11 ᠰᠠᠷ᠎ᠠ ᠪᠣᠯ ᠪᠦᠬᠦ ᠤᠯᠤᠰ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠪᠣᠯᠣᠨ᠎ᠠ᠂ ᠰᠣᠶᠣᠯ | ᠴᠡᠩᠭᠡᠯ ᠤᠨ ᠭᠠᠵᠠᠷ ᠤᠨ ᠭᠠᠯ ᠤᠨ ᠠᠶᠤᠯ ᠢ ᠰᠡᠷᠭᠡᠶᠢᠯᠡᠬᠦ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 18 ᠤ ᠡᠳᠦᠷ᠂ ᠦᠴᠦᠸᠠᠨ ᠰᠢᠶᠠᠨ ᠤ | ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠭᠠᠯ ᠤᠨᠲᠠᠷᠠᠭᠠᠬᠤ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠶᠢᠨ ᠳᠤᠮᠳᠠ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠤᠭᠴᠢ ᠣᠯᠠᠨ ᠲᠦᠮᠡᠨ ᠳᠤ | ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠨᠠᠷᠢᠨ ᠲᠠᠨᠢᠯᠴᠠᠭᠤᠯᠵᠤ᠂ ᠡᠳᠦᠷ ᠲᠤᠲᠤᠮ ᠤᠨ | ᠠᠮᠢᠳᠤᠷᠠᠯ ᠳᠠᠬᠢ ᠪᠠᠭ᠎ᠠ ᠶᠠᠪᠤᠳᠠᠯ᠂ ᠵᠢᠱᠢᠶᠡᠯᠡᠪᠡᠯ ᠴᠠᠬᠢᠯᠭᠠᠨ ᠬᠡᠷᠡᠭᠰᠡᠯ ᠬᠡᠷᠡᠭᠯᠡᠬᠦ᠂ ᠨᠡᠭᠦᠷᠡᠰᠦᠨ ᠬᠡᠢ ᠶᠢᠨ ᠠᠮᠤᠷ | ᠲᠦᠪᠰᠢᠨ ᠵᠡᠷᠭᠡ ᠲᠠᠯ᠎ᠠ ᠪᠠᠷ ᠣᠯᠠᠨ ᠲᠦᠮᠡᠨ ᠳᠤ ᠥᠴᠥᠬᠡᠨ ᠪᠠᠭ᠎ᠠ ᠣᠰᠣᠯᠳᠠᠯ ᠨᠢᠭᠡᠪᠦᠷᠢ ᠳᠤ ᠴᠥᠮ ᠯᠤᠲᠤ ᠶᠡᠭᠡ | ᠭᠠᠢ ᠭᠠᠮᠰᠢᠭ ᠤᠴᠠᠷᠠᠭᠤᠯᠵᠤ ᠮᠡᠳᠡᠬᠦ ᠶᠢ ᠣᠶᠢᠯᠠᠭᠠᠭᠤᠯᠪᠠ᠃ ᠡᠭᠦᠨ ᠤ ᠬᠠᠮᠲᠤ ᠠᠮᠢᠳᠤᠯᠢᠭ ᠬᠡᠷᠡᠭ ᠤᠨ ᠵᠢᠱᠢᠶ᠎ᠡ ᠪᠠ | ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠶᠢᠨ ᠠᠷᠭ᠎ᠠ ᠮᠠᠶ᠋ᠢᠭ ᠲᠠᠢ ᠤᠶᠠᠯᠳᠤᠭᠤᠯᠤᠨ᠂ ᠣᠯᠠᠨ ᠲᠦᠮᠡᠨ ᠳᠤ | ᠭᠠᠯ ᠤᠨ ᠭᠠᠮᠰᠢᠭ ᠤᠨ ᠬᠦᠨᠳᠦ ᠨᠣᠴᠢᠲᠠᠢ ᠴᠢᠨᠠᠷ ᠢ ᠭᠦᠨᠵᠡᠭᠡᠢ ᠲᠠᠨᠢᠭᠤᠯᠪᠠ᠃ ᠳᠠᠷᠠᠭ᠎ᠠ ᠨᠢ ᠤᠬᠠᠭᠤᠯᠤᠭᠴᠢ ᠭᠠᠯ | ᠤᠨᠲᠠᠷᠠᠭᠠᠬᠤ ᠪᠠᠭᠠᠵᠢ ᠶᠢᠨ ᠦᠨᠳᠦᠰᠦᠨ ᠮᠡᠳᠡᠯᠭᠡ ᠪᠠ ᠬᠡᠷᠡᠭᠯᠡᠬᠦ ᠠᠷᠭ᠎ᠠ ᠶᠢ ᠣᠯᠠᠨ ᠳᠤ ᠲᠠᠨᠢᠯᠴᠠᠭᠤᠯᠪᠠ᠃ | ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ ᠬᠡᠷᠡᠭᠲᠡᠢ᠃ | ᠡᠨᠡ ᠤᠳᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ | ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ | ᠨᠠᠩ ᠣᠯᠠᠨ ᠲᠦᠮᠡᠨ ᠤ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ | ᠦᠴᠦᠸᠠᠨ ᠰᠢᠶᠠᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠭᠠᠯ | ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠪᠥᠬᠦ | ᠠᠷᠠᠳ ᠢᠶᠠᠷ ᠢᠶᠠᠨ ᠣᠷᠣᠯᠴᠠᠭᠰᠠᠨ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ ᠯᠢᠦ ᠰᠢᠶᠥᠥ ᠴᠢᠶᠠᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |