ᠲᠠᠷᠢᠮᠠᠯ ᠤᠨ ᠲᠠᠯᠠᠪᠠᠢ + ᠮᠦ ᠨᠢᠭᠡᠴᠢ ᠶᠢᠨ ᠤᠨᠠᠯᠳᠠ + ︽ᠲᠠᠪᠤᠨ ᠰᠠᠶᠢᠨ︾ ᠠᠷᠭ᠎ᠠ ᠬᠡᠮᠵᠢᠶ᠎ᠡ - ᠥᠪᠥᠷ ᠮᠣᠩᠭᠤᠯ ᠤᠨ ᠥᠨᠳᠥᠷ ᠤᠨᠠᠯᠳᠠ ᠶᠢ ᠪᠠᠲᠤᠯᠠᠭᠰᠠᠨ ᠭᠤᠷᠪᠠᠨ ᠠᠨᠢᠰᠤ
ᠨᠡᠶᠢᠲᠡᠯᠡᠭᠰᠡᠨ ᠴᠠᠭ᠄
2024/11/14
     ᠠᠯᠲᠠᠨ ᠨᠠᠮᠤᠷ ᠤᠨ ᠠᠷᠪᠠᠨ ᠰᠠᠷ᠎ᠠ ᠳᠤ ᠪᠦᠭᠦ ᠣᠷᠣᠨ ᠤ ᠡᠯ᠎ᠡ ᠭᠠᠵᠠᠷ ᠲᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃ ᠡᠨᠡ ᠵᠢᠯ ᠮᠠᠨ ᠤ ᠣᠷᠣᠨ ᠲᠠᠷᠢᠮᠠᠯ ᠤᠨ ᠲᠠᠯᠠᠪᠠᠢ ᠶᠢ ᠲᠣᠭᠲᠠᠪᠤᠷᠢᠵᠢᠭᠤᠯᠬᠤ᠂ ᠮᠦ ᠨᠢᠭᠡᠴᠢ ᠶᠢᠨ ᠤᠨᠠᠯᠳᠠ ᠶᠢ ᠲᠠᠭᠡᠭᠰᠢᠯᠡᠭᠦᠯᠭᠦ᠂︽ᠲᠠᠪᠤᠨ ᠰᠠᠶᠢᠨ ᠠᠷ᠎ᠠ ᠬᠡᠮᠵᠢᠶ᠎ᠡ︾ ᠶᠢ ᠴᠢᠩᠭᠠᠳᠬᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭᠠᠨ ᠤ ᠲᠠᠷᠢᠮᠠᠯ ᠤᠨ ᠥᠨᠳᠥᠷ ᠤᠨᠠᠯᠳᠠ ᠶᠢ ᠪᠠᠲᠤᠯᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠲᠤᠯᠭᠠᠭᠤᠷᠢᠯᠠᠵᠠᠢ᠃      ᠲᠦᠷᠦᠭᠦᠬᠡᠨ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ  ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠣᠯᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠨᠠᠷ ᠢᠶᠠᠷ ᠪᠦᠷᠢᠯᠳᠦᠭᠰᠡᠨ ᠡᠷᠳᠡᠨᠢ ᠰᠢᠰᠢ ᠶᠢᠨ ᠤᠨᠠᠯᠲᠠ ᠶᠢ ᠬᠡᠮᠵᠢᠬᠦ ᠳᠤᠭᠤᠶᠢᠯᠠᠩ ᠨᠢ ᠲᠦᠩᠯᠢᠶᠣᠣ ᠬᠤᠲᠠ ᠶᠢᠨ ᠺᠠᠶᠢᠯᠤ ᠰᠢᠶᠠᠨ ᠳᠤ ᠤᠨᠠᠯᠲᠠ ᠶᠢ ᠬᠡᠮᠵᠢᠬᠦ ᠠᠵᠢᠯ ᠥᠷᠨᠢᠭᠦᠯᠪᠡ᠃ ᠲᠤᠬᠠᠢ ᠶᠢᠨ ᠲᠠᠯᠠᠪᠠᠢ ᠶᠢᠨ ᠨᠠᠷᠢᠯᠢᠭ ᠬᠡᠮᠵᠢᠯᠲᠡ ᠳᠤ ᠺᠠᠶᠢᠯᠤ ᠰᠢᠶᠠᠨ ᠤ ᠺᠠᠶᠢᠯᠤ ᠪᠠᠯᠭᠠᠰᠤ ᠶᠢᠨ ᠰᠢᠶᠣᠣ ᠴᠧᠩ ᠽᠢ ᠳᠤᠰᠬᠤᠨ ᠤ ᠮᠢᠩᠭᠠᠨ ᠮᠦ ᠶᠢᠨ ᠵᠢᠱᠢᠶ᠎ᠡ ᠦᠵᠡᠭᠦᠯᠭᠦ ᠲᠣᠭᠤᠷᠢᠭ ᠤᠨ ᠮᠦ ᠳᠤᠮᠳᠠᠴᠢ ᠶᠢᠨ ᠤᠨᠠᠯᠳᠠ ᠨᠢ 1118.66 ᠺᠢᠯᠦᠭᠷᠡᠮ ᠳᠤ ᠬᠦᠷᠴᠡᠢ᠃ ︽ᠮᠠᠨ ᠤ ᠲᠥᠰᠥᠪᠯᠡᠭᠰᠡᠨ ᠢᠶᠠᠷ ᠪᠣᠯ ᠮᠦ ᠳᠤᠮᠳᠠᠴᠢ ᠶᠢᠨ ᠤᠨᠠᠯᠳᠠ ᠨᠢ 1000 -1200 ᠺᠢᠯᠦᠭᠷᠡᠮ ᠳᠤ ᠬᠦᠷᠬᠦ ᠪᠣᠯᠣᠨ᠎ᠠ᠂ ᠣᠳᠣᠬᠠᠨ ᠤ ᠪᠠᠶᠢᠳᠠᠯ ᠠᠴᠠ ᠦᠵᠡᠪᠡᠯ ᠮᠠᠨ ᠤ ᠵᠢᠱᠢᠭᠰᠡᠨ ᠬᠠᠷᠠᠯᠲᠠ ᠳᠤ ᠬᠦᠷᠴᠡᠢ︾ ᠭᠡᠵᠦ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠯᠢ ᠱᠣᠣ ᠺᠦᠨ ᠬᠡᠯᠡᠨ᠎ᠡ᠃      ︽ᠳᠡᠯᠡᠬᠡᠢ ᠶᠢᠨ ᠡᠷᠳᠡᠨᠢ ᠰᠢᠰᠢ ᠶᠢᠨ ᠰᠢᠵᠢᠷ ᠠᠯᠲᠠᠨ ᠪᠦᠰᠡ︾ ᠶᠢᠨ ᠭᠤᠣᠯ ᠭᠠᠷᠤᠯᠲᠠ ᠶᠢᠨ ᠣᠷᠣᠨ ᠳᠤ ᠪᠠᠶᠢᠷᠢᠯᠠᠭ᠎ᠠ ᠺᠠᠶᠢᠯᠤ ᠰᠢᠶᠠᠨ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠨᠢ ᠰᠢᠰᠢ ᠶᠢᠨ ᠪᠣᠬᠢᠷᠳᠤᠯ ᠦᠭᠡᠢ ᠥᠨᠳᠥᠷ ᠤᠨᠠᠯᠲᠠ ᠥᠨᠳᠥᠷ ᠦᠷ᠎ᠡ ᠠᠰᠢᠭ ᠢ ᠡᠭᠦᠳᠬᠦ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠶᠠᠨ ᠢ ᠳᠠᠭᠠᠭᠠᠴᠢᠯᠠᠬᠤ︾ ᠠᠵᠢᠯ ᠳᠤ ᠲᠦᠰᠢᠭᠯᠡᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ᠂ ᠰᠢᠶᠠᠨ᠂ ᠪᠠᠯᠭᠠᠰᠤ᠂ ᠲᠣᠰᠬᠤᠨ ᠵᠢᠷᠭᠤᠭᠠᠨ ᠱᠠᠲᠤ ᠪᠠᠷ ᠢᠶᠠᠨ ᠬᠤᠯᠪᠤᠭᠠᠯᠠᠨ ᠡᠭᠦᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠰᠢᠰᠲ᠋ᠧᠮ  ᠢ ᠪᠤᠢ ᠪᠣᠯᠭᠠᠪᠠ᠃ ᠤᠳᠤ ᠺᠠᠶᠢᠯᠤ ᠰᠢᠶᠠᠨ ᠳᠤ ᠡᠷᠳᠡᠨᠢ ᠰᠢᠰᠢ ᠶᠢ ᠨᠢᠭᠲᠠ ᠳᠠᠷᠢᠬᠤ ᠥᠨᠳᠥᠷ ᠤᠨᠠᠯᠲᠠ ᠶᠢᠨ ᠵᠢᠱᠢᠶ᠎ᠡ ᠦᠵᠡᠭᠦᠯᠭᠦ ᠣᠷᠣᠨ ᠢ 199 ᠬᠡᠰᠡᠭ ᠪᠠᠶᠢᠭᠤᠯᠵᠤ᠂ ᠳᠡᠯᠭᠡᠷᠡᠭᠦᠯᠦᠭᠰᠡᠨ ᠲᠠᠯᠠᠪᠠᠢ ᠨᠢ 100 ᠲᠦᠮᠡᠨ ᠮᠦ  ᠶᠢ ᠳᠠᠪᠠᠨ᠂ ᠵᠢᠱᠢᠶ᠎ᠡ ᠦᠵᠡᠭᠦᠯᠭᠦ ᠣᠷᠣᠨ ᠤ ᠬᠠᠷᠠᠯᠲᠠᠲᠤ ᠮᠦ ᠳᠤᠮᠳᠠᠴᠢ ᠶᠢᠨ ᠤᠨᠠᠯᠲᠠ ᠨᠢ 1000 ᠺᠢᠯᠦᠭᠷᠡᠮ ᠢ ᠳᠠᠪᠠᠵᠤ᠂ ᠮᠦ ᠨᠢᠭᠡᠴᠢ ᠶᠢᠨ ᠤᠨᠠᠯᠲᠠ ᠶᠢᠨ ᠲᠦᠪᠰᠢᠨ 10% ᠠᠴᠠ ᠳᠡᠭᠡᠭᠰᠢ ᠳᠡᠭᠡᠭᠰᠢᠯᠡᠵᠦ᠂ ᠮᠦ ᠳᠤᠮᠳᠠᠴᠢ ᠶᠢᠨ ᠦᠷ᠎ᠡ ᠠᠰᠢᠭ ᠨᠢ 200 ᠲᠥᠭᠦᠷᠢᠭ ᠠᠴᠠ ᠳᠡᠭᠡᠭᠰᠢ ᠨᠡᠮᠡᠭᠳᠡᠭᠰᠡᠨ ᠠᠵᠢ᠃      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠡᠷᠳᠡᠨᠢ ᠰᠢᠰᠢ ᠶᠢ ᠨᠢᠭᠲᠠ ᠲᠠᠷᠢᠵᠤ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠳᠡᠯᠭᠡᠷᠡᠭᠦᠯᠬᠦ ᠲᠣᠭᠤᠷᠢᠨ ᠳᠤ ︽ᠳᠣᠬᠢᠭᠤᠷ ᠳᠣᠯᠣᠭᠠᠨ ᠣᠳᠣ︾ ᠨᠡᠷᠡᠮᠵᠢᠳᠤ ᠳᠠᠭᠠᠭᠤᠯᠢ ᠣᠳᠣᠨ ᠢᠶᠠᠷ ᠠᠶᠠᠯᠠᠯ ᠵᠠᠯᠠᠬᠤ ᠶᠢ ᠬᠡᠷᠡᠭᠯᠡᠨ ᠣᠨᠣᠴᠠᠲᠠᠢ ᠪᠠᠷ ᠦᠷ᠎ᠡ ᠰᠠᠴᠤᠬᠤ᠂ ᠨᠢᠭᠲᠠ ᠳᠠᠷᠢᠬᠤ ᠳᠤ ᠳᠠᠭᠠᠭᠠᠮᠠᠭᠠᠢ ᠪᠥᠭᠡᠳ ᠥᠨᠳᠥᠷ ᠤᠨᠠᠯᠳᠠ ᠲᠠᠢ ᠵᠢᠴᠢ ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠢ ᠡᠭᠦᠯᠳᠡᠷ ᠢ ᠰᠣᠩᠭᠤᠬᠤ ᠪᠠ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ  ᠲᠠᠢ ᠳᠡᠯᠭᠡᠷᠡᠭᠦᠯᠵᠡᠢ᠃ ᠡᠨᠡ ᠵᠢᠯ ᠪᠦᠭᠦ ᠣᠷᠣᠨ ᠳᠤ ᠨᠡᠶᠢᠳᠡ 500 ᠭᠠᠷᠤᠢ ᠲᠦᠮᠡᠨ ᠮᠦ ᠡᠷᠳᠡᠨᠢ ᠰᠢᠰᠢ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠪᠠ᠃      ︽ᠮᠠᠨ ᠤ ᠣᠷᠣᠨ ᠤ ᠮᠠᠰᠢᠨ ᠢᠶᠠᠷ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 14 ᠬᠤᠪᠢ ᠳᠠᠪᠠᠵᠤ᠂ ᠠᠮᠤ ᠪᠤᠳᠠᠭᠠᠨ  ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠠᠮᠤ ᠪᠤᠳᠠᠭ᠎ᠠ ᠬᠤᠷᠢᠶᠠᠵᠤ ᠬᠤᠷᠣᠭᠳᠠᠯ ᠢ ᠪᠠᠭᠠᠰᠬᠠᠬᠤ᠂ ᠣᠶᠤᠨᠴᠢ ᠪᠠᠷ ᠨᠠᠷᠢᠯᠢᠭ ᠲᠠᠷᠢᠬᠤ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠳᠠᠬᠢ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠬᠦᠴᠦᠨ ᠢ ᠭᠦᠢᠴᠡᠳ ᠪᠠᠳᠠᠷᠠᠭᠤᠯᠵᠤ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ  ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠸᠠᠩ ᠽᠦᠸᠧ ᠬᠡᠯᠡᠨ᠎ᠡ᠃      ᠡᠨᠡ ᠵᠢᠯ ᠮᠠᠨ ᠤ ᠣᠷᠣᠨ ᠰᠠᠶᠢᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠰᠠᠶᠢᠨ ᠡᠭᠦᠯᠳᠡᠷ ᠢ ᠪᠣᠶᠢᠵᠢᠭᠤᠯᠬᠤ᠂ ᠰᠠᠶᠢᠨ ᠮᠡᠷᠭᠡᠵᠢᠯ ᠢ ᠳᠡᠯᠭᠡᠷᠡᠭᠦᠯᠬᠦ᠂ ᠰᠠᠶᠢᠨ ᠮᠠᠰᠢᠨ ᠲᠥᠬᠦᠭᠡᠷᠦᠮᠵᠢ ᠶᠢ ᠲᠣᠬᠢᠷᠠᠭᠤᠯᠬᠤ᠂ ᠰᠠᠶᠢᠨ ᠳᠦᠷᠢᠮ ᠢ ᠬᠡᠷᠡᠭᠵᠢᠭᠦᠯᠬᠦ ᠵᠡᠷᠭᠡ ︽ᠲᠠᠪᠤᠨ ᠰᠠᠶᠢᠨ︾ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ᠤᠯᠤᠰ  ᠤᠨ 405 ᠲᠦᠮᠡᠨ ᠮᠦ ᠡᠷᠳᠡᠨᠢ ᠰᠢᠰᠢ ᠪᠠ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠢᠨᠵᠧᠨᠧᠷᠢᠩ ᠤᠨ ᠲᠥᠷᠥᠯ ᠵᠦᠢᠯ ᠢ ᠡᠭᠦᠷᠭᠡᠯᠡᠵᠦ᠂ ᠡᠭᠦᠷᠭᠡ ᠶᠢᠨ ᠬᠡᠮᠵᠢᠶ᠎ᠡ ᠪᠠ ᠪᠡᠯᠡ ᠮᠥᠩᠭᠦ ᠶᠢᠨ ᠬᠡᠮᠵᠢᠶ᠎ᠡ ᠪᠠᠷ ᠪᠦᠷ ᠪᠦᠭᠦ ᠤᠯᠤᠰ ᠲᠤ ᠲᠦᠷᠦᠭᠦᠯᠡᠵᠡᠢ᠃ ᠣᠳᠣᠬᠠᠨ ᠳᠤ ᠮᠠᠨ ᠤ ᠣᠷᠣᠨ ᠠᠮᠤ ᠪᠤᠳᠠᠭ᠎ᠠ ᠪᠠ ᠲᠣᠰᠣᠯᠢᠭ ᠲᠠᠷᠢᠮᠠᠯ ᠵᠡᠷᠭᠡ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ 1040 ᠲᠦᠮᠡᠨ ᠮᠦ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠮᠦ ᠨᠢᠭᠡᠴᠢ  ᠶᠢᠨ ᠤᠨᠠᠯᠲᠠ ᠶᠢ ᠳᠡᠭᠡᠭᠰᠢᠯᠡᠭᠦᠯᠭᠦ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ 40 ᠪᠠᠶᠢᠭᠤᠯᠵᠤ᠂ ᠪᠦᠭᠦ ᠵᠢᠯ  ᠳᠤ 850 ᠲᠦᠮᠡᠨ ᠮᠦ ᠶᠢᠨ ᠳᠤᠨ ᠤ ᠤᠨᠠᠯᠲᠠᠲᠤ ᠠᠮᠤ ᠪᠤᠳᠠᠭᠠᠨ ᠤ ᠲᠠᠷᠢᠶᠠᠨ ᠭᠠᠵᠠᠷ ᠢ ᠡᠭᠦᠳᠦᠨ ᠪᠠᠶᠢᠭᠤᠯᠬᠤ  ᠪᠠᠷ ᠴᠢᠷᠮᠠᠶᠢᠵᠤ ᠪᠠᠶᠢᠨ᠎ᠠ᠃      ᠮᠠᠨ ᠤ ᠣᠷᠣᠨ ᠲᠠᠷᠢᠶᠠᠯᠠᠩ ᠤᠨ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠭᠦ ᠲᠠᠯ᠎ᠠ ᠪᠠᠷ ᠠᠬᠢᠭᠤᠯᠵᠤ᠂ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠳᠤ ᠨᠡᠩ ᠣᠯᠠᠨ ︽ᠪᠣᠭᠤᠮᠲᠠ ᠶᠢᠨ ᠭᠠᠳᠠᠨᠠᠬᠢ ᠠᠮᠤ ᠪᠤᠳᠠᠭ᠎ᠠ︾ ᠠᠶᠠᠭᠠᠯᠠᠬᠤ ᠶᠢ ᠪᠦᠭᠦ ᠲᠠᠯ᠎ᠠ ᠪᠠᠷ ᠠᠬᠢᠭᠤᠯᠵᠤ ᠪᠤᠢ᠃ ︽ᠮᠠᠨ ᠤ ᠣᠷᠣᠨ 11 ᠲᠥᠷᠥᠯ ᠤᠨ ᠲᠠᠷᠢᠮᠠᠯ ᠤᠨ 27 ᠵᠦᠢᠯ ᠤᠨ ᠮᠡᠷᠭᠡᠵᠢᠯ ᠤᠨ ᠵᠠᠭᠪᠤᠷ ᠢ ᠳᠡᠯᠭᠡᠷᠡᠭᠦᠯᠵᠦ᠂ ᠭᠤᠣᠯ ᠪᠤᠯᠬᠤ ᠲᠠᠷᠢᠮᠠᠯ ᠤᠨ ᠭᠠᠵᠠᠷ ᠤᠨ ᠬᠥᠷᠥᠰᠥ  ᠰᠢᠷᠣᠢ ᠶᠢ ᠰᠢᠯᠭᠠᠨ ᠬᠡᠮᠵᠢᠵᠦ ᠲᠤᠰᠬᠠᠢ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠤᠨ ᠬᠠᠮᠤᠷᠤᠭᠰᠠᠨ ᠨᠣᠷᠮ᠎ᠠ ᠶᠢ 90% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠥᠪᠥᠷ ᠮᠣᠩᠭᠤᠯ ᠢ ᠤᠮᠠᠷᠠᠲᠤ ᠶᠢᠨ ᠭᠠᠭᠴᠠ ᠤᠯᠠᠷᠢᠯ ᠤᠨ ᠲᠤᠨ ᠤ ᠤᠨᠠᠯᠲᠠᠲᠤ ᠠᠮᠤ ᠪᠤᠳᠠᠭᠠᠨ ᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠭᠦ ᠣᠷᠣᠨ ᠪᠣᠯᠭᠠᠨ ᠪᠦᠲᠦᠭᠡᠨ ᠪᠠᠶᠢᠭᠤᠯᠵᠤ ᠪᠤᠢ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ  ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠾᠧᠦ ᠯᠢ ᠯᠢ ᠲᠠᠨᠢᠯᠴᠠᠭᠤᠯᠤᠯ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号