ᠮᠠᠨ ᠤ ᠣᠷᠣᠨ ᠡᠯᠧᠺᠲᠷᠣᠨ ᠭᠦᠳᠡᠯᠮᠦᠷᠢ ᠶᠢᠨ ᠭᠡᠷ᠎ᠡ ᠶᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2024/10/9
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠠᠴᠠ ᠨᠠᠭᠠᠰᠢ ᠮᠠᠨ ᠤ ᠣᠷᠣᠨ ᠭᠦᠳᠡᠯᠮᠦᠷᠢ ᠶᠢᠨ ᠭᠡᠷ᠎ᠡ ᠶᠢᠨ ᠪᠦᠭᠦ ᠶᠠᠪᠤᠴᠠ ᠶᠢᠨ ᠡᠯᠧᠺᠲ᠋ᠣᠷᠣᠨᠴᠢᠯᠠᠭᠰᠠᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠡᠯᠧᠺᠲᠷᠣᠨ ᠭᠦᠳᠡᠯᠮᠦᠷᠢ ᠶᠢᠨ ᠭᠡᠷ᠎ᠡ ᠶᠢ ᠭᠦᠭᠡᠬᠤᠲᠠ᠂ ᠦᠬᠠᠢ᠂ ᠣᠷᠳᠣᠰ᠂ ᠤᠯᠠᠭᠠᠨᠬᠠᠳᠠ ᠪᠠ ᠲᠦᠩᠯᠢᠶᠣᠣ ᠵᠡᠷᠭᠡ 5 ᠲᠤᠷᠰᠢᠯᠲᠠ ᠶᠢᠨ ᠴᠡᠭ ᠤᠨ ᠠᠶᠢᠮᠠᠭ ᠬᠤᠲᠠ ᠪᠠᠶᠢᠭᠰᠠᠨ ᠠᠴᠠ ᠣᠳᠣᠬᠠᠨ ᠪᠤᠯᠲᠠᠯ᠎ᠠ ᠪᠦᠭᠦ ᠣᠷᠣᠨ ᠳᠤ ᠳᠡᠯᠭᠡᠷᠡᠭᠦᠯᠦᠨ ᠬᠡᠷᠡᠭᠯᠡᠵᠦ᠂ 12 ᠠᠶᠢᠮᠠᠭ ᠬᠤᠲᠠ᠂ 103 ᠬᠤᠰᠢᠭᠤ ᠰᠢᠶᠠᠨ ᠢ ᠬᠠᠮᠤᠷᠬᠤ ᠶᠢ ᠪᠡᠶᠡᠯᠡᠭᠦᠯᠵᠦ᠂ ᠪᠦᠭᠦ ᠣᠷᠣᠨ ᠳᠤ ᠨᠢᠭᠡᠨᠲᠡ 65.5 ᠲᠦᠮᠡᠨ ᠬᠤᠪᠢ ᠡᠯᠧᠺᠲᠷᠣᠨ ᠭᠦᠳᠡᠯᠮᠦᠷᠢ ᠶᠢᠨ ᠭᠡᠷ᠎ᠡ ᠲᠣᠭᠲᠠᠵᠤ᠂ 1.27 ᠲᠦᠮᠡᠨ ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠪᠠ᠃      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠡᠷᠡᠭᠯᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠭᠡᠷᠡᠴᠢᠯᠡᠭᠡ ᠬᠢᠬᠦ ᠦᠢᠯᠡᠴᠢᠯᠡᠭᠡᠨ ᠤ ᠰᠢᠰᠲ᠋ᠧᠮ ᠳᠤ ᠭᠦᠢᠴᠡᠳ ᠲᠦᠰᠢᠭᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠳᠤ ᠡᠯᠧᠺᠲᠷᠣᠨ ᠭᠦᠳᠡᠯᠮᠦᠷᠢ ᠶᠢᠨ ᠭᠡᠷ᠎ᠡ ᠶᠢᠨ ᠦᠢᠯᠡᠴᠢᠯᠡᠭᠡᠨ ᠤ ᠴᠢᠳᠠᠮᠵᠢ ᠨᠡᠮᠡᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠵᠡᠷᠭᠡ ᠪᠠᠷ ᠠᠵᠢᠯᠯᠠᠭᠤᠯᠬᠤ ᠭᠡᠷ᠎ᠡ ᠲᠣᠭᠲᠠᠭᠠᠬᠤ ᠶᠠᠪᠤᠴᠠ ᠶᠢ ᠲᠣᠭᠲᠠᠭᠠᠨ᠂ ᠰᠦᠢᠳᠬᠡᠯ ᠬᠤᠷᠢᠶᠠᠬᠤ ᠦᠭᠡᠢ ᠪᠠᠷ ᠡᠯᠧᠺᠲᠷᠣᠨ ᠲᠠᠮᠠᠭ᠎ᠠ ᠲᠣᠬᠢᠷᠠᠭᠤᠯᠬᠤ᠂ ᠭᠦᠳᠡᠯᠮᠦᠷᠢ ᠶᠢᠨ ᠭᠡᠷ᠎ᠡ ᠲᠣᠭᠲᠠᠬᠤ᠂ ᠬᠦᠴᠦᠨ ᠦᠭᠡᠢ ᠪᠤᠯᠭᠠᠬᠤ᠂ ᠦᠷᠭᠦᠯᠵᠢᠯᠡᠨ ᠭᠡᠷ᠎ᠡ ᠲᠣᠭᠲᠠᠬᠤ᠂ ᠬᠤᠪᠢᠷᠠᠭᠤᠯᠬᠤ᠂ ᠳᠠᠩᠰᠠᠯᠠᠬᠤ᠂ ᠪᠠᠶᠢᠴᠠᠭᠠᠨ ᠠᠰᠠᠭᠤᠬᠤ ᠪᠦᠭᠦ ᠶᠠᠪᠤᠴᠠ ᠶᠢᠨ ᠡᠯᠧᠺᠲᠷᠣᠨᠵᠢᠯᠲᠠ ᠶᠢ ᠪᠡᠶᠡᠯᠡᠭᠦᠯᠵᠦ᠂ ᠬᠥᠮᠥᠨ ᠬᠡᠷᠡᠭᠯᠡᠬᠦ ᠨᠢᠭᠡᠴᠢ ᠪᠣᠯᠣᠨ ᠬᠥᠳᠡᠯᠮᠦᠷᠢᠴᠢᠨ ᠵᠠᠰᠠᠭ ᠤᠨ ᠣᠷᠳᠣᠨ ᠤ ᠨᠡᠭᠡᠭᠡᠭᠰᠡᠨ ᠰᠦᠢᠳᠬᠡᠯ ᠬᠤᠷᠢᠶᠠᠬᠤ ᠦᠭᠡᠢ ᠡᠯᠧᠺᠲᠷᠣᠨ ᠭᠦᠳᠡᠯᠮᠦᠷᠢ ᠶᠢᠨ ᠭᠡᠷ᠎ᠡ ᠶᠢᠨ ᠲᠠᠪᠴᠠᠩ ᠢᠶᠠᠷ ᠳᠠᠮᠵᠢᠨ ᠭᠡᠷ᠎ᠡ ᠲᠣᠭᠲᠠᠬᠤ ᠶᠢ ᠪᠡᠶᠡᠯᠡᠭᠦᠯᠬᠦ᠂ ᠠᠵᠢᠯᠲᠠᠨ ᠡᠯᠰᠡᠬᠦ ᠶᠢ ᠨᠡᠶᠢᠲᠡᠯᠡᠬᠦ᠂ ᠠᠵᠢᠯᠴᠢᠨ ᠬᠡᠷᠡᠭᠯᠡᠬᠦ ᠶᠢ ᠳᠠᠩᠰᠠᠯᠠᠬᠤ ᠵᠡᠷᠭᠡ 24 ᠵᠦᠢᠯ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠵᠦᠢᠯᠡᠰ ᠵᠢᠴᠢ ᠭᠡᠷ᠎ᠡ ᠶᠢ ᠪᠠᠶᠢᠴᠠᠭᠠᠨ ᠯᠠᠪᠯᠠᠬᠤ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠥᠬᠦᠪᠦᠷᠢ ᠣᠯᠭᠤᠬᠤ ᠵᠡᠷᠭᠡ 22 ᠵᠦᠢᠯ ᠤᠨ ᠬᠤᠪᠢ ᠬᠥᠮᠥᠨ ᠤ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠵᠦ︾᠂ ︽ᠠᠯᠠᠭᠠᠨ ᠳᠡᠭᠡᠷ᠎ᠡ ᠪᠠᠨ ᠪᠠᠶᠢᠴᠠᠭᠠᠬᠤ︾ ᠶᠢ ᠪᠡᠶᠡᠯᠡᠭᠦᠯᠵᠡᠢ᠃      ᠡᠭᠦᠨ ᠤ ᠬᠠᠮᠲᠤ᠂ ᠲᠤᠬᠠᠶᠢᠯᠠᠭᠰᠠᠨ ᠠᠵᠢᠯ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠤᠯᠪᠤᠭᠠᠯᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠡᠯᠧᠺᠲᠷᠣᠨ ᠭᠦᠳᠡᠯᠮᠦᠷᠢ ᠶᠢᠨ ᠭᠡᠷ᠎ᠡ ᠲᠣᠭᠲᠠᠬᠤ᠂ ᠬᠦᠴᠦᠨ ᠦᠭᠡᠢ ᠪᠤᠯᠭᠠᠬᠤ ᠬᠢᠭᠡᠳ ᠠᠵᠢᠯ ᠣᠯᠣᠭᠰᠠᠨ ᠠᠵᠢᠯ ᠠᠯᠳᠠᠭᠰᠠᠨ ᠢ ᠳᠡᠩᠰᠡᠯᠡᠨ ᠲᠡᠮᠳᠡᠭᠯᠡᠬᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠰᠠᠨ ᠢ ᠳᠡᠩᠰᠡᠯᠡᠨ ᠲᠡᠮᠳᠡᠭᠯᠡᠬᠦ᠂ ᠠᠵᠢᠯ ᠠᠴᠠ ᠪᠣᠯᠤᠭᠰᠠᠨ ᠭᠡᠮᠲᠦᠯ ᠤᠨ ᠭᠡᠷᠡᠴᠢ ᠪᠠᠷᠢᠮᠲᠠ ᠶᠢ ᠴᠤᠭᠯᠠᠭᠤᠯᠬᠤ ᠵᠡᠷᠭᠡ 18 ᠵᠦᠢᠯ ᠤᠨ ᠥᠨᠳᠥᠷ ᠳᠠᠪᠲᠠᠮᠵᠢᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠵᠢᠴᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠬᠤ ᠵᠡᠷᠭᠡ ᠲᠤᠬᠠᠶᠢᠯᠠᠭᠰᠠᠨ ᠠᠵᠢᠯ ᠯᠤᠭ᠎ᠠ ᠬᠠᠷᠢᠯᠴᠠᠨ ᠬᠤᠯᠪᠣᠵᠤ᠂ ᠡᠯ᠎ᠡ ᠬᠦᠷᠢᠶᠡᠨ ᠤ ᠲᠤᠬᠠᠶᠢᠯᠠᠭᠰᠠᠨ ᠠᠵᠢᠯ ᠤᠨ ᠠᠬᠤᠢ ᠪᠠᠶᠢᠳᠠᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠂ ᠠᠵᠤ ᠠᠬᠤᠶᠢᠯᠠᠯ ᠪᠠ ᠬᠥᠳᠡᠯᠮᠦᠷᠢᠴᠢᠳ ᠤᠨ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠭᠦᠷᠳᠡᠭᠦ ᠳᠤ ᠲᠥᠭᠦᠮ ᠦᠵᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号