᠢᠯ | ᠣᠯᠭᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠶᠢ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ᠤᠨ ᠠᠵᠢᠯ | ᠣᠯᠭᠤᠯᠲᠠ ᠶᠢᠨ ᠤᠨᠤᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠵᠢᠯ ᠣᠯᠭᠤᠯᠲᠠ ᠶᠢᠨ ᠤᠨᠤᠯ ᠤᠨ ᠰᠤᠳᠤᠯᠭᠠᠨ | ᠪᠠ ᠵᠥᠪᠯᠡᠯᠭᠡ ᠥᠭᠬᠦ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢᠨ | ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠪᠠᠶᠢᠩᠭᠤᠵᠢᠭᠰᠠᠨ ᠶᠠᠷᠢᠯᠴᠠᠭᠠᠨ ᠤ | ᠲᠣᠭᠲᠠᠴᠠ ᠶᠢ ᠪᠠᠶᠢᠭᠤᠯᠵᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠬᠦᠷᠢᠶᠡᠨ ᠳᠠᠬᠢ ᠳᠡᠯᠡᠬᠡᠢ ᠳᠡᠭᠡᠷᠡᠬᠢ | ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ︵ᠬᠤᠷᠢᠨ ᠭᠤᠷᠪᠠ︶ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠴᠢᠨᠠᠷ ᠰᠠᠶᠢᠲᠠᠢ ᠭᠦᠢᠴᠡᠳ | ᠠᠵᠢᠯ ᠣᠯᠭᠤᠯᠲᠠ ᠶᠢᠨ ᠪᠦᠷᠢᠳᠬᠡᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢᠨ ᠪᠠᠶᠢᠴᠠᠭᠠᠯᠲᠠ ᠶᠢᠨ ᠳᠦᠷᠢᠮ ᠢ ᠲᠣᠭᠲᠠᠭᠠᠵᠤ᠂ ᠴᠢᠨᠠᠷ ᠰᠠᠶᠢᠲᠠᠢ ᠭᠦᠢᠴᠡᠳ | ᠠᠵᠢᠯ ᠣᠯᠭᠤᠯᠲᠠ ᠶᠢ ᠦᠨᠡᠯᠡᠬᠦ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠦᠨ᠎ᠡ᠃ ᠬᠡᠪᠴᠢᠶᠡᠵᠢᠯ ᠤᠨ | ᠴᠢᠨᠠᠷᠲᠠᠢ ᠠᠵᠢᠯ ᠠᠯᠳᠠᠬᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠲᠥᠷᠥ ᠶᠢᠨ ᠪᠣᠳᠣᠯᠭ᠎ᠠ ᠶᠢᠨ ᠨᠥᠭᠡᠴᠡ ᠪᠠ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠨ᠂ ᠨᠥᠬᠦᠴᠡᠯ ᠲᠠᠢ ᠭᠠᠵᠠᠷ ᠣᠷᠣᠨ ᠨᠢ ᠠᠵᠢᠯ ᠣᠯᠭᠤᠯᠲᠠ ᠶᠢᠨ | ᠲᠦᠭᠰᠢᠭᠦᠷᠢ ᠶᠢᠨ ᠨᠥᠭᠡᠴᠡ ᠮᠥᠩᠭᠦ ᠶᠢ ᠪᠠᠶᠢᠭᠤᠯᠵᠤ᠂ ᠠᠵᠢᠯ ᠣᠯᠭᠤᠯᠲᠠ ᠶᠢᠨ ᠬᠦᠷᠢᠶᠡᠨ ᠳᠠᠬᠢ ᠬᠦᠨᠳᠦ ᠶᠡᠭᠡ | ᠲᠦᠭᠰᠢᠭᠦᠷᠢ ᠶᠢ ᠲᠣᠬᠢᠲᠠᠢ ᠠᠷᠭᠠᠴᠠᠭᠠᠵᠤ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ | ᠮᠡᠷᠭᠡᠵᠢᠯ ᠤᠨ ᠲᠦᠷᠭᠡᠨ ᠬᠥᠭᠵᠢᠯᠲᠡ ᠶᠢᠨ ᠠᠵᠢᠯ ᠣᠯᠭᠤᠯᠲᠠ ᠳᠤ ᠦᠵᠡᠭᠦᠯᠭᠦ ᠨᠥᠯᠥᠭᠡ ᠶᠢ ᠢᠳᠡᠪᠬᠢᠲᠡᠢ | ᠠᠷᠭᠠᠴᠠᠭᠠᠨ᠎ᠠ᠃ | ︵ᠬᠤᠷᠢᠨ ᠳᠥᠷᠪᠡ︶ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠎ᠠ᠃ ᠲᠥᠪᠯᠡᠷᠡᠩᠭᠦᠢ ᠴᠢᠨᠠᠷᠲᠠᠢ | ᠠᠵᠢᠯ ᠣᠯᠭᠤᠯᠲᠠ ᠶᠢ ᠠᠬᠢᠭᠤᠯᠬᠤ ᠪᠠ ᠤᠷ᠎ᠠ ᠮᠡᠷᠭᠡᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠴᠠᠭ ᠲᠤᠨᠢ | ᠲᠣᠬᠢᠷᠠᠭᠤᠯᠤᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ | ᠴᠢᠩᠭᠠᠷᠠᠭᠤᠯᠤᠨ᠂ ᠨᠡᠶᠢᠲᠡᠯᠢᠭ ᠲᠤᠷᠰᠢᠯᠭ᠎ᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠬᠠᠢ ᠳᠤᠨᠢ | ᠳ᠋ᠦᠩᠨᠡᠨ ᠤᠬᠠᠭᠤᠯᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠪᠦᠭᠦ | ᠨᠡᠶᠢᠭᠡᠮ ᠢᠶᠠᠷ ᠢᠶᠠᠨ ᠠᠵᠢᠯ ᠣᠯᠭᠤᠯᠲᠠ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ | ᠪᠤᠯᠭᠠᠬᠤ ᠶᠢ ᠠᠬᠢᠭᠤᠯᠤᠨ᠎ᠠ᠃ | |