ᠨᠠᠯᠠᠭᠠᠷ ᠨᠠᠮᠤᠷ ᠤᠨ ᠥᠪᠥᠷ ᠮᠣᠩᠭᠤᠯ ᠵᠦᠢᠯ ᠤᠨ ᠥᠩᠭᠡ ᠪᠠᠷ ᠴᠢᠮᠡᠭᠳᠡᠨ ᠲᠦᠷᠪᠡᠨ ᠵᠦᠭ ᠨᠠᠢᠮᠠᠨ ᠵᠣᠪᠬᠢᠰ | ᠤᠨ ᠵᠢᠭᠤᠯᠴᠢᠯᠠᠬᠰᠠᠳ ᠤᠨ ᠬᠦᠰᠡᠯ ᠤᠨ ᠣᠷᠣᠨ ᠪᠣᠯᠵᠠᠢ᠃ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ | ᠲᠢᠩᠬᠢᠮ ᠠᠴᠠ ᠣᠶᠢᠯᠠᠭᠠᠭᠰᠠᠨ ᠢᠶᠠᠷ᠂ ᠰᠠᠶ᠋ᠢᠬᠠᠨ ᠥᠩᠭᠡᠷᠡᠭᠰᠡᠨ ᠤᠯᠤᠰ ᠤᠨ ᠪᠠᠶᠠᠷ ᠤᠨ ᠠᠮᠠᠷᠠᠯᠲᠠ ᠶᠢᠨ ᠡᠮᠦᠨ᠎ᠡ 6 | ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 1767.08 ᠲᠦᠮᠡᠨ ᠬᠥᠮᠥᠨ | ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠷᠡᠭᠯᠡᠭᠡ 124.22 | ᠳ᠋ᠦᠩᠰᠢᠭᠤᠷ ᠲᠥᠭᠦᠷᠢᠭ ᠲᠤ ᠬᠦᠷᠴᠡᠢ᠃ | ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨᠡᠬᠡᠨ ᠮᠠᠨ ᠤ ᠣᠷᠣᠨ ︽ᠠᠶᠠᠯᠭᠤᠲᠤ ᠵᠢᠭᠤᠯᠴᠢᠯᠠᠯ ᠥᠪᠥᠷ | ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠨᠡᠶᠢᠲᠡᠯᠡᠨ᠂ ︽ᠨᠠᠯᠠᠭᠠᠷ ᠨᠠᠮᠤᠷ ᠤᠨ | ᠤᠷᠢᠯᠭ᠎ᠠ︾ 20 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠡᠯ᠎ᠡ ᠠᠶᠢᠮᠠᠭ ᠬᠤᠳᠠ ᠶᠢᠨ ᠬᠢᠨ | ᠪᠠᠰᠠ ᠤᠯᠤᠰ ᠤᠨ ᠪᠠᠶᠠᠷ ᠤᠨ ᠠᠮᠠᠷᠠᠯᠲᠠ ᠳᠤ ᠵᠣᠷᠢᠭᠤᠯᠤᠨ 130 ᠵᠦᠢᠯ ᠤᠨ ᠭᠤᠣᠯᠳᠠᠯᠭ᠎ᠠ ᠲᠠᠢ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ ᠥᠷᠨᠢᠭᠦᠯᠵᠡᠢ᠃ ᠰᠢᠶᠧ ᠴᠧᠩ ᠰᠦᠯᠵᠢᠶᠡᠨ ᠤ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ ᠥᠪᠥᠷ ᠮᠣᠩᠭᠤᠯ ᠤᠨ | ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15% ᠪᠠᠷ | ᠨᠡᠮᠡᠭᠳᠡᠨ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠵᠠᠬᠢᠶᠠᠯᠠᠭ᠎ᠠ ᠶᠢᠨ ᠬᠡᠮᠵᠢᠶ᠎ᠡ 23% ᠪᠠᠷ ᠨᠡᠮᠡᠭᠳᠡᠵᠦ᠂ | ᠣᠷᠣᠨ ᠤ ᠭᠠᠳᠠᠨᠠᠬᠢ ᠵᠢᠭᠤᠯᠴᠢᠯᠠᠭᠴᠢ ᠶᠢᠨ ᠳᠣᠲᠣᠷ᠎ᠠ ᠪᠡᠭᠡᠵᠢᠩ᠂ ᠱᠠᠩᠬᠠᠢ᠂ ᠲᠢᠶᠠᠨᠵᠢᠨ᠂ ᠮᠦᠭᠳᠡᠨ᠂ ᠰᠢ ᠠᠨ ᠤ | ᠵᠢᠭᠤᠯᠴᠢᠯᠠᠭᠴᠢ ᠣᠯᠠᠩᠬᠢ ᠲᠤᠭ᠎ᠠ ᠶᠢ ᠡᠵᠡᠯᠡᠪᠡ᠃ | ᠤᠯᠤᠰ ᠤᠨ ᠪᠠᠶᠠᠷ ᠤᠨ ᠠᠮᠠᠷᠠᠯᠲᠠ ᠳᠤ ᠤᠯᠠᠭᠠᠨᠬᠠᠳᠠ ᠬᠤᠳᠠ ᠶᠢᠨ ᠬᠡᠰᠢᠭᠲᠡᠨ ᠬᠤᠰᠢᠭᠤ ᠬᠠᠯᠠᠭᠤᠨ | ᠷᠠᠰᠢᠶᠠᠨ᠂ ᠬᠤᠩᠭᠤ ᠶᠢᠨ ᠳᠠᠪᠠᠭ᠎ᠠ᠂ ᠠᠰᠬᠠᠲᠤ ᠶᠢᠨ ᠴᠢᠯᠠᠭᠤᠨ ᠤᠢ᠂ ᠳᠠᠯᠠᠶᠢᠨᠠᠭᠤᠷ ᠵᠡᠷᠭᠡ ᠰᠣᠩᠭᠤᠳᠠᠭ ᠦᠵᠡᠮᠵᠢ | ᠶᠢᠨ ᠴᠡᠭ ᠢ ᠪᠠᠭᠲᠠᠭᠠᠭᠰᠠᠨ ᠡᠲᠡᠭᠡᠳ ᠰᠠᠶᠢᠬᠠᠨ ᠨᠠᠮᠤᠷ ᠤᠨ ᠥᠩᠭᠡ ᠦᠵᠡᠮᠵᠢ ᠶᠢ ᠪᠦᠷᠢᠨ ᠬᠠᠷᠠᠭᠤᠯᠤᠭᠰᠠᠨ | ᠵᠢᠭᠤᠯᠴᠢᠯᠠᠯ ᠤᠨ ᠵᠠᠮ ᠱᠤᠭᠤᠮ ᠢ ᠨᠡᠶᠢᠳᠡᠯᠡᠪᠠ᠃ ᠤᠯᠠᠭᠠᠨᠬᠤᠲᠠ ︽ᠨᠢᠭᠡ ᠣᠷᠳᠣᠨ ᠭᠤᠷᠪᠠᠨ ᠪᠠᠭᠤᠷᠢ︾ ᠪᠠᠷ ᠭᠤᠣᠯ | ᠪᠤᠯᠭᠠᠬᠰᠠᠨ ᠬᠤᠪᠢᠰᠬᠠᠯ ᠤᠨ ᠵᠢᠭᠤᠯᠴᠢᠯᠠᠯ ᠥᠷᠨᠢᠭᠦᠯᠵᠦ᠂ ᠥᠪᠥᠷ ᠮᠣᠩᠭᠤᠯ ᠤᠨ ᠬᠤᠪᠢᠰᠬᠠᠯ ᠤᠨ ᠤᠳᠤᠮᠰᠢᠯ ᠢ | ᠰᠣᠶᠣᠯ ᠵᠢᠭᠤᠯᠴᠢᠯᠠᠯ ᠲᠠᠢ ᠡᠪᠯᠢᠭ ᠰᠠᠶᠢᠬᠠᠨ ᠠᠭᠤᠰᠤᠯᠴᠠᠭᠤᠯᠤᠨ ᠵᠢᠭᠤᠯᠴᠢᠯᠠᠬᠰᠠᠳ ᠤᠨ ᠰᠣᠨᠢᠷᠬᠠᠯ ᠢ ᠳᠠᠳᠠᠯ᠎ᠠ; | ᠭᠦᠭᠡᠬᠤᠲᠠ ᠮᠣᠷᠢ ᠪᠠᠷ ᠭᠤᠣᠯ ᠰᠡᠳᠦᠪ ᠪᠣᠯᠭᠠᠨ 14 ᠲᠦᠷᠦᠯ ᠤᠨ ᠠᠵᠢᠯᠯᠠᠭ᠎ᠠ ᠥᠷᠨᠢᠭᠦᠯᠵᠦ᠂ ᠪᠤᠭᠤᠲᠤ ᠬᠤᠲᠠ | ︽ᠪᠤᠭᠤᠲᠤ ᠶᠢᠨ ᠡᠷᠲᠡᠨ ᠤ ᠬᠤᠲᠠ ᠶᠢᠨ ᠲᠠᠯ᠎ᠠ ᠨᠤᠲᠤᠭ ᠤᠨ ᠨᠠᠭᠠᠳᠤᠮ︾ ᠵᠡᠷᠭᠡ 12 ᠲᠦᠷᠦᠯ ᠤᠨ ᠠᠵᠢᠯᠯᠠᠭ᠎ᠠ | ᠶᠠᠪᠤᠬᠳᠠᠭᠤᠯᠪᠠ᠃ ᠬᠥᠯᠥᠨ ᠪᠤᠶᠢᠷ ᠬᠤᠲᠠ ︽ᠠᠯᠲᠠᠨ ᠨᠠᠮᠤᠷ ᠤᠨ ᠠᠷᠪᠠᠨ ᠰᠠᠷ᠎ᠠ ᠮᠥᠷᠥᠭᠡᠳᠦᠯ ᠤᠨ ᠨᠤᠲᠤᠭ︾ | ᠥᠪᠡᠰᠦᠪᠡᠨ ᠮᠠᠰᠢᠨ ᠲᠡᠷᠭᠡ ᠪᠠᠷᠢᠵᠤ ᠵᠢᠭᠤᠯᠴᠢᠯᠠᠬᠤ ᠠᠵᠢᠯᠯᠠᠭ᠎ᠠ ᠵᠡᠷᠭᠡ 6 ᠲᠦᠷᠦᠯ ᠤᠨ ᠠᠵᠢᠯᠯᠠᠭ᠎ᠠ ᠪᠠᠷ ᠥᠷᠭᠡᠨ | ᠤᠯᠠᠨ ᠵᠢᠭᠤᠯᠴᠢᠯᠠᠭᠴᠢ ᠳᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠤᠨ ᠷᠢᠳᠢ ᠰᠢᠳᠢ ᠶᠢ | ᠮᠡᠳᠡᠷᠡᠭᠦᠯᠵᠦ᠂ ᠲᠦᠩᠯᠢᠶᠣᠣ ᠬᠤᠲᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠣᠶ ᠶᠢ ᠪᠡᠯᠭᠡᠯᠡᠬᠦ ᠤᠯᠠᠭᠠᠨᠮᠥ᠋ᠴᠢᠷ ᠤᠨ ᠬᠠᠮᠲᠤᠷᠠᠭᠰᠠᠨ ᠲᠣᠬᠯᠠᠯᠲᠠ︾ ᠭᠠᠷᠭᠠᠨ ᠣᠯᠠᠨ ᠲᠦᠮᠡᠨ ᠳᠤ ᠪᠠᠶᠠᠷ | ᠤᠨ ᠡᠳᠦᠷ ᠤᠨ ᠪᠠᠶᠠᠷ ᠪᠠᠶᠠᠰᠤᠯ ᠬᠦᠷᠭᠡᠬᠦ 10 ᠲᠦᠷᠦᠯ ᠤᠨ ᠠᠵᠢᠯᠯᠠᠭ᠎ᠠ ᠥᠷᠨᠢᠭᠦᠯᠪᠡ ᠁ ᠪᠦᠭᠦ ᠣᠷᠣᠨ ᠤ | ᠡᠯ᠎ᠡ ᠭᠠᠵᠠᠷ ᠤᠨ ᠬᠢᠨ ᠡᠯᠪᠡᠭ ᠪᠠᠶᠠᠯᠢᠭ ᠤᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠬᠥᠮᠥᠰ | ᠤᠨ ᠤᠯᠤᠰ ᠤᠨ ᠪᠠᠶᠠᠷ ᠤᠨ ᠠᠮᠠᠷᠠᠯᠲᠠ ᠪᠠᠨ ᠪᠠᠶᠠᠷ ᠭᠦᠷ ᠲᠠᠢ ᠥᠩᠭᠡᠷᠡᠭᠦᠯᠬᠦ ᠳᠤ ᠬᠠᠨᠤᠮᠵᠢᠳᠠᠢ ᠰᠣᠩᠭᠤᠯᠲᠠ | ᠬᠠᠩᠭᠠᠵᠤ᠂ ᠰᠢᠨ᠎ᠡ ᠰᠡᠪᠡᠭᠦᠨ ᠵᠢᠭᠤᠯᠴᠢᠯᠠᠯ ᠤᠨ ᠪᠦᠲᠦᠭᠡᠭᠳᠡᠬᠦᠨ ᠨᠢ ︽ᠬᠤᠭᠤᠯᠠ ᠬᠤᠨᠤᠭ᠂ ᠵᠤᠭ᠎ᠠ ᠴᠡᠩᠭᠡᠬᠦᠨ᠂ | ᠪᠠᠷᠠᠭ᠎ᠠ ᠲᠠᠸᠠᠷ︾ ᠤᠨ ᠡᠯ᠎ᠡ ᠭᠤᠭᠴᠤᠭ᠎ᠠ ᠶᠢ ᠪᠦᠷᠢᠨ ᠬᠠᠮᠤᠷᠴᠤ᠂ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ | ᠶᠢ ᠭᠠᠶᠢᠬᠠᠭᠤᠯᠵᠠᠢ᠃ | | |